ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠠᠶᠢᠭᠡᠮᠯᠢᠭ ᠯᠢ ᠵᠢᠢ ᠡᠾᠧᠩ ᠱᠦᠵᠢ ᠶᠢᠨ ᠦᠪᠠᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠠᠶᠢᠭᠡᠮᠯᠢᠭ ᠤᠨ ᠲᠦᠷᠪᠡᠳᠦᠭᠡᠷ ᠤᠳᠠᠭᠠᠨ ᠤ  ᠭᠡᠰᠢᠭᠦᠤᠨ  ᠤᠨ ᠲᠦᠯᠦᠭᠡᠯᠡᠭᠴᠢᠳ ᠤᠨ ᠶᠡᠭᠡ ᠬᠤᠷᠠᠯ ᠲᠡᠭᠡᠷᠠᠬᠢ ᠶᠠᠷᠢᠶ᠎ᠠ ᠶᠢ ᠰᠤᠷᠤᠯᠴᠠᠬᠤ ᠲᠤᠰᠬᠠᠢ ᠰᠠᠳᠤᠪᠳᠤ ᠬᠤᠷᠠᠯ  ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/6/22
   6 ᠰᠠᠷ᠎ᠠ ᠶᠢᠨ 19 ᠤ ᠡᠳᠦᠷ᠂ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠠᠶᠢᠭᠡᠯᠢᠭ ᠯᠢ ᠵᠢᠢ ᠡᠾᠧᠩ ᠱᠦᠵᠢ ᠶᠢᠨ ᠦᠪᠠᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠠᠶᠢᠭᠡᠮᠯᠢᠭ   ᠤᠨ ᠲᠦᠷᠪᠡᠳᠦᠭᠡᠷ ᠤᠳᠠᠭᠠᠨ ᠤ ᠭᠡᠰᠢᠭᠦᠤᠨ ᠤᠨ ᠲᠦᠯᠦᠭᠡᠯᠡᠭᠴᠢᠳ ᠤᠨ ᠶᠡᠭᠡ ᠬᠤᠷᠠᠯ ᠲᠡᠭᠡᠷᠠᠬᠢ  ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠬᠤ ᠲᠤᠰᠬᠠᠢ ᠰᠠᠳᠤᠪᠳᠤ ᠬᠤᠷᠠᠯ ᠢ ᠬᠤᠷᠠᠯᠳᠤᠭᠤᠯᠵᠦ᠂ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠨᠠᠶᠢᠭᠡᠮᠯᠢᠭ ᠤᠨ ᠪᠠᠶᠢᠩᠭᠤ ᠶᠢᠨ ᠲᠠᠳ᠋ ᠲᠠᠷᠤᠭ᠎ᠠ ᠰᠦᠨ ᠰᠢᠶᠤᠤ ᠹᠧᠩ ᠠᠴᠠ ᠬᠤᠷᠠᠯ ᠡᠷᠬᠢᠯᠡᠵᠦ᠂ ᠪᠦᠬᠦ ᠺᠠᠳ᠋ᠷ ᠠᠵᠢᠯᠳᠠᠳ ᠬᠤᠷᠠᠯ ᠳᠤ ᠤᠷᠤᠯᠴᠠᠪᠠ᠃ ᠬᠤᠷᠠᠯ ᠲᠡᠭᠡᠷ᠎ᠠ ᠯᠢ ᠵᠢᠢ ᠡᠾᠧᠩ ᠱᠦᠵᠢ ᠶᠢᠨ ᠦᠪᠠᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠠᠶᠢᠭᠡᠮᠯᠢᠭ ᠤᠨ ᠲᠦᠷᠪᠡᠳᠦᠭᠡᠷ ᠤᠳᠠᠭᠠᠨ ᠤ ᠭᠡᠰᠢᠭᠦᠤᠨ ᠤᠨ ᠲᠦᠯᠦᠭᠡᠯᠡᠭᠴᠢᠳ ᠤᠨ ᠶᠡᠭᠡ ᠬᠤᠷᠠᠯ ᠲᠡᠬᠦᠰᠬᠦ ᠦᠶ᠎ᠠ  ᠶᠢᠨ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
   ᠬᠤᠷᠠᠯ ᠠᠴᠠ ᠪᠦᠬᠦ ᠺᠠᠳ᠋ᠷ ᠠᠵᠢᠯᠳᠠᠳ ᠢ ᠯᠢ ᠵᠢᠢ ᠡᠾᠧᠩ ᠱᠦᠵᠢ ᠶᠢᠨ ᠲᠤᠷᠠᠳᠤᠭᠰᠠᠨ ᠲᠦᠷᠪᠡᠨ ᠲᠠᠯ᠎ᠠ ᠶᠢᠨ ᠠᠵᠢᠯ ᠢ ︽ᠬᠦᠴᠦ ᠲᠠᠯᠪᠢᠨ ᠬᠢᠬᠦ︾ ᠪᠠᠷ ᠠᠵᠢᠯ ᠤᠨ ᠤᠳᠤᠷᠢᠳᠤᠮᠵᠢ ᠪᠤᠯᠭᠠᠵᠦ᠂ ᠪᠦᠬᠦ ᠵᠢᠯ ᠤᠨ ᠲᠤᠭᠳᠠᠭᠠᠭᠰᠠᠨ ᠠᠵᠢᠯ ᠤᠨ ᠡᠭᠦᠷᠭᠡ ᠪᠠᠨ ᠰᠠᠶᠢᠳᠦᠷ ᠪᠡᠶᠠᠯᠡᠭᠦᠯᠬᠦ ᠭᠡᠷᠡᠭᠳᠡᠢ᠃ ᠨᠢᠭᠡ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠢᠯᠡᠬᠦᠭᠡᠨ ᠬᠦᠴᠦ ᠲᠠᠯᠪᠢᠵᠦ᠂ ᠵᠤᠬᠢᠶᠠᠨ ᠪᠠᠶᠢᠭᠤᠯᠤᠯᠳᠠ ᠶᠢᠨ ᠲᠠᠪᠠᠭᠤᠯᠢᠭ᠂ ᠡᠭᠢ ᠪᠠᠶᠠᠯᠢᠭ ᠤᠨ ᠲᠠᠪᠠᠭᠤᠯᠢᠭ ᠪᠠᠨ ᠬᠦᠢᠴᠠᠳ ᠪᠠᠳᠠᠷᠠᠭᠤᠯᠵᠦ᠂ ᠡᠮᠴᠢᠯᠡᠭᠡᠨ ᠤ ᠠᠪᠤᠷᠠᠨ ᠲᠤᠰᠠᠯᠠᠯᠳᠠ᠂ ᠨᠠᠶᠢᠳᠠ  ᠶᠢᠨ ᠠᠰᠠᠷᠠᠮᠵᠢ ᠶᠢᠨ ᠨᠢᠬᠦᠯᠡᠰᠦᠩᠬᠦᠢ ᠶᠢᠨ ᠠᠪᠤᠷᠠᠨ ᠲᠤᠰᠠᠯᠠᠯᠳᠠ ᠬᠢᠬᠦ ᠵᠠᠷᠭᠡ ᠠᠵᠢᠯ ᠢ ᠰᠠᠶᠢᠳᠦᠷ ᠬᠢᠬᠦ ᠭᠡᠷᠡᠭᠳᠡᠢ︔ ᠬᠤᠶᠠᠷ ᠲᠤ ᠨᠠᠶᠢᠭᠡᠮ ᠤᠨ ᠡᠶ᠎ᠡ ᠵᠤᠬᠢᠴᠠᠯ ᠲᠤᠭᠳᠠᠭᠤᠨ ᠢ ᠠᠬᠢᠭᠤᠯᠬᠤ ᠲᠠᠯ᠎ᠠ ᠪᠠᠷ ᠢᠯᠡᠬᠦᠭᠡᠨ ᠬᠦᠴᠦ ᠲᠠᠯᠪᠢᠵᠦ᠂ ᠪᠠᠭᠤᠷᠠᠶᠢᠴᠤᠤᠯ ᠢ ᠬᠠᠷᠠᠭᠠᠯᠵᠠᠨ ᠬᠠᠯᠠᠮᠵᠢᠯᠠᠬᠤ᠂ ᠬᠦᠮᠦᠡᠯᠢᠭ ᠶᠤᠰᠤᠨ ᠤ ᠠᠪᠤᠷᠨᠨ ᠲᠤᠰᠠᠯᠠᠯᠳᠠ ᠬᠢᠬᠦ ᠪᠠᠷ ᠢᠷᠠᠭᠤ ᠠᠯᠳᠠᠷᠳᠤ ᠡᠭᠦᠷᠭᠡ ᠬᠠᠷᠢᠭᠤᠴᠠᠯᠭ᠎ᠠ ᠪᠠᠨ ᠪᠤᠯᠭᠠᠵᠦ᠂ ︽ᠭᠤᠷᠪᠠ ᠶᠢ ᠠᠪᠤᠷᠠᠨ ᠲᠤᠰᠠᠯᠠᠬᠤ︾᠂ ︽ᠭᠤᠷᠪᠠ ᠶᠢ ᠬᠠᠨᠳᠢᠪᠯᠠᠬᠤ︾ ᠠᠵᠢᠯ ᠢ ᠯᠠᠪᠳᠠᠭᠤᠨ ᠪᠠᠳᠤᠳᠠᠢ ᠰᠠᠶᠢᠳᠦᠷ ᠬᠢᠬᠦ ᠭᠡᠷᠡᠭᠳᠡᠢ︔ ᠭᠤᠷᠪᠠ ᠳᠤ ᠤᠯᠠᠨ ᠲᠠᠯ᠎ᠠ ᠶᠢᠨ ᠬᠢᠨ  ᠲᠠᠢ ᠰᠠᠨᠠᠯ ᠢᠶᠠᠨ ᠰᠤᠯᠢᠯᠴᠠᠨ ᠬᠠᠷᠢᠯᠴᠠᠬᠤ ᠲᠠᠯ᠎ᠠ ᠪᠠᠷ ᠢᠯᠡᠬᠦᠭᠡᠨ ᠬᠦᠴᠦ ᠲᠠᠯᠪᠢᠵᠦ᠂ ᠤᠯᠠᠭᠠᠨ ᠵᠠᠭᠠᠯᠮᠠᠶᠢᠳᠠᠨ ᠤ ᠠᠷᠠᠳ   ᠤᠨ ᠲᠤᠮᠳᠠᠬᠢ ᠭᠠᠳᠠᠭᠠᠳᠤ ᠬᠠᠷᠢᠯᠴᠠᠭᠠᠨ ᠤ ᠦᠢᠯᠡᠳᠦᠯ ᠢ ᠬᠦᠢᠴᠠᠳ ᠪᠠᠳᠠᠷᠠᠭᠤᠯᠵᠦ᠂ ᠤᠷᠤᠨ ᠤ ᠲᠤᠳᠤᠷ᠎ᠠ ᠭᠠᠳᠠᠨᠠᠬᠢ ᠤᠯᠠᠭᠠᠨ ᠵᠠᠭᠠᠯᠮᠠᠶᠢᠳᠠᠨ ᠤ ᠨᠠᠶᠢᠭᠡᠮᠯᠢᠭ ᠯᠦᠭᠡ ᠬᠠᠮᠵᠢᠯᠠᠬᠤ ᠪᠠ ᠰᠤᠯᠢᠯᠴᠠᠬᠤ ᠠᠵᠢᠯ ᠤᠨ ᠪᠤᠳᠠᠳᠤ ᠦᠷ᠎ᠠ ᠪᠦᠳᠤᠮᠵᠢ ᠤᠯᠬᠤ   ᠶᠢ ᠠᠬᠢᠭᠤᠯᠬᠤ ᠭᠡᠷᠡᠭᠳᠡᠢ︔ ᠲᠦᠷᠪᠡ ᠳᠤ ᠨᠠᠶᠢᠭᠡᠮ ᠤᠨ ᠪᠤᠯᠪᠠᠰᠤᠨ ᠤ ᠲᠠᠪᠰᠢᠯᠳᠠ ᠶᠢ ᠠᠬᠢᠭᠤᠯᠬᠤ ᠲᠡᠭᠡᠷ᠎ᠠ ᠢᠯᠡᠭᠦᠭᠡᠨ ᠬᠦᠴᠦ ᠲᠠᠯᠪᠢᠵᠦ᠂ ᠤᠯᠠᠭᠠᠨ ᠵᠠᠭᠠᠯᠮᠠᠶᠢᠳᠠᠨ ᠤ ︽ᠬᠦᠮᠦᠡᠯᠢᠭ ᠦᠵᠡᠯ᠂ ᠲᠦᠭᠡᠮᠡᠯ ᠬᠠᠶᠢᠷ᠎ᠠ᠂ ᠨᠡᠮᠡᠷᠢ ᠪᠠᠨ ᠬᠠᠨᠳᠢᠪᠯᠠᠬᠤ︾ ᠵᠤᠷᠢᠭ ᠰᠠᠨᠠᠭ᠎ᠠ ᠶᠢ ᠪᠠᠳᠠᠷᠠᠭᠤᠯᠬᠤ ᠬᠢᠭᠡᠳ ᠲᠤᠮᠳᠠᠳᠤ  ᠶᠢᠨ ᠦᠨᠳᠦᠰᠦᠳᠡᠨ ᠤ ᠰᠢᠯᠢᠳᠡᠭ ᠤᠯᠠᠮᠵᠢᠯᠠᠯᠳᠤ ᠰᠤᠶᠤᠯ ᠢ ᠵᠠᠯᠭᠠᠮᠵᠢᠯᠠᠨ ᠪᠠᠳᠠᠷᠠᠭᠤᠯᠬᠤ ᠯᠤᠭ᠎ᠠ ᠤᠶᠠᠯᠳᠤᠭᠤᠯᠵᠦ᠂ ᠤᠯᠠᠭᠠᠨ ᠵᠠᠭᠠᠯᠮᠠᠶᠢᠳᠠᠨ ᠤ ᠦᠯᠢᠭᠡᠷ ᠵᠢᠱᠢᠶ᠎ᠠ ᠶᠢ ᠤᠬᠠᠭᠤᠯᠤᠨ ᠶᠠᠷᠢᠵᠦ᠂ ᠲᠦᠭᠡᠮᠡᠯ ᠬᠠᠶᠢᠷ᠎ᠠ ᠶᠢᠨ ᠵᠤᠷᠢᠭ ᠰᠠᠨᠠᠭ᠎ᠠ  ᠶᠢ ᠤᠯᠠᠮᠵᠢᠯᠠᠨ ᠪᠠᠳᠠᠷᠠᠭᠤᠯᠵᠦ᠂ ᠶᠤᠰᠤ ᠮᠤᠷᠠᠯ ᠤᠨ ᠭᠡᠪ ᠰᠤᠷᠳᠠᠯ ᠢᠶᠠᠷ  ᠲᠠᠭᠠᠭᠤᠯᠤᠨ ᠲᠠᠶᠢᠴᠢᠯᠠᠭᠤᠯᠵᠦ᠂ ᠨᠠᠶᠢᠭᠡᠮ ᠲᠠᠶᠠᠭᠠᠷ ᠲᠤ ᠡᠪ ᠨᠠᠶᠢᠷᠰᠠᠭ᠂ ᠬᠠᠷᠢᠯᠴᠠᠨ ᠬᠠᠪᠰᠤᠷᠤᠯᠴᠠᠬᠤ᠂ ᠪᠤᠯᠪᠠᠰᠤᠨ᠂ ᠡᠶ᠎ᠡ ᠵᠤᠬᠢᠴᠠᠯ ᠲᠠᠢ ᠰᠠᠶᠢᠨ ᠰᠠᠶᠢᠬᠠᠨ ᠤᠷᠴᠢᠨ ᠠᠬᠤᠢ ᠶᠢ ᠪᠤᠢ ᠪᠤᠯᠭᠠᠬᠤ ᠭᠡᠷᠡᠭᠳᠡᠢ ᠭᠡᠵᠦ ᠱᠠᠭᠠᠷᠳᠠᠪᠠ᠃    ᠬᠤᠷᠠᠯ ᠠᠴᠠ ᠪᠦᠬᠦ ᠺᠠᠳ᠋ᠷ ᠠᠵᠢᠯᠳᠠᠳ ᠦᠵᠡᠯ ᠰᠠᠨᠠᠭ᠎ᠠ ᠪᠠ ᠠᠵᠢᠯᠯᠠᠭ᠎ᠠ ᠪᠠᠨ ᠯᠢ ᠵᠢᠢ ᠡᠾᠧᠩ ᠱᠦᠵᠢ ᠶᠢᠨ ᠴᠢᠬᠤᠯᠨ ᠶᠠᠷᠢᠶᠠᠨ ᠤ ᠵᠤᠷᠢᠭ ᠰᠠᠨᠠᠭ᠎ᠠ ᠲᠠᠢ ᠲᠡᠭᠡᠳᠦ ᠭᠡᠮᠵᠢᠶ᠎ᠠ ᠪᠠᠷ ᠨᠢᠭᠡᠳᠦᠯᠳᠠᠢ ᠪᠠᠶᠢᠯᠭᠠᠬᠤ ᠶᠢ ᠪᠠᠷᠢᠮᠳᠠᠯᠠᠵᠦ᠂ ᠵᠦᠪ ᠴᠢᠭᠯᠡᠯ ᠢ ᠴᠢᠩᠭ᠎ᠠ ᠡᠵᠡᠮᠳᠠᠨ᠂ ᠠᠷᠠᠳ ᠤᠯᠠᠨ ᠳᠤ ᠦᠢᠯᠡᠴᠢᠯᠡᠬᠦ ᠵᠤᠷᠢᠯᠳᠠ ᠪᠠᠨ ᠪᠠᠳᠤ ᠴᠡᠭᠡᠵᠢᠯᠡᠵᠦ᠂ ᠲᠤᠰ ᠪᠠᠶ᠎ᠠ ᠶᠢᠨ ᠪᠠᠶᠢᠭᠤᠯᠤᠯᠳᠠ ᠪᠠᠨ ᠲᠠᠰᠤᠷᠠᠯᠳᠠ ᠦᠭᠡᠢ ᠴᠢᠩᠭᠠᠳᠬᠠᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠠᠬᠢᠭᠤᠯᠬᠤ᠂ ᠨᠠᠶᠢᠭᠡᠮ ᠤᠨ ᠡᠶ᠎ᠡ ᠵᠤᠬᠢᠴᠠᠯ ᠢ ᠠᠬᠢᠭᠤᠯᠬᠤ᠂ ᠤᠯᠠᠨ ᠲᠠᠯ᠎ᠠ ᠪᠠᠷ ᠰᠤᠯᠢᠯᠴᠠᠭ᠎ᠠ ᠬᠠᠷᠢᠯᠴᠠᠭ᠎ᠠ ᠶᠢ ᠠᠬᠢᠭᠤᠯᠬᠤ ᠵᠢᠴᠢ ᠨᠠᠶᠢᠭᠡᠮ ᠤᠨ ᠪᠤᠯᠪᠠᠰᠤᠨ ᠤ ᠲᠠᠪᠰᠢᠯᠳᠠ ᠶᠢ ᠠᠬᠢᠭᠤᠯᠬᠤ ᠵᠠᠷᠭᠡ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠠᠵᠢᠯᠯᠠᠵᠦ᠂ ᠤᠨᠢᠨ ᠲᠡᠭᠡᠷ᠎ᠠ ᠨᠢ ᠬᠦᠴᠦ ᠪᠠᠨ ᠲᠦᠪᠯᠡᠷᠡᠭᠦᠯᠵᠦ᠂ ᠡᠭᠦᠨ ᠤ ᠤᠯᠠᠮ  ᠠᠴᠠ ᠤᠯᠠᠭᠠᠨ ᠵᠠᠭᠠᠯᠮᠠᠶᠢᠳᠠᠨ ᠤ ᠠᠵᠢᠯ ᠦᠢᠯᠡᠰ ᠤᠨ ᠴᠢᠨᠠᠷ ᠰᠠᠶᠢᠳᠠᠢ ᠬᠦᠭᠵᠢᠯᠳᠠ ᠶᠢ ᠯᠠᠪᠳᠠᠭᠤᠨ ᠪᠠᠳᠤᠳᠠᠢ ᠠᠬᠢᠭᠤᠯᠬᠤ ᠭᠡᠷᠡᠭᠳᠡᠢ ᠭᠡᠵᠦ ᠴᠢᠬᠤᠯᠠᠴᠢᠯᠠᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号