ᠬᠤᠢ ᠰᠣᠮᠣ ᠶᠢᠨ ᠳᠣᠯᠣᠳᠣᠭᠠᠷ ᠣᠳᠠᠭᠠᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠲᠦᠯᠬᠢᠨ ᠠᠬᠢᠭᠤᠯᠬᠤ ᠬᠤᠷᠠᠯ ᠵᠢᠴᠢ ᠪᠠᠶᠢᠴᠠᠭᠠᠯᠲᠠ ᠶᠢ ᠣᠭᠳᠣᠬᠤ ᠪᠠᠶᠢᠷᠢᠯᠠᠭᠤᠯᠣᠯᠲᠠ ᠶᠢᠨ ᠬᠤᠷᠠᠯ ᠢ ᠵᠣᠬᠢᠶᠠᠨ ᠪᠠᠶᠢᠭᠤᠯᠣᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2018-06-06
   6 ᠰᠠᠷ᠎ᠠ ᠶᠢᠨ 3 ᠤ ᠡᠳᠦᠷ᠂ ᠬᠤᠢ ᠰᠣᠮᠣ ᠶᠢᠨ ᠳᠣᠯᠣᠳᠣᠭᠠᠷ ᠣᠳᠠᠭᠠᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠲᠦᠯᠬᠢᠨ ᠠᠬᠢᠭᠤᠯᠬᠤ ᠬᠤᠷᠠᠯ ᠵᠢᠴᠢ ᠪᠠᠶᠢᠴᠠᠭᠠᠯᠲᠠ ᠶᠢ ᠣᠭᠳᠣᠬᠤ ᠪᠠᠶᠢᠷᠢᠯᠠᠭᠤᠯᠣᠯᠲᠠ ᠶᠢᠨ ᠬᠤᠷᠠᠯ ᠢ ᠵᠣᠬᠢᠶᠠᠨ ᠪᠠᠶᠢᠭᠤᠯᠣᠨ ᠬᠤᠷᠠᠯᠳᠣᠭᠤᠯᠪᠠ᠃ ᠬᠤᠰᠢᠭᠤᠨ ᠤ ᠨᠠᠮ ᠤᠨ ᠬᠤᠷᠢᠶᠠᠨ  ᠤ ᠳᠡᠳ᠋ ᠱᠦᠵᠢ ᠯᠢ ᡁᠢ ᠳ᠋ᠦᠩ ᠬᠤᠷᠠᠯ ᠳᠤ ᠣᠷᠣᠯᠴᠠᠨ ᠵᠢᠭᠠᠨ ᠵᠢᠯᠣᠭᠤᠳᠴᠦ᠂ ᠰᠣᠮᠣ ᠶᠢᠨ ᠨᠠᠮ ᠵᠠᠰᠠᠭ ᠤᠨ ᠣᠳᠣᠷᠢᠳᠬᠤ ᠪᠠᠭ ᠤᠨ ᠬᠡᠰᠢᠬᠦᠨ᠂ ᠨᠢᠬᠡᠳᠦᠭᠡᠷ ᠱᠦᠵᠢ᠂ ᠭᠠᠴᠠᠭᠠᠨ ᠳᠤ ᠰᠠᠭᠤᠭ᠎ᠠ ᠠᠵᠢᠯᠯᠠᠬᠤ ᠳᠣᠭᠤᠶᠢᠯᠠᠩ ᠤᠨ ᠪᠦᠬᠦ ᠬᠡᠰᠢᠬᠦᠳ ᠬᠤᠷᠠᠯ ᠳᠤ ᠣᠷᠣᠯᠴᠠᠵᠣ᠂ ᠰᠣᠮᠣ ᠶᠢᠨ ᠨᠠᠮ ᠤᠨ ᠬᠤᠷᠢᠶᠠᠨ ᠤ ᠱᠦᠵᠢ ᠵᠠᠶᠠᠭ᠎ᠠ ᠬᠤᠷᠠᠯ ᠡᠷᠬᠢᠯᠡᠪᠡ᠃    ᠬᠤᠷᠠᠯ ᠳᠡᠭᠡᠷ᠎ᠡ᠂ ᠰᠣᠮᠣ ᠶᠢᠨ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠨᠠᠰᠣᠳᠠ ︽ ᠶᠠᠳᠠᠭᠤ  ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠳᠤ ᠣᠷᠣᠰᠢᠵᠣ ᠪᠠᠶᠢᠭ᠎ᠠ ᠠᠰᠠᠭᠤᠳᠠᠯ ᠢ ᠵᠢᠬᠰᠠᠭᠠᠨ ᠪᠠᠶᠢᠴᠠᠭᠠᠵᠣ ᠴᠡᠭᠴᠡᠯᠡᠨ ᠦᠭᠡᠷᠡᠴᠢᠯᠡᠬᠦ ᠠᠵᠢᠯ ᠢ ᠠᠯᠬᠤᠮ ᠴᠢᠨᠠᠭᠰᠢᠲᠠ ᠵᠢᠷᠣᠮᠵᠢᠭᠤᠯᠬᠤ ᠲᠣᠬᠠᠢ ᠮᠡᠳᠡᠭᠳᠡᠯ︾᠂ ︽︿ᠡᠸ᠋ᠨᠩᠬᠢ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠣᠯᠲᠠ ᠶᠢᠨ ᠠᠰᠠᠭᠤᠳᠠᠯ ᠢ ᠵᠢᠬᠰᠠᠭᠠᠨ ᠪᠠᠶᠢᠴᠠᠭᠠᠵᠣ ᠴᠡᠭᠴᠡᠯᠡᠨ ᠦᠭᠡᠷᠡᠴᠢᠯᠡᠬᠦᠯᠬᠦ ᠲᠦᠰᠦᠯ﹀᠂ ︿ᠡᠸ᠋ᠨᠩᠬᠢ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠣᠯᠲᠠ ᠶᠢᠨ ᠠᠰᠠᠭᠤᠳᠠᠯ ᠢ ᠵᠢᠬᠰᠠᠭᠠᠨ ᠪᠠᠶᠢᠴᠠᠭᠠᠵᠣ ᠴᠡᠭᠴᠡᠯᠡᠨ ᠦᠭᠡᠷᠡᠴᠢᠯᠡᠬᠦ ᠠᠵᠢᠯ ᠤᠨ ᠠᠰᠠᠭᠤᠳᠠᠯ ᠤᠨ ᠨᠠᠷᠢᠨ ᠳᠠᠩᠰᠠ᠂ ᠡᠬᠦᠷᠭᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ﹀ ᠢ ᠳᠠᠷᠣᠮᠠᠯᠯᠠᠨ ᠲᠠᠷᠬᠠᠭᠠᠬᠤ ᠲᠣᠬᠠᠢ ᠮᠡᠳᠡᠭᠳᠡᠯ︾ ︵ ᠡᠸ᠋ᠨᠩᠬᠢ ᠲᠡᠳᠬᠦᠬᠦ ᠵᠣᠬᠢᠶᠠᠨ ᠲᠠᠷᠬᠠᠭᠠᠭᠰᠠᠨ ﹇2018﹈ 1 ᠳ᠋ᠣᠭᠠᠷ ᠲᠣᠭᠠᠳᠣ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠱᠠᠭᠠᠷᠳᠠᠯᠭ᠎ᠠ ᠶᠢ ᠣᠯᠠᠮᠵᠢᠯᠠᠵᠣ ᠲᠠᠶᠢᠯᠪᠣᠷᠢᠯᠠᠨ ᠣᠩᠰᠢᠬᠤ ᠶᠢᠨ ᠬᠠᠮᠳᠣ ᠰᠣᠮᠣ ᠶᠢᠨ ᠳᠣᠳᠣᠭᠠᠳᠣ ᠶᠢᠨ ᠠᠵᠢᠯ ᠤᠨ ᠳᠠᠩᠰᠠ ᠡᠪᠬᠡᠮᠡᠯ  ᠳᠤ ᠣᠷᠣᠰᠢᠵᠣ ᠪᠠᠶᠢᠭ᠎ᠠ ᠠᠰᠠᠭᠤᠳᠠᠯ ᠢ ᠢᠯᠭᠠᠷᠠᠭᠤᠯᠣᠨ ᠮᠡᠳᠡᠭᠡᠯᠡᠪᠡ︔ ᠰᠣᠮᠣᠨ ᠤ ᠳᠡᠳ᠋ ᠳᠠᠷᠤᠭ᠎ᠠ ᠨᠠᠨᠰᠠᠷ ᠠᠴᠠ ᠬᠤᠰᠢᠭᠤᠨ ᠤ ᠲᠦᠷᠦᠯ ᠵᠦᠢᠯ ᠤᠨ ᠬᠦᠮᠦᠷᠭᠡ ᠳᠤ ᠮᠡᠳᠡᠭᠦᠯᠬᠦ ᠠᠵᠢᠯ ᠤᠨ ᠲᠠᠯ᠎ᠠ ᠪᠠᠷ ᠵᠢᠭᠠᠨ ᠵᠢᠯᠣᠭᠤᠳᠣᠯᠭ᠎ᠠ ᠬᠢᠪᠡ᠃    ᠯᠢ ᡁᠢ ᠳ᠋ᠦᠩ ᠠᠴᠠ ᠰᠣᠮᠣ ᠶᠢᠨ ᠣᠳᠣᠬᠠᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠬᠦᠢᠴᠡᠳ ᠨᠣᠲᠠᠯᠠᠵᠣ᠂ ᠱᠠᠭᠠᠷᠳᠠᠭᠰᠠᠨ ᠨᠢ᠂ ᠨᠢᠬᠡ ᠳᠤ ᠠᠰᠠᠭᠤᠳᠠᠯ   ᠢᠶᠠᠷ ᠣᠳᠣᠷᠢᠳᠣᠮᠵᠢ ᠪᠣᠯᠭᠠᠬᠤ ᠳᠤ ᠴᠢᠭᠯᠡᠬᠦᠯᠦᠨ᠂ ᠠᠯᠳᠠᠭ᠎ᠠ ᠪᠣᠷᠣᠭᠤ ᠪᠣᠶᠣ ᠵᠠᠯᠠᠷᠠᠭᠤᠯᠬᠤ ᠴᠢᠬᠤᠯᠠ ᠲᠠᠢ ᠵᠦᠢᠯ ᠢᠶᠠᠨ ᠮᠡᠳᠡᠮᠡᠭᠴᠡ ᠳᠣᠣᠷ᠎ᠠ ᠨᠢ ᠴᠡᠭᠴᠡᠯᠡᠨ ᠦᠬᠡᠷᠡᠴᠢᠯᠡᠬᠦ ᠬᠡᠷᠡᠭᠲᠡᠢ︔ ᠬᠤᠶᠠᠷ ᠲᠤ ᠣᠬᠠᠭᠤᠯᠣᠨ ᠬᠦᠲᠦᠯᠦᠨ ᠵᠢᠯᠣᠭᠤᠳᠴᠦ᠂ ᠣᠳᠠᠭ᠎ᠠ ᠳᠠᠷᠠᠭ᠎ᠠ  ᠪᠠᠷ ᠡᠷᠦᠬᠡ ᠳᠤ ᠣᠷᠣᠵᠣ᠂ ᠶᠠᠳᠠᠭᠤᠷᠠᠭᠰᠠᠨ ᠰᠢᠯᠳᠠᠭᠠᠨ ᠢ ᠨᠢ ᠪᠦᠬᠦ ᠲᠠᠯ᠎ᠠ ᠪᠠᠷ ᠵᠦᠪ ᠣᠨᠣᠪᠴᠢᠲᠠᠢ ᠣᠶᠢᠯᠠᠭᠠᠵᠣ᠂ ᠣᠨᠢᠨ ᠳᠡᠭᠡᠷ᠎ᠡ ᠨᠢ ᠠᠷᠭ᠎ᠠ ᠬᠡᠮᠵᠢᠶ᠎ᠡ ᠠᠪᠴᠣ᠂ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠨᠡᠩ ᠨᠢᠬᠳᠠᠷᠠᠭᠤᠯᠬᠤ ᠬᠡᠷᠡᠭᠲᠡᠢ︔ ᠭᠤᠷᠪᠠ ᠳᠤ ᠬᠤᠶᠢᠰᠢᠲᠠ ᠰᠢᠯᠭᠠᠨ ᠪᠠᠶᠢᠴᠠᠭᠠᠯᠲᠠ ᠶᠢ ᠪᠠᠶᠢᠩᠭᠤᠴᠢᠯᠠᠬᠤ ᠬᠡᠷᠡᠭᠲᠡᠢ᠂ ᠡᠶᠢᠮᠦ ᠠᠴᠠ ᠳᠣᠳᠣᠭᠠᠳᠣ ᠶᠢᠨ ᠠᠵᠢᠯ ᠤᠨ ᠳᠠᠩᠰᠠ ᠡᠪᠬᠡᠮᠡᠯ ᠢ ᠠᠯᠬᠤᠮ ᠴᠢᠨᠠᠭᠰᠢᠲᠠ ᠨᠠᠷᠢᠯᠢᠭ ᠣᠨᠣᠪᠴᠢᠲᠠᠢ ᠪᠠᠶᠢᠯᠭᠠᠬᠤ ᠬᠡᠷᠡᠭᠲᠡᠢ︔ ᠳᠦᠷᠪᠡ ᠳᠤ ᠨᠠᠮ ᠤᠨ ᠪᠠᠶᠢᠭᠤᠯᠣᠯᠲᠠ ᠪᠠᠷ ᠶᠠᠳᠠᠭᠤ ᠠᠴᠠ ᠠᠩᠬᠢᠵᠢᠷᠠᠭᠤᠯᠬᠤ ᠠᠵᠢᠯ ᠢ ᠠᠬᠢᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠣ᠂ ᠨᠠᠮ ᠤᠨ ᠡᠬᠦᠷ ᠢᠶᠠᠷ ᠭᠤᠣᠯ ᠪᠣᠯᠭᠠᠵᠣ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠲᠦᠯᠬᠢᠨ ᠠᠬᠢᠭᠤᠯᠬᠤ ᠬᠡᠷᠡᠭᠲᠡᠢ︔ ᠲᠠᠪᠤ ᠳᠤ ᠬᠠᠮᠳᠣ ᠶᠢᠨ ᠠᠵᠣ ᠠᠬᠤᠢ ᠶᠢ ᠬᠦᠭᠵᠢᠬᠦᠯᠦᠨ ᠪᠣᠵᠠᠭᠠᠶᠢᠷᠠᠭᠤᠯᠵᠣ᠂ ᠨᠡᠩ ᠣᠯᠠᠨ ᠶᠠᠳᠠᠭᠤ ᠬᠦᠴᠢᠷᠳᠡᠯᠳᠡᠢ ᠡᠷᠦᠬᠡ ᠴᠢᠨᠠᠭᠰᠢᠯᠠᠭᠠᠳ ᠮᠠᠯᠴᠢᠨ ᠲᠦᠮᠡᠨ ᠢ ᠳᠠᠶᠢᠴᠢᠯᠠᠨ ᠪᠠᠶᠠᠵᠢᠯ ᠤᠨ ᠵᠠᠮ ᠢᠶᠠᠷ ᠵᠠᠮᠨᠠᠭᠤᠯᠬᠤ ᠬᠡᠷᠡᠭᠲᠡᠢ︔ ᠵᠢᠷᠭᠤᠭ᠎ᠠ ᠳᠤ ᠨᠢᠬᠡ ᠰᠡᠳᠬᠢᠯ ᠨᠡᠶᠢᠲᠡ ᠶᠢᠨ ᠬᠦᠴᠦᠨ ᠢᠶᠠᠷ ᠴᠢᠨᠡᠬᠡᠯᠢᠭ ᠨᠡᠶᠢᠬᠡᠮ ᠢ  ᠪᠡᠶᠡᠯᠡᠬᠦᠯᠬᠦ ᠰᠢᠢᠳᠪᠦᠷᠢᠲᠦ ᠱᠠᠲᠣᠨ ᠤ ᠢᠯᠠᠯᠲᠠ᠂ ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠰᠢᠢᠳᠪᠦᠷᠢᠲᠦ ᠢᠯᠠᠯᠲᠠ ᠶᠢ ᠣᠯᠬᠤ ᠬᠡᠷᠡᠭᠲᠡᠢ᠃    ᠰᠣᠮᠣ ᠶᠢᠨ ᠨᠠᠮ ᠤᠨ ᠬᠤᠷᠢᠶᠠᠨ ᠤ ᠱᠦᠵᠢ ᠵᠠᠶᠠᠭ᠎ᠠ ᠠᠴᠠ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠣᠯᠲᠠ ᠶᠢᠨ ᠪᠠᠶᠢᠴᠠᠭᠠᠯᠲᠠ ᠶᠢ ᠣᠭᠳᠣᠬᠤ ᠲᠣᠬᠠᠢ ᠪᠠᠶᠢᠷᠢᠯᠠᠭᠤᠯᠣᠯᠲᠠ ᠶᠢᠨ ᠪᠠᠴᠢᠮ ᠬᠤᠷᠠᠯ ᠤᠨ ᠵᠣᠷᠢᠭ ᠰᠠᠨᠠᠭ᠎ᠠ ᠪᠠ ︽ ᠡᠸ᠋ᠨᠩᠬᠢ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠣᠯᠲᠠ ᠶᠢᠨ ᠵᠢᠯᠣᠭᠤᠳᠬᠤ ᠭᠠᠵᠠᠷ ᠤᠨ ᠬᠦᠯᠦᠨ ᠪᠣᠶᠢᠷ ᠬᠤᠲᠠ ᠶᠢᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠣᠯᠲᠠ ᠶᠢᠨ ᠵᠢᠯᠣᠭᠤᠳᠬᠤ ᠭᠠᠵᠠᠷ ᠤᠨ ᠬᠠᠷᠢᠭᠤ ᠳᠣᠰᠬᠠᠬᠰᠠᠨ ᠠᠰᠠᠭᠤᠳᠠᠯ ᠬᠢᠬᠡᠳ ᠴᠡᠭᠴᠡᠯᠡᠨ ᠦᠭᠡᠷᠡᠴᠢᠯᠡᠬᠦᠯᠬᠦ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠲᠣᠬᠠᠢ ᠮᠡᠳᠡᠬᠡᠯᠡᠯᠲᠡ︾ ᠶᠢᠨ ᠱᠠᠭᠠᠷᠳᠠᠯᠭ᠎ᠠ ᠶᠢ ᠣᠯᠠᠮᠵᠢᠯᠠᠬᠤ ᠳᠠᠭᠠᠨ ᠴᠢᠬᠤᠯᠠᠴᠢᠯᠠᠭᠰᠠᠨ ᠨᠢ᠂ ᠨᠢᠬᠡ ᠳᠤ ᠣᠨᠣᠪᠴᠢᠲᠠᠢ ᠪᠠᠷ ᠢᠯᠭᠠᠨ ᠲᠣᠳᠣᠯᠠᠬᠤ᠂ ᠣᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠯᠡᠬᠦ᠂ ᠣᠨᠣᠪᠴᠢᠲᠠᠢ ᠪᠠᠷ ᠣᠬᠤᠷᠢᠭᠤᠯᠣᠨ ᠭᠠᠷᠭᠠᠬᠤ ᠶᠢ ᠯᠠᠪᠲᠠᠢ ᠪᠠᠲᠣᠯᠠᠬᠤ ᠬᠡᠷᠡᠭᠲᠡᠢ︔ ᠬᠤᠶᠠᠷ ᠲᠤ ᠮᠡᠳᠡᠬᠦᠯᠦᠨ ᠬᠦᠷᠬᠡᠬᠦ ᠬᠦᠰᠦᠨᠦᠭᠲᠦ ᠪᠠᠨ ᠴᠠᠭ ᠲᠣᠬᠠᠢ ᠳᠤᠨᠢ ᠮᠡᠳᠡᠬᠦᠯᠦᠨ ᠬᠦᠷᠭᠡᠬᠦ ᠬᠡᠷᠡᠭᠲᠡᠢ︔ ᠭᠤᠷᠪᠠ ᠳᠤ ᠭᠠᠴᠠᠭ᠎ᠠ ᠶᠢᠨ ᠬᠠᠮᠳᠣ ᠶᠢᠨ ᠠᠵᠣ ᠠᠬᠤᠢ ᠶᠢ ᠦᠨᠡᠨᠬᠦ ᠬᠦᠭᠵᠢᠬᠦᠯᠦᠨ ᠪᠣᠵᠠᠭᠠᠶᠢᠷᠠᠭᠤᠯᠵᠣ ᠂ ᠶᠠᠳᠠᠭᠤ ᠬᠦᠴᠢᠷᠳᠡᠯᠳᠡᠢ ᠡᠷᠦᠬᠡ ᠶᠢ ᠳᠠᠶᠢᠴᠢᠯᠠᠨ ᠶᠠᠳᠠᠭᠤ ᠠᠴᠠ ᠠᠩᠬᠢᠵᠢᠷᠠᠭᠤᠯᠣᠨ ᠪᠠᠶᠠᠵᠢᠭᠤᠯᠣᠨ ᠴᠢᠨᠡᠬᠡᠯᠢᠭᠵᠢᠬᠦᠯᠬᠦ ᠬᠡᠷᠡᠭᠲᠡᠢ︔ ᠲᠦᠷᠪᠡ ᠳᠤ ᠡᠷᠦᠬᠡ ᠳᠤ ᠣᠷᠣᠵᠣ ᠣᠬᠠᠭᠤᠯᠬᠤ ᠬᠦᠴᠦᠯᠡᠴᠡ ᠪᠠᠨ ᠨᠡᠮᠡᠭᠳᠡᠬᠦᠯᠵᠦ᠂ ᠦᠷ᠎ᠡ ᠪᠦᠲᠦᠮᠵᠢ ᠣᠯᠬᠤ ᠠᠷᠭ᠎ᠠ ᠶᠢ ᠴᠢᠩᠭᠠᠷᠠᠭᠤᠯᠬᠤ ᠬᠡᠷᠡᠭᠲᠡᠢ︔ ᠲᠠᠪᠤ ᠳᠤ ᠳᠣᠳᠣᠭᠠᠳᠣᠬᠢ ᠠᠵᠢᠯ ᠤᠨ ᠳᠠᠩᠰᠠ ᠡᠪᠬᠡᠮᠡᠯ ᠢ ᠦᠷᠬᠦᠯᠵᠢᠯᠡᠨ ᠪᠦᠷᠢᠨᠰᠢᠬᠦᠯᠵᠦ᠂ ᠳᠠᠩᠰᠠ ᠡᠪᠬᠡᠮᠡᠯ ᠢᠶᠠᠷ ᠠᠮᠵᠢᠯᠲᠠ ᠪᠦᠲᠦᠮᠵᠢ ᠶᠢ  ᠬᠠᠷᠠᠭᠤᠯᠬᠤ ᠶᠢ ᠪᠠᠲᠣᠯᠠᠬᠤ ᠬᠡᠷᠡᠭᠲᠡᠢ︔ ᠵᠢᠷᠭᠤᠭ᠎ᠠ ᠳᠤ ᠣᠨᠳᠣᠣ ᠭᠠᠵᠠᠷ ᠲᠤ ᠨᠡᠬᠦᠯᠬᠡᠨ ᠰᠠᠭᠤᠯᠭᠠᠬᠤ ᠨᠣᠷᠮ᠎ᠠ ᠶᠢ ᠪᠠᠲᠣᠯᠠᠬᠤ ᠬᠡᠷᠡᠭᠲᠡᠢ︔ ᠳᠣᠯᠤᠭ᠎ᠠ ᠳᠤ ᠶᠠᠳᠠᠭᠤ ᠶᠢ ᠲᠡᠳᠬᠦᠬᠦ ᠠᠯᠪᠠᠨ ᠬᠡᠷ ᠠᠴᠠ ᠱᠠᠭᠠᠷᠳᠠᠨ ᠪᠠᠶᠢᠴᠠᠭᠠᠬᠤ ᠵᠢᠭᠠᠨ ᠵᠢᠯᠣᠭᠤᠳᠬᠤ ᠳᠣᠭᠤᠶᠢᠯᠠᠩ ᠢ ᠴᠠᠭ ᠲᠣᠬᠠᠢ ᠳᠤᠨᠢ ᠲᠣᠬᠢᠷᠠᠭᠤᠯᠵᠣ᠂ ᠦᠪᠡᠷᠳᠡᠬᠡᠨ ᠪᠠᠶᠢᠴᠠᠭᠠᠵᠣ᠂ ᠬᠤᠲᠠ ᠬᠤᠰᠢᠭᠤ ᠱᠠᠲᠣᠨ ᠤ ᠴᠡᠭᠴᠡᠯᠡᠨ ᠦᠬᠡᠷᠡᠴᠢᠯᠡᠬᠦᠯᠬᠦ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠣᠳᠠᠳᠠᠢ ᠳᠤ ᠨᠠᠶᠢᠳᠠᠪᠣᠷᠢᠵᠢᠭᠤᠯᠬᠤ ᠶᠢ ᠪᠠᠳᠣᠯᠠᠬᠤ ᠬᠡᠷᠡᠭᠲᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号