ᠦᠪᠠᠷᠳᠡᠭᠡᠨ ᠵᠠᠰᠠᠬᠤ ᠤᠷᠤᠨ ᠤ ᠡᠸ᠋ᠨᠩᠬᠢ ᠬᠤᠰᠢᠭᠤᠨ ᠳᠤ ᠰᠠᠭᠤᠭ᠎ᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠵᠢᠯᠤᠭᠤᠳᠬᠤ ᠶᠠᠷᠦᠩᠭᠢ ᠠᠩᠬᠢ ᠢᠮᠢᠨ ᠰᠤᠮᠤ ᠳᠤ ᠬᠦᠷᠴᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠵᠦ ᠵᠢᠭᠠᠨ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2018/6/4
    5 ᠰᠠᠷ᠎ᠠ ᠶᠢᠨ 16 ᠤ ᠡᠳᠦᠷ᠂ ᠦᠪᠠᠷᠳᠡᠭᠡᠨ ᠵᠠᠰᠠᠬᠤ ᠤᠷᠤᠨ ᠤ ᠡᠸ᠋ᠨᠩᠬᠢ ᠬᠤᠰᠢᠭᠤᠨ ᠳᠤ ᠰᠠᠭᠤᠭ᠎ᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠵᠢᠯᠤᠭᠤᠳᠬᠤ ᠶᠠᠷᠦᠩᠭᠡᠢ ᠠᠵᠢᠯ ᠤᠨ ᠲᠤᠭᠤᠶᠢᠯᠠᠩ  ᠤᠨ ᠲᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠲᠠᠳ᠋ ᠱᠦᠵᠢ ᠸᠠᠩ ᠬᠤᠸ᠋ᠨ ᠨᠠᠷ ᠢᠮᠢᠨ ᠰᠤᠮᠤ ᠳᠤ ᠬᠦᠷᠴᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠵᠦ ᠵᠢᠭᠠᠨ ᠵᠢᠯᠤᠭᠤᠳᠤᠯᠭ᠎ᠠ ᠬᠢᠪᠡ᠃ ᠢᠮᠢᠨ ᠰᠤᠮᠤ ᠶᠢᠨ ᠠᠵᠢᠯᠯᠠᠭᠠᠨ ᠤ ᠲᠤᠭᠤᠷᠢᠭ ᠤᠨ ᠶᠠᠷᠦᠩᠭᠡᠢ ᠵᠢᠯᠤᠭᠤᠳᠤᠭᠴᠢ᠂ ᠰᠤᠮᠤ ᠶᠢᠨ ᠨᠠᠮ ᠤᠨ ᠬᠤᠷᠢᠶᠠᠨ ᠤ ᠱᠦᠵᠢ ᠬᠤᠷᠴᠨ᠂ ᠢᠮᠢᠨ ᠰᠤᠮᠤ ᠶᠢᠨ ᠠᠵᠢᠯᠯᠠᠭᠠᠨ ᠤ ᠲᠤᠭᠤᠷᠢᠭ ᠤᠨ ᠪᠠᠶᠢᠩᠭᠤ ᠶᠢᠨ ᠲᠠᠳ᠋ ᠵᠢᠯᠤᠭᠤᠳᠤᠭᠴᠢ᠂ ᠨᠠᠮ ᠤᠨ ᠬᠤᠷᠢᠶᠠᠨ ᠤ ᠲᠠᠳ᠋ ᠱᠦᠵᠢ᠂ ᠰᠤᠮᠤ ᠶᠢᠨ ᠵᠠᠰᠠᠭ ᠤᠨ ᠤᠷᠳᠤᠨ  ᠤ ᠲᠠᠷᠤᠭ᠎ᠠ ᠬᠦᠮᠦᠵᠢᠯ ᠵᠢᠴᠢ ᠡᠯ᠎ᠠ ᠭᠠᠴᠠᠭ᠎ᠠ ᠳᠤ ᠰᠠᠭᠤᠭ᠎ᠠ ᠠᠵᠢᠯᠯᠠᠬᠤ ᠲᠤᠭᠤᠶᠢᠯᠠᠩ ᠤᠨ ᠭᠡᠰᠢᠭᠦᠳ ᠬᠠᠮᠳᠤᠪᠠᠷ ᠰᠠᠭᠤᠳᠠᠯ ᠤᠨ ᠬᠤᠷᠠᠯ ᠬᠢᠪᠡ᠃     ᠰᠠᠭᠤᠳᠠᠯ ᠤᠨ ᠬᠤᠷᠠᠯ ᠳᠤ᠂ ᠬᠤᠷᠴᠨ ᠠᠵᠦ ᠦᠢᠯᠡᠰ᠂ ᠰᠤᠷᠭᠠᠨ ᠬᠦᠮᠦᠵᠢᠯ᠂ ᠦᠨᠳᠦᠰᠦᠨ ᠪᠦᠳᠦᠭᠡᠨ ᠪᠠᠶᠢᠭᠤᠯᠤᠯᠳᠠ ᠵᠢᠴᠢ ᠨᠠᠶᠢᠭᠡᠮ ᠤᠨ ᠪᠠᠳᠤᠯᠠᠪᠦᠷᠢ ᠵᠠᠷᠭᠡ ᠲᠠᠳᠬᠦᠨ ᠲᠡᠮᠵᠢᠬᠦ ᠠᠷᠭ᠎ᠠ ᠠᠪᠴᠠᠯ ᠤᠨ ᠲᠠᠯ᠎ᠠ ᠪᠠᠷ ᠢᠮᠢᠨ ᠰᠤᠮᠤ ᠶᠢᠨ ᠠᠵᠢᠯᠯᠠᠭᠠᠨ ᠤ ᠲᠤᠭᠤᠷᠢᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠮᠡᠳᠡᠭᠦᠯᠦᠯᠳᠠ ᠬᠢᠪᠡ︔ ᠬᠦᠸᠧ ᠴᠢᠩ ᠠᠴᠠ ᠠᠵᠢᠯᠯᠠᠭᠠᠨ ᠤ ᠲᠤᠭᠤᠷᠢᠭ ᠤᠨ ᠶᠠᠷᠦᠩᠭᠡᠢ ᠪᠠᠶᠢᠳᠠᠯ ᠤᠨ ᠲᠤᠬᠠᠢ ᠨᠠᠷᠢᠯᠢᠭ ᠲᠤᠳᠤᠷᠬᠠᠶᠢᠯᠠᠯᠳᠠ ᠬᠢᠪᠡ︔ ᠬᠦᠮᠦᠵᠢᠯ ᠭᠠᠴᠠᠭ᠎ᠠ ᠶᠢᠨ ᠬᠠᠮᠳᠤ ᠶᠢᠨ ᠠᠵᠦ ᠠᠬᠤᠢ᠂ ᠬᠦᠳᠡᠯᠮᠦᠷᠢ ᠬᠦᠴᠦ ᠬᠤᠮᠠᠰ᠂ ᠶᠠᠳᠠᠭᠤᠷᠠᠯ ᠤᠨ ᠪᠠᠶᠢᠳᠠᠯ ᠵᠠᠷᠭᠡ ᠲᠠᠯ᠎ᠠ ᠪᠠᠷ ᠮᠡᠳᠡᠭᠦᠯᠦᠯᠳᠠ ᠬᠢᠪᠡ︔ ᠰᠤᠮᠤ ᠶᠢᠨ ᠲᠠᠳ᠋  ᠲᠠᠷᠤᠭ᠎ᠠ ᠴᠢᠶᠠᠨ ᠭᠤᠸᠠᠩ ᠫᠢᠩ ᠭᠠᠴᠠᠭ᠎ᠠ ᠳᠤ ᠰᠠᠭᠤᠭ᠎ᠠ ᠠᠵᠢᠯᠯᠠᠬᠤ ᠲᠤᠭᠤᠶᠢᠯᠠᠩ ᠤᠨ ᠠᠵᠢᠯ ᠲᠤᠮᠳᠠ ᠤᠷᠤᠰᠢᠵᠦ ᠪᠠᠶᠢᠭ᠎ᠠ ᠠᠰᠠᠭᠤᠳᠠᠯ ᠤᠨ ᠲᠤᠬᠠᠢ ᠮᠡᠳᠡᠭᠦᠯᠦᠯᠳᠡ ᠬᠢᠪᠡ᠃     ᠸᠠᠩ ᠬᠤᠸ᠋ᠨ ᠴᠢᠬᠤᠯᠠᠴᠢᠯᠠᠭᠰᠠᠨ ᠨᠢ᠂ ᠬᠠᠪᠰᠤᠷᠤᠨ ᠲᠡᠳᠬᠦᠬᠦ ᠪᠠᠶᠢᠭᠤᠯᠭ᠎ᠠ ᠨᠢᠭᠡᠴᠠ ᠲᠤᠮᠢᠯᠠᠨ ᠰᠠᠭᠤᠯᠭᠠᠭᠰᠠᠨ ᠺᠠᠳ᠋ᠷ ᠢᠶᠠᠨ ᠶᠠᠳᠠᠭᠤ ᠠᠴᠠ ᠠᠩᠬᠢᠵᠢᠷᠠᠭᠤᠯᠬᠤ ᠠᠵᠢᠯ ᠢ ᠰᠠᠶᠢᠳᠦᠷ ᠬᠢᠬᠦ ᠭᠡᠷᠡᠭᠳᠡᠢ ᠭᠡᠵᠦ ᠬᠢᠨᠠᠨ ᠱᠠᠭᠠᠷᠳᠠᠬᠤ ᠶᠢᠨ ᠬᠠᠮᠳᠤ ᠲᠠᠳᠠᠨᠤᠰ ᠢ ᠬᠠᠯᠠᠮᠵᠢᠯᠠᠨ ᠬᠠᠷᠠᠭᠠᠯᠵᠠᠵᠦ᠂ ᠤᠯᠤᠰ ᠪᠠ ᠦᠪᠠᠷᠳᠡᠭᠡᠨ ᠵᠠᠰᠠᠬᠤ ᠤᠷᠤᠨ ᠤ ᠤᠷᠢᠶᠠᠯᠭ᠎ᠠ ᠪᠠᠷ ᠲᠤᠮᠢᠯᠠᠨ ᠰᠠᠭᠤᠯᠭᠠᠭᠰᠠᠨ ᠺᠠᠳ᠋ᠷ ᠢ ᠤᠷᠢᠳᠠᠪᠠᠷ ᠲᠤᠰᠢᠶᠠᠯ ᠳᠤ ᠲᠠᠪᠰᠢᠭᠦᠯᠬᠦ ᠭᠡᠷᠡᠭᠳᠡᠢ︔ ᠤᠨᠤᠪᠴᠢᠳᠠᠢ ᠠᠷᠭ᠎ᠠ ᠪᠤᠳᠤᠯᠭ᠎ᠠ ᠠᠪᠴᠤ᠂ ᠶᠠᠳᠠᠭᠤ ᠬᠦᠴᠢᠷᠳᠠᠯᠳᠠᠢ ᠡᠷᠦᠭᠡ ᠶᠢᠨ ᠦᠵᠡᠯ ᠰᠠᠨᠠᠭ᠎ᠠ ᠤᠯᠤᠰ ᠲᠦᠷᠦ  ᠶᠢᠨ ᠠᠵᠢᠯ ᠢ ᠰᠠᠶᠢᠳᠦᠷ ᠬᠢᠵᠦ᠂ ᠬᠦᠳᠡᠭᠡ ᠲᠤᠰᠬᠤᠨ ᠤ ᠨᠠᠶᠢᠳᠡᠯᠢᠭ ᠲᠤᠷᠰᠢᠯᠭ᠎ᠠ ᠪᠠ ᠠᠷᠭ᠎ᠠ ᠬᠢᠳᠠᠯ ᠢ  ᠰᠠᠶᠢᠳᠦᠷ ᠰᠤᠷᠤᠯᠴᠠᠵᠦ᠂ ᠲᠤᠰ ᠭᠠᠵᠠᠷ ᠤᠷᠤᠨ ᠤ ᠶᠠᠳᠠᠭᠤ ᠠᠴᠠ ᠠᠩᠬᠢᠵᠢᠷᠠᠭᠤᠯᠬᠤ ᠠᠵᠢᠯ ᠳᠤ ᠨᠠᠩ ᠰᠠᠶᠢᠨ ᠢᠶᠠᠷ ᠦᠢᠯᠡᠴᠢᠯᠡᠬᠦ ᠭᠡᠷᠡᠭᠳᠡᠢ᠃     ᠬᠤᠷᠠᠯ ᠤᠨ ᠲᠠᠷᠠᠭ᠎ᠠ᠂ ᠸᠠᠩ ᠬᠤᠸ᠋ᠨ ᠨᠠᠷ ᠪᠢᠯᠦᠬᠦᠳᠤ ᠭᠠᠴᠠᠭ᠎ᠠ᠂ ᠪᠠᠶᠠᠳᠠᠯ᠎ᠠ ᠭᠠᠴᠠᠭ᠎ᠠ ᠪᠠ ᠠᠭᠤᠶᠢᠳᠤ ᠭᠠᠴᠠᠭ᠎ᠠ ᠶᠢᠨ ᠶᠠᠳᠠᠭᠤ ᠬᠦᠴᠢᠷᠳᠠᠯᠳᠠᠢ ᠡᠷᠦᠭᠡ ᠳᠤ ᠬᠦᠷᠴᠤ ᠪᠠᠶᠢᠴᠠᠭᠠᠨ ᠰᠤᠳᠤᠯᠤᠯᠳᠠ ᠬᠢᠵᠦ᠂ ᠶᠠᠳᠠᠭᠤ ᠬᠦᠴᠢᠷᠳᠠᠯᠳᠠᠢ ᠡᠷᠦᠭᠡ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠵᠢᠴᠢ ᠤᠷᠤᠰᠢᠵᠦ ᠪᠠᠶᠢᠭ᠎ᠠ ᠪᠤᠳᠠᠳᠠᠢ ᠬᠦᠴᠢᠷᠳᠠᠯ ᠵᠠᠷᠭᠡ ᠶᠢ ᠨᠠᠷᠢᠯᠢᠭ ᠤᠶᠢᠯᠠᠭᠠᠵᠦ᠂ ᠬᠠᠪᠰᠤᠷᠤᠨ ᠲᠡᠳᠬᠦᠬᠦ ᠺᠠᠳ᠋ᠷᠴᠤᠤᠨ ᠪᠠ ᠪᠠᠶᠢᠭᠤᠯᠭ᠎ᠠ ᠨᠢᠭᠡᠴᠠ ᠶᠢ ᠱᠠᠭᠠᠷᠳᠠᠨ ᠲᠠᠳᠠᠨᠤᠰ ᠤᠨ ᠬᠦᠴᠢᠷᠳᠠᠯ ᠢ ᠨᠢ ᠡᠷᠳᠡ ᠨᠢᠭᠡᠨ ᠡᠳᠦᠷ ᠰᠢᠢᠳᠪᠦᠷᠢᠯᠡᠵᠦ ᠦᠭᠬᠦ ᠭᠡᠷᠡᠭᠳᠡᠢ ᠭᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号