ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠦᠨᠲ ᠤᠨ ᠭᠡᠯᠳᠡᠰ ᠬᠠᠷᠠᠭᠠᠨ᠎ᠠ ᠭᠠᠴᠠᠭ᠎ᠠ ᠲᠠᠢ ᠬᠠᠮᠳᠤᠷᠠᠨ ︽ᠬᠤᠶᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠠᠮᠵᠢᠭᠤᠯᠵᠦ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠶᠢ ᠨᠠᠶᠢᠳᠠᠪᠦᠷᠢᠵᠢᠭᠤᠯᠤᠶ᠎ᠠ︾ ᠭᠡᠬᠦ ᠰᠠᠳᠤᠪᠳᠤ ᠰᠤᠷᠤᠯᠴᠠᠯᠭ᠎ᠠ  ᠶᠢᠨ  ᠬᠢᠴᠢᠶᠠᠯ ᠡᠷᠬᠢᠯᠡᠪᠡ
ᠨᠡᠶᠢᠲᠡᠯᠡᠭᠰᠡᠨ ᠴᠠᠭ᠄
2018/6/6
   5 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠠᠯ ᠹᠷᠦᠨᠲ ᠤᠨ ᠭᠡᠯᠳᠡᠰ ᠰᠢᠨᠡᠭᠡᠨ ᠵᠡᠭᠦᠨ ᠰᠤᠮᠤ ᠶᠢᠨ ᠬᠠᠷᠠᠭᠠᠨ᠎ᠠ ᠭᠠᠴᠠᠭ᠎ᠠ ᠲᠠᠢ ᠬᠠᠮᠳᠤᠷᠠᠨ ︽ᠬᠤᠶᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠠᠮᠵᠢᠭᠤᠯᠵᠦ᠂ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠶᠢ ᠨᠠᠶᠢᠳᠠᠪᠦᠷᠢᠵᠢᠭᠤᠯᠤᠶ᠎ᠠ︾ ᠭᠡᠬᠦ ᠰᠠᠳᠤᠪᠳᠤ ᠰᠤᠷᠤᠯᠴᠠᠯᠭ᠎ᠠ ᠶᠢᠨ ᠬᠢᠴᠢᠶᠠᠯ  ᠡᠷᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠦᠨᠲ ᠤᠨ ᠭᠡᠯᠳᠡᠰ ᠤᠨ ᠲᠠᠷᠤᠭ᠎ᠠ ᠰᠤᠶᠤᠯᠮ᠎ᠠ᠂ ᠰᠤᠮᠤ ᠶᠢᠨ ᠪᠠᠶᠢᠩᠭᠤ ᠶᠢᠨ ᠲᠠᠳ᠋ ᠲᠠᠷᠤᠭ᠎ᠠ ᠰᠠᠶᠢᠨᠳᠡᠬᠦᠰ᠂ ᠭᠠᠴᠠᠭ᠎ᠠ ᠶᠢᠨ ᠭᠤᠷᠪᠠᠨ ᠵᠦᠪᠯᠡᠯ᠂ ︽ᠨᠢᠭᠡᠳᠦᠭᠡᠷ ᠱᠦᠵᠢ︾ ᠵᠢᠴᠢ ᠭᠠᠴᠠᠭᠠᠨ ᠳᠤ ᠰᠠᠭᠤᠭ᠎ᠠ ᠠᠵᠢᠯᠯᠠᠬᠤ ᠳᠣᠭᠤᠶᠢᠯᠠᠩ ᠤᠨ ᠭᠡᠰᠢᠭᠦᠤᠨ ᠵᠠᠷᠭᠡ 30 ᠭᠠᠷᠤᠢ ᠬᠦᠮᠦᠨ ᠰᠤᠷᠤᠯᠴᠠᠯᠭ᠎ᠠ ᠶᠢᠨ ᠬᠢᠴᠢᠶᠠᠯ  ᠳᠤ ᠤᠷᠤᠯᠴᠠᠪᠠ᠃    ᠲᠤᠰ ᠤᠳᠠᠭᠠᠨ ᠤ ᠰᠤᠷᠤᠯᠴᠠᠯᠭ᠎ᠠ ᠶᠢᠨ ᠬᠢᠴᠢᠶᠠᠯ ᠳᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠮᠸᠢ ᠬᠤᠸ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ  ᠶᠢᠨ ᠲᠤᠭᠤᠶᠢᠯᠠᠩ ᠤᠨ ᠬᠢᠴᠢᠶᠠᠯ ᠬᠦᠮᠦᠵᠢᠯ ᠤᠨ ᠠᠯᠪᠠᠨ ᠭᠡᠷ ᠤᠨ ᠡᠷᠬᠢᠯᠡᠭᠴᠢ ᠵᠢᠶᠠᠩ ᠮᠸᠢ ᠠᠴᠠ ᠪᠦᠬᠦ ᠤᠯᠤᠰ  ᠤᠨ ︽ᠬᠤᠶᠠᠷ ᠬᠤᠷᠠᠯ︾ ᠤᠨ ᠵᠤᠷᠢᠭ ᠰᠠᠨᠠᠭ᠎ᠠ ᠪᠠ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠲᠤᠬᠠᠢ ᠲᠠᠶᠢᠯᠪᠦᠷᠢ ᠬᠢᠪᠡ᠃    ᠲᠤᠰ ᠤᠳᠠᠭᠠᠨ ᠤ ᠰᠤᠷᠤᠯᠴᠠᠯᠭ᠎ᠠ ᠪᠠᠷ ᠲᠠᠮᠵᠢᠭᠤᠯᠤᠨ᠂ ᠠᠷᠠᠳ ᠤᠯᠠᠨ ᠤ ᠨᠠᠮ ᠤᠨ ᠠᠷᠪᠡᠨ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ᠂ ᠪᠦᠬᠦ ᠤᠯᠤᠰ ᠤᠨ ︽ᠬᠤᠶᠠᠷ ᠬᠤᠷᠠᠯ︾ ᠤᠨ ᠵᠤᠷᠢᠭ ᠰᠠᠨᠠᠭ᠎ᠠ ᠪᠠ ᠲᠡᠭᠡᠳᠤ ᠱᠠᠳᠤᠨ ᠤ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠲᠤᠬᠠᠢ ᠤᠶᠢᠯᠠᠭᠠᠯᠳᠠ ᠶᠢ ᠲᠡᠭᠡᠭᠰᠢᠯᠡᠭᠦᠯᠵᠦ᠂ ᠰᠤᠮᠤ᠂ ᠭᠠᠴᠠᠭ᠎ᠠ ᠵᠢᠴᠢ ᠬᠠᠪᠰᠤᠷᠤᠨ ᠲᠡᠳᠬᠦᠬᠦ ᠪᠠᠶᠢᠭᠤᠯᠭ᠎ᠠ ᠨᠢᠭᠡᠴᠠ ᠶᠢᠨ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠢ ᠰᠠᠶᠢᠳᠦᠷ ᠬᠢᠬᠦ ᠢᠳᠡᠪᠬᠢᠵᠢᠯ ᠢ ᠨᠢ ᠬᠦᠢᠴᠠᠳ ᠲᠠᠶᠢᠴᠢᠯᠠᠵᠦ᠂ ᠶᠠᠳᠠᠭᠤ ᠬᠦᠴᠢᠷᠳᠠᠯᠳᠠᠢ ᠡᠷᠦᠭᠡ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠳᠤ ᠤᠷᠤᠯᠴᠠᠬᠤ ᠲᠤᠳᠤᠭᠠᠳᠤ ᠬᠦᠳᠡᠯᠭᠡᠭᠴᠢ ᠬᠦᠴᠦᠨ ᠢ ᠬᠦᠭᠵᠢᠭᠡᠵᠦ᠂ ᠶᠠᠳᠠᠭᠤ ᠶᠢ ᠲᠡᠳᠬᠦᠬᠦ ᠡᠯ᠎ᠠ ᠵᠦᠢᠯ ᠤᠨ ᠠᠷᠭ᠎ᠠ ᠠᠪᠴᠠᠯ ᠢ ᠤᠨᠢᠨ ᠲᠡᠭᠡᠷ᠎ᠠ ᠨᠢ ᠨᠠᠶᠢᠳᠠᠪᠦᠷᠢᠵᠢᠭᠤᠯᠬᠤ ᠶᠢ ᠪᠠᠳᠤᠯᠠᠵᠦ᠂ ᠯᠠᠪᠳᠠᠭᠤᠨ ᠪᠠᠳᠤᠳᠠᠢ ᠦᠷ᠎ᠠ ᠪᠦᠳᠦᠮᠵᠢ ᠣᠯᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号