ᠬᠤᠰᠢᠭᠤᠨ ᠤ ᠬᠦᠭᠵᠢᠭᠦᠯᠦᠯᠳᠠ ᠦᠭᠡᠷᠡᠴᠢᠯᠡᠯᠳᠠ ᠶᠢᠨ ᠲᠤᠪᠴᠢᠶ᠎ᠠ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨ᠎ᠠ ᠶᠢᠨ ᠬᠠᠤᠯᠢ︾ ᠶᠢ ᠲᠦᠪᠯᠡᠷᠡᠭᠦᠯᠦᠨ ᠰᠤᠷᠤᠯᠴᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2018/6/22
   ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨ᠎ᠠ ᠬᠠᠩᠰᠢ ᠶᠢᠨ ᠬᠠᠤᠯᠢ︾ ᠭᠡᠷᠡᠭᠵᠢᠭᠦᠯᠦᠭᠳᠡᠭᠰᠡᠨ 20 ᠵᠢᠯ ᠢ ᠲᠤᠷᠠᠰᠬᠠᠵᠦ᠂ ᠦᠨ᠎ᠡ ᠬᠠᠩᠰᠢ ᠶᠢ ᠬᠠᠮᠢᠶᠠᠷᠬᠤ ᠠᠵᠢᠯᠳᠠᠳ ᠤᠨ ᠦᠨ᠎ᠠ ᠬᠠᠩᠰᠢ  ᠶᠢ ᠬᠠᠤᠯᠢ ᠶᠤᠰᠤᠭᠠᠷ ᠲᠤᠭᠳᠠᠭᠠᠬᠤ ᠤᠬᠠᠮᠰᠠᠷ ᠪᠠ ᠵᠠᠰᠠᠭ ᠵᠠᠬᠢᠷᠭᠠᠨ ᠤ ᠬᠠᠤᠯᠢ ᠭᠡᠷᠡᠭᠵᠢᠭᠦᠯᠬᠦ ᠲᠦᠪᠰᠢᠨ ᠢ ᠲᠡᠭᠡᠭᠰᠢᠯᠡᠭᠦᠯᠬᠦ ᠶᠢᠨ ᠲᠦᠯᠦᠭᠡ᠂ 6 ᠰᠠᠷ᠎ᠠ ᠶᠢᠨ 15 ᠤ ᠡᠳᠦᠷ᠂ ᠬᠤᠰᠢᠭᠤᠨ ᠤ ᠬᠦᠭᠵᠢᠭᠦᠯᠦᠯᠳᠠ ᠦᠭᠡᠷᠡᠴᠢᠯᠡᠯᠳᠠ ᠶᠢᠨ ᠲᠤᠪᠴᠢᠶ᠎ᠠ ᠪᠦᠬᠦ ᠺᠠᠳ᠋ᠷ ᠠᠵᠢᠯᠳᠠᠳ ᠢᠶᠠᠨ ᠵᠤᠬᠢᠶᠠᠨ ᠪᠠᠶᠢᠭᠤᠯᠤᠨ ᠲᠦᠪᠯᠡᠷᠡᠭᠦᠯᠦᠨ ᠰᠤᠷᠤᠯᠴᠠᠬᠤ ᠠᠵᠢᠯᠯᠠᠭ᠎ᠠ ᠦᠷᠨᠢᠭᠦᠯᠪᠡ᠃    ᠬᠤᠷᠠᠯ ᠠᠴᠠ᠂ ᠵᠠᠷᠤᠳᠠᠯ ᠬᠤᠷᠢᠶᠠᠯᠳᠠ ᠶᠢ ᠠᠯᠬᠤᠮ ᠴᠢᠨᠠᠭᠰᠢᠳᠠ ᠴᠡᠭᠴᠡᠯᠡᠨ ᠵᠢᠷᠤᠮᠵᠢᠭᠤᠯᠵᠦ᠂ ᠠᠵᠦ ᠠᠬᠤᠶᠢᠯᠠᠯ ᠳᠤ ᠬᠤᠯᠪᠤᠭᠳᠠᠬᠤ ᠵᠠᠷᠤᠳᠠᠯ ᠬᠤᠷᠢᠶᠠᠯᠳᠠ ᠶᠢ ᠰᠠᠶᠢᠳᠦᠷ ᠴᠡᠭᠴᠡᠯᠡᠨ ᠪᠠᠶᠢᠴᠠᠭᠠᠵᠦ᠂ ᠦᠨ᠎ᠠ ᠬᠠᠩᠰᠢ ᠪᠠ ᠵᠠᠷᠤᠳᠠᠯ ᠬᠤᠷᠢᠶᠠᠯᠳᠠ ᠶᠢᠨ ᠡᠮᠬᠢ ᠲᠢᠭᠯᠢᠮ ᠢ ᠵᠠᠰᠠᠨ ᠵᠢᠷᠤᠮᠵᠢᠭᠤᠯᠬᠤ ᠭᠡᠷᠡᠭᠳᠡᠢ︔ ᠭᠤᠤᠯ ᠢᠳᠡᠭᠡᠨ ᠤ ᠵᠦᠢᠯ ᠤᠨ ᠦᠨ᠎ᠠ ᠬᠠᠩᠰᠢ ᠶᠢᠨ ᠬᠤᠪᠢᠷᠠᠯᠳᠠ ᠶᠢᠨ ᠬᠠᠨᠳᠤᠰᠢ ᠶᠢ ᠬᠢᠨᠠᠨ ᠪᠠᠶᠢᠴᠠᠭᠠᠬᠤ ᠪᠠᠨ ᠴᠢᠩᠭᠠᠳᠬᠠᠬᠤ ᠭᠡᠷᠡᠭᠳᠡᠢ︔ ᠵᠠᠷᠤᠳᠠᠯ ᠬᠤᠷᠢᠶᠠᠯᠳᠠ ᠶᠢ ᠴᠡᠭᠴᠡᠯᠡᠨ ᠵᠠᠰᠠᠭᠰᠠᠨ ᠦᠷ᠎ᠠ ᠪᠦᠳᠦᠭᠡᠯ ᠢᠶᠠᠨ ᠪᠠᠳᠤᠳᠬᠠᠵᠦ᠂ ᠠᠷᠠᠳ ᠤᠯᠠᠨ ᠤ ᠠᠰᠢᠭ ᠲᠤᠰᠠ ᠶᠢ ᠬᠤᠬᠢᠷᠠᠭᠤᠯᠬᠤ ᠦᠢᠯᠨ ᠠᠵᠢᠯᠯᠠᠭ᠎ᠠ ᠶᠢ ᠬᠦᠴᠦᠯᠡᠨ ᠴᠡᠭᠴᠡᠯᠡᠨ ᠵᠠᠰᠠᠵᠦ᠂ ᠠᠷᠠᠳ ᠤᠯᠠᠨ ᠤ ᠬᠤᠪᠢ ᠪᠠᠶ᠎ᠠ ᠶᠢᠨ ᠠᠰᠢᠭ ᠲᠤᠰᠠ ᠯᠤᠭ᠎ᠠ ᠬᠤᠯᠪᠤᠭᠳᠠᠭᠰᠠᠨ ᠦᠨ᠎ᠠ ᠬᠠᠩᠰᠢ ᠶᠢᠨ ᠠᠰᠠᠭᠤᠳᠠᠯ ᠪᠠ ᠵᠠᠷᠤᠳᠠᠯ ᠬᠤᠷᠢᠶᠠᠯᠳᠠ  ᠶᠢᠨ ᠠᠰᠠᠭᠤᠳᠠᠯ ᠢ ᠦᠨᠡᠨᠬᠦ ᠰᠠᠶᠢᠳᠦᠷ ᠰᠢᠢᠳᠪᠦᠷᠢᠯᠡᠬᠦ ᠭᠡᠷᠡᠭᠳᠡᠢ ᠭᠡᠪᠡ᠃
    ᠲᠤᠰ ᠤᠳᠠᠭᠠᠨ ᠤ ᠰᠤᠷᠤᠯᠴᠠᠯᠭ᠎ᠠ ᠪᠠᠷ ᠲᠠᠮᠵᠢᠭᠤᠯᠤᠨ᠂ ᠬᠦᠭᠵᠢᠭᠦᠯᠦᠯᠳᠠ ᠦᠭᠡᠷᠡᠴᠢᠯᠡᠯᠳᠠ ᠶᠢᠨ ᠲᠤᠪᠴᠢᠶ᠎ᠠ  ᠶᠢᠨ ᠦᠨ᠎ᠠ ᠬᠠᠩᠰᠢ ᠶᠢ ᠬᠢᠨᠠᠨ ᠬᠠᠮᠢᠶᠠᠷᠬᠤ ᠲᠦᠪᠰᠢᠨ ᠢ ᠤᠯᠠᠮ ᠢᠶᠠᠷ ᠲᠡᠭᠡᠭᠰᠢᠯᠡᠭᠦᠯᠵᠦ᠂ ᠦᠨ᠎ᠠ ᠬᠠᠩᠰᠢ ᠶᠢᠨ ᠲᠤᠬᠠᠢ ᠦᠢᠯᠡᠴᠢᠯᠡᠭᠡᠨ ᠢ ᠰᠢᠯᠢᠳᠡᠭᠵᠢᠭᠦᠯᠵᠦ᠂ ᠬᠠᠤᠯᠢ ᠶᠤᠰᠤᠭᠠᠷ ᠵᠠᠰᠠᠭ ᠶᠠᠪᠤᠭᠤᠯᠬᠤ ᠳᠤ ᠪᠠᠳᠤ ᠪᠠᠬᠢ ᠰᠠᠭᠤᠷᠢ  ᠶᠢ ᠲᠠᠯᠪᠢᠭᠰᠠᠨ ᠪᠠᠶᠢᠨ᠎ᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号