ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ  ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2018/6/5
   5 ᠰᠠᠷ᠎ᠠ ᠶᠢᠨ 28 ᠤ ᠦᠳᠡ ᠶᠢᠨ ᠡᠮᠦᠨ᠎ᠡ᠂ ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠣᠭᠤᠯᠵᠣ᠂ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠣᠯᠲᠠ ᠶᠢ ᠲᠦᠯᠬᠢᠨ ᠠᠬᠢᠭᠤᠯᠬᠤ ᠠᠷᠪᠠᠨ ᠭᠤᠷᠪᠠᠳᠣᠭᠠᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠪᠠ᠃ ᠲᠣᠪᠴᠢᠶᠠᠨ ᠤ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠦᠭᠡ ᠬᠤᠷᠠᠯ ᠡᠷᠬᠢᠯᠡᠵᠦ᠂ ᠪᠦᠬᠦ ᠬᠠᠪᠰᠣᠷᠣᠨ ᠲᠡᠳᠬᠦᠬᠦ ᠺᠠᠳ᠋ᠷᠴᠣᠳ ᠬᠤᠷᠠᠯ ᠳᠤ ᠣᠷᠣᠯᠴᠠᠪᠠ᠃    ᠬᠤᠷᠠᠯ ᠲᠠᠭᠡᠷ᠎ᠠ᠂ ᠨᠠᠮ ᠤᠨ ᠤᠳᠤᠷᠢᠳᠬᠤ ᠲᠤᠭᠤᠶᠢᠯᠠᠩ ᠤᠨ ᠭᠡᠰᠢᠭᠦᠨ᠂ ᠠᠷᠠᠳ ᠤᠨ ᠶᠠᠪᠤᠳᠠᠯ ᠤᠨ ᠲᠤᠪᠴᠢᠶᠠᠨ ᠤ ᠲᠠᠳ᠋ ᠲᠠᠷᠤᠭ᠎ᠠ ᠽᠣᠣ ᠭᠤᠸᠠᠩ ᠬᠠᠢ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠠᠬᠢᠭᠤᠯᠬᠤ ᠠᠷᠪᠠᠨ ᠭᠤᠷᠪᠠᠳᠤᠭᠠᠷ ᠤᠳᠠᠭᠠᠨ ᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠠᠮᠵᠢᠭᠤᠯᠬᠤ ᠶᠢᠨ ᠬᠠᠮᠳᠤ ᠨᠠᠶᠢᠭᠡᠮ ᠤᠨ ᠪᠠᠳᠤᠯᠠᠪᠦᠷᠢ ᠪᠠᠷ ᠶᠠᠳᠠᠭᠤ ᠶᠢ ᠲᠡᠳᠬᠦᠬᠦ ᠠᠵᠢᠯ ᠤᠨ ᠠᠷᠠᠳ  ᠤᠨ ᠶᠠᠪᠤᠳᠠᠯ ᠤᠨ ᠠᠵᠢᠯ ᠳᠤ ᠬᠤᠯᠪᠤᠭᠳᠠᠭᠰᠠᠨ ᠠᠭᠤᠯᠭ᠎ᠠ ᠶᠢ ᠲᠤᠬᠢᠷᠠᠭᠤᠯᠤᠨ ᠪᠠᠶᠢᠷᠢᠯᠠᠭᠤᠯᠪᠠ᠃     ᠪᠦᠭᠡ ᠠᠴᠠ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠴᠢᠭᠯᠡᠬᠦᠯᠦᠨ ᠬᠡᠳᠦᠨ ᠲᠠᠯ᠎ᠠ ᠠᠴᠠ ᠱᠠᠭᠠᠷᠳᠠᠯᠭ᠎ᠠ ᠲᠣᠷᠠᠳᠣᠪᠠ᠄ ᠨᠢᠬᠡ ᠳᠤ ᠡᠭᠦᠷᠭᠡ ᠪᠠᠨ ᠣᠯᠠᠮ ᠨᠢᠬᠡ ᠠᠯᠬᠤᠮ ᠨᠠᠶᠢᠳᠠᠪᠣᠷᠢᠵᠢᠭᠤᠯᠣᠨ᠂ ᠲᠣᠰ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢᠨ ᠨᠠᠷᠢᠨ ᠳᠠᠩᠰᠠ ᠵᠢᠴᠢ ᠱᠠᠭᠠᠷᠳᠠᠯᠭ᠎ᠠ ᠪᠠᠷ᠂ ᠲᠣᠬᠠᠶᠢᠯᠠᠭᠰᠠᠨ ᠠᠵᠢᠯ ᠢᠶᠠᠨ ᠯᠠᠪᠳᠠᠭᠤᠨ ᠬᠢᠨᠠᠮᠠᠭᠠᠢ ᠦᠷᠨᠢᠬᠦᠯᠬᠦ ᠬᠡᠷᠡᠭᠲᠡᠢ︔ ᠬᠤᠶᠠᠷ ᠲᠤ ᠬᠠᠪᠰᠣᠷᠣᠨ ᠲᠡᠳᠬᠦᠬᠦ ᠺᠠᠳ᠋ᠷ ᠠᠴᠠ ᠣᠳᠣᠬᠠᠨ ᠤ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠬᠦᠳᠡᠯᠦᠩᠬᠦᠢ ᠪᠠᠶᠢᠳᠠᠯ ᠲᠠᠢ ᠣᠶᠠᠯᠳᠣᠭᠤᠯᠬᠤ ᠱᠠᠭᠠᠷᠳᠠᠯᠭ᠎ᠠ ᠪᠠᠷ᠂ ᠲᠣᠰ ᠲᠣᠰ ᠤᠨ ᠬᠠᠪᠰᠣᠷᠣᠨ ᠲᠡᠳᠬᠦᠬᠦ ᠶᠠᠳᠠᠭᠤ ᠬᠦᠴᠢᠷᠳᠡᠯᠳᠡᠢ ᠡᠷᠦᠬᠡ ᠶᠢᠨ ᠪᠠᠶᠢᠳᠠᠯ ᠢ ᠬᠢᠨᠠᠨ ᠪᠠᠶᠢᠴᠠᠭᠠᠬᠤ ᠵᠢᠴᠢ ᠳᠣᠳᠣᠭᠠᠳᠣ  ᠶᠢᠨ ᠳᠠᠩᠰᠠ ᠡᠪᠬᠡᠮᠡᠯ ᠢ ᠪᠦᠷᠢᠳᠬᠡᠬᠦ ᠠᠵᠢᠯ ᠢ ᠰᠠᠶᠢᠳᠣᠷ ᠬᠢᠬᠦ ᠬᠡᠷᠡᠭᠲᠡᠢ︔ ᠭᠤᠷᠪᠠ ᠳᠤ ᠭᠠᠴᠠᠭᠠᠨ ᠳᠤ ᠰᠠᠭᠤᠭ᠎ᠠ ᠺᠠᠳ᠋ᠷ ᠤᠨ ᠠᠷᠣ ᠲᠠᠯ᠎ᠠ ᠶᠢᠨ ᠪᠠᠲᠣᠯᠠᠭ᠎ᠠ ᠶᠢᠨ ᠠᠵᠢᠯ ᠢ ᠰᠠᠶᠢᠳᠣᠷ ᠬᠢᠵᠦ᠂ ᠬᠠᠪᠰᠣᠷᠣᠨ ᠲᠡᠳᠬᠦᠬᠦ ᠺᠠᠳ᠋ᠷᠴᠣᠳ ᠤᠨ ᠯᠠᠪᠳᠠᠭᠤᠨ ᠢᠶᠠᠷ ᠭᠠᠴᠠᠭᠠᠨ ᠳᠤ ᠰᠠᠭᠤᠵᠣ ᠠᠵᠢᠯ ᠢᠶᠠᠨ ᠦᠷᠨᠢᠬᠦᠯᠬᠦ ᠶᠢ ᠪᠠᠳᠣᠯᠠᠬᠤ ᠬᠡᠷᠡᠭᠲᠡᠢ︔ ᠳᠦᠷᠪᠡ ᠳᠤ ᠵᠣᠬᠢᠶᠠᠨ ᠪᠠᠶᠢᠭᠤᠯᠬᠤ ᠬᠡᠯᠳᠡᠰ ᠤᠨ ᠱᠠᠭᠠᠷᠳᠠᠯᠭ᠎ᠠ ᠶᠣᠰᠣᠭᠠᠷ ᠬᠠᠪᠰᠣᠷᠣᠨ ᠲᠡᠳᠭᠦᠭᠳᠡᠬᠦ ᠭᠠᠴᠠᠭ᠎ᠠ ᠳᠤ ᠬᠦᠳᠡᠯᠬᠡᠬᠡᠨ  ᠤ ᠲᠠᠰᠤᠭ ᠢ ᠪᠠᠶᠢᠭᠤᠯᠬᠤ ᠠᠵᠢᠯ ᠢ ᠰᠠᠶᠢᠳᠣᠷ ᠬᠢᠬᠦ ᠬᠡᠷᠡᠭᠲᠡᠢ︔ ᠲᠠᠪᠤ ᠳᠤ ᠬᠤᠯᠪᠣᠭᠳᠠᠯ ᠪᠦᠬᠦᠢ ᠡᠯ᠎ᠡ ᠲᠣᠰᠬᠠᠢ ᠠᠵᠢᠯ ᠤᠨ ᠨᠢᠬᠡᠴᠡ᠂ ᠠᠵᠣ ᠠᠬᠤᠶᠢᠯᠠᠯ ᠲᠠᠢ ᠨᠡᠪᠲᠡᠷᠡᠯᠴᠡᠨ ᠵᠣᠬᠢᠴᠠᠭᠤᠯᠵᠣ᠂ ᠭᠠᠴᠠᠭᠠᠨ ᠤ ᠠᠵᠣ ᠠᠬᠤᠢ ᠶᠢᠨ ᠬᠦᠭᠵᠢᠯᠲᠡ ᠶᠢ ᠲᠦᠯᠬᠢᠨ ᠠᠬᠢᠭᠤᠯᠵᠣ᠂ ᠶᠠᠳᠠᠭᠤ ᠠᠴᠠ ᠠᠩᠬᠢᠵᠢᠷᠠᠭᠤᠯᠵᠣ ᠣᠷᠣᠯᠭ᠎ᠠ ᠶᠢ ᠨᠢ ᠨᠡᠮᠡᠭᠳᠡᠬᠦᠯᠬᠦ ᠬᠠᠷᠠᠯᠲᠠ ᠶᠢ ᠡᠷᠳᠡᠬᠡᠨ ᠪᠡᠶᠡᠯᠡᠬᠦᠯᠬᠦ ᠬᠡᠷᠡᠭᠲᠡᠢ ᠬᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号