ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠠᠷᠢᠭᠤᠨ ᠴᠢᠭᠡᠴᠢ ᠶᠢᠨ ᠰᠠᠷᠠᠮᠵᠢ ᠶᠢᠨ ᠬᠦᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/6/22
   ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠦ᠂ ᠪᠦᠬᠦ ᠺᠠᠳ᠋ᠷ ᠠᠵᠢᠯᠳᠠᠳ ᠤᠨ ᠠᠷᠢᠭᠤᠨ ᠴᠢᠭᠡᠴᠢ ᠶᠢᠨ ᠤᠬᠠᠮᠰᠠᠷ ᠪᠠ ᠬᠤᠷᠢᠭ᠎ᠠ ᠴᠡᠭᠡᠷ ᠢ ᠰᠠᠬᠢᠬᠤ ᠤᠬᠠᠮᠰᠠᠷ ᠢ ᠨᠢ ᠨᠡᠮᠡᠭᠳᠡᠭᠦᠯᠬᠦ ᠶᠢᠨ ᠲᠦᠯᠦᠭᠡ᠂ 6 ᠰᠠᠷ᠎ᠠ ᠶᠢᠨ 16   ᠤ ᠡᠳᠦᠷ᠂ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠠᠷᠢᠭᠤᠨ ᠴᠢᠭᠡᠴᠢ ᠶᠢᠨ ᠰᠠᠷᠠᠮᠵᠢ ᠶᠢᠨ ᠬᠦᠮᠦᠵᠢᠯ ᠤᠨ ᠬᠤᠷᠠᠯ ᠬᠤᠷᠠᠯᠳᠤᠭᠤᠯᠪᠠ᠃
   ᠬᠤᠷᠠᠯ ᠲᠡᠭᠡᠷ᠎ᠠ᠂ ᠡᠳ᠋ ᠤᠨ ᠵᠠᠰᠠᠭ ᠤᠨ ᠲᠤᠪᠴᠢᠶ᠎ᠠ ᠳᠤ ᠲᠤᠮᠢᠯᠠᠨ ᠰᠠᠭᠤᠯᠭᠠᠭᠰᠠᠨ ᠰᠠᠬᠢᠯᠭ᠎ᠠ ᠪᠠᠳᠤ ᠪᠠᠶᠢᠴᠠᠭᠠᠬᠤ ᠲᠤᠭᠤᠶᠢᠯᠠᠩ ᠤᠨ ᠲᠠᠷᠤᠭ᠎ᠠ ᠠ ᠬᠤᠸ᠋ᠨ ᠠᠴᠠ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ  ᠶᠢᠨ ᠢᠯᠨ ᠪᠠᠷ ᠢᠯᠡᠴᠢᠯᠡᠨ ᠮᠡᠳᠡᠭᠦᠯᠦᠭᠰᠡᠨ ᠲᠦᠪ ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠵᠦᠷᠢᠴᠡᠭᠰᠡᠨ ᠨᠠᠢᠮᠠᠨ ᠤᠳᠠᠭ᠎ᠠ ᠶᠢᠨ ᠠᠰᠠᠭᠤᠳᠠᠯ ᠤᠨ ᠮᠡᠳᠡᠭᠡᠯᠡᠯ ᠪᠠ ᠬᠤᠰᠢᠭᠤᠨ ᠤ ᠵᠠᠰᠠᠭ ᠤᠨ ᠤᠷᠳᠤᠨ ᠤ ᠠᠷᠢᠭᠤᠨ ᠴᠢᠭᠡᠴᠢ  ᠶᠢᠨ ᠰᠠᠷᠠᠮᠵᠢ ᠶᠢᠨ ᠬᠦᠮᠦᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠳᠠᠭᠠᠨ ᠪᠦᠬᠦ ᠨᠠᠮ  ᠤᠨ ᠭᠡᠰᠢᠭᠦᠨ ᠺᠠᠳ᠋ᠷᠴᠤᠤᠨ ᠤᠨᠴᠠᠭᠠᠶᠢᠯᠠᠨ ᠤᠳᠤᠷᠢᠳᠬᠤ ᠺᠠᠳ᠋ᠷᠴᠤᠤᠨ ᠤᠯᠤᠰ ᠲᠦᠷᠦ ᠶᠢᠨ ᠴᠢᠭᠯᠡᠯ ᠢᠶᠠᠨ ᠪᠠᠳᠤ ᠲᠤᠭᠳᠠᠭᠠᠵᠦ᠂ ᠤᠯᠤᠰ ᠲᠦᠷᠦ ᠶᠢᠨ ᠵᠤᠭᠰᠤᠴᠠ ᠪᠠᠨ ᠪᠠᠳᠤᠳᠬᠠᠨ᠂ ᠡᠷᠭᠡ ᠤᠨ ᠬᠢᠵᠠᠭᠠᠷᠯᠠᠯ ᠤᠨ ᠬᠢᠨᠠᠯᠳᠠ ᠲᠠᠯᠪᠢᠯᠳᠠ ᠪᠠᠨ ᠴᠢᠩᠭᠠᠳᠬᠠᠵᠦ᠂ ᠭᠠᠷ ᠲᠠᠬᠢ ᠡᠷᠭᠡ ᠪᠠᠨ ᠵᠦᠪ ᠪᠠᠷ ᠭᠡᠷᠡᠭᠯᠡᠵᠦ᠂ ᠵᠤᠷᠢᠯᠳᠠ ᠪᠠᠨ ᠴᠠᠭ ᠢᠮᠠᠭᠳᠠ ᠪᠠᠳᠤ ᠴᠡᠭᠡᠵᠢᠯᠡᠬᠦ ᠭᠡᠷᠡᠭᠳᠡᠢ ᠭᠡᠵᠡᠢ᠃ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠤᠪᠴᠢᠶ᠎ᠠ ᠶᠢᠨ ᠲᠠᠷᠤᠭ᠎ᠠ ᠶᠢᠨ ᠸᠧᠨ ᠴᠧᠩ   ᠠᠴᠠ ᠪᠦᠬᠦ ᠺᠠᠳ᠋ᠷ ᠠᠵᠢᠯᠳᠠᠳ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠲᠤᠰ ᠪᠠᠶ᠎ᠠ ᠶᠢᠨ ᠪᠠᠶᠢᠭᠤᠯᠤᠯᠳᠠ ᠪᠠᠨ ᠲᠠᠰᠤᠷᠠᠯᠳᠠ ᠦᠭᠡᠢ ᠴᠢᠩᠭᠠᠳᠬᠠᠵᠦ᠂ ᠤᠯᠤᠰ ᠲᠦᠷᠦ ᠶᠢᠨ ᠴᠢᠳᠠᠪᠦᠷᠢ ᠪᠠᠨ ᠲᠡᠭᠡᠭᠰᠢᠯᠡᠭᠦᠯᠬᠦ ᠭᠡᠷᠡᠭᠳᠡᠢ︔ ᠰᠠᠨᠠᠭᠠᠰᠢᠷᠠᠨ ᠵᠤᠪᠨᠢᠬᠤ ᠦᠵᠡᠯ ᠤᠬᠠᠮᠰᠠᠷ ᠪᠠᠨ ᠲᠠᠰᠤᠷᠠᠯᠳᠠ ᠦᠭᠡᠢ ᠴᠢᠩᠭᠠᠷᠠᠭᠤᠯᠵᠦ᠂ ᠲᠦᠭᠰᠢᠭᠦᠷᠢ ᠦᠷᠢᠰᠦᠯᠳᠦᠭᠡᠨ ᠢ ᠰᠠᠷᠭᠡᠶᠢᠯᠡᠨ ᠡᠵᠡᠮᠳᠠᠵᠦ᠂ ᠢᠯᠵᠢᠷᠠᠯ ᠢ ᠡᠰᠡᠷᠬᠦᠴᠡᠵᠦ ᠴᠢᠨᠠᠷ ᠬᠤᠪᠢᠷᠠᠬᠤ ᠶᠢ ᠰᠠᠷᠭᠡᠶᠢᠯᠡᠬᠦ ︽ᠬᠠᠮᠠᠭᠠᠯᠠᠯᠳᠠ ᠶᠢᠨ ᠲᠤᠤᠷ  ︾   ᠢ ᠪᠠᠳᠤ ᠪᠠᠬᠢᠯᠡᠵᠦ᠂ ᠭᠡᠷᠡᠭ ᠢ ᠭᠠᠷᠬᠤ ᠠᠴᠠ ᠨᠢ ᠡᠮᠦᠨ᠎ᠠ ᠰᠠᠷᠭᠡᠶᠢᠯᠡᠬᠦ ᠶᠢ ᠪᠠᠶᠠᠯᠡᠭᠦᠯᠵᠦ᠂ ᠰᠠᠷᠠᠮᠵᠢ  ᠶᠢᠨ ᠬᠤᠩᠬᠤ ᠪᠠᠨ ᠢᠮᠠᠭᠳᠠ ᠴᠤᠬᠢᠬᠤ ᠭᠡᠷᠡᠭᠳᠡᠢ ᠭᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号