ᠬᠤᠳᠠ ᠶᠢᠨ ᠬᠠᠤᠯᠢ ᠴᠠᠭᠠᠵᠠ ᠶᠢᠨ ᠲᠤᠪᠴᠢᠶ᠎ᠠ ᠶᠢᠨ ᠲᠠᠳ᠋ ᠲᠠᠷᠤᠭ᠎ᠠ ᠯᠢᠦ ᠯᠢ ᠬᠤᠸ᠋ᠨ ᠨᠠᠷ ᠮᠠᠨ ᠤ ᠬᠤᠰᠢᠭᠤᠨ ᠳᠤ ᠢᠷᠠᠵᠦ ᠱᠠᠭᠠᠷᠳᠠᠨ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2018/6/6
   5 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠠ᠂ ᠬᠤᠳᠠ ᠶᠢᠨ ᠬᠠᠤᠯᠢ ᠴᠠᠭᠠᠵᠠ ᠶᠢᠨ ᠲᠤᠪᠴᠢᠶ᠎ᠠ  ᠶᠢᠨ ᠲᠠᠳ᠋ ᠲᠠᠷᠤᠭ᠎ᠠ ᠯᠢᠦ ᠯᠢ ᠬᠤᠸ᠋ᠨ ᠨᠠᠷ ᠮᠠᠨ ᠤ ᠬᠤᠰᠢᠭᠤᠨ ᠳᠤ ᠢᠷᠠᠵᠦ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠭᠤᠤᠯᠳᠠᠯᠭ᠎ᠠ ᠲᠠᠢ ᠠᠵᠢᠯ ᠳᠤ ᠬᠢᠨᠠᠨ ᠪᠠᠶᠢᠴᠠᠭᠠᠯᠳᠠ ᠬᠢᠵᠦ᠂ ᠬᠤᠰᠢᠭᠤᠨ ᠤ ᠵᠠᠰᠠᠭ ᠤᠨ ᠤᠷᠳᠤᠨ ᠤ ᠲᠠᠳ᠋ ᠲᠠᠷᠤᠭ᠎ᠠ ᠼᠤᠤ ᠬᠠᠢ ᠴᠢᠩ ᠨᠠᠷ ᠬᠠᠮᠳᠤᠪᠠᠷ ᠱᠠᠭᠠᠷᠳᠠᠨ ᠪᠠᠶᠢᠴᠠᠭᠠᠯᠳᠠ ᠬᠢᠪᠡ᠃ ᠯᠢᠦ ᠯᠢ ᠬᠤᠸ᠋ᠨ ᠨᠠᠷ ᠤᠷᠢᠳ ᠬᠤᠵᠢᠤᠨ ᠰᠢᠨ ᠯᠦᠩ  ᠬᠠᠤᠯᠢᠴᠢ ᠶᠢᠨ ᠠᠵᠢᠯ ᠤᠨ ᠭᠠᠵᠠᠷ᠂ ᠪᠠᠶᠠᠨᠳᠤᠬᠤᠢ ᠶᠢᠨ ᠬᠠᠤᠯᠢ ᠴᠠᠭᠠᠵᠠ ᠶᠢᠨ ᠭᠠᠵᠠᠷ᠂ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠶᠢᠨ ᠨᠠᠶᠢᠭᠡᠮ ᠲᠤᠭᠤᠷᠢᠭ ᠤᠨ ᠵᠠᠰᠠᠨ ᠬᠦᠮᠦᠵᠢᠭᠦᠯᠬᠦ ᠬᠠᠤᠯᠢ ᠬᠡᠷᠡᠭᠵᠢᠬᠦᠯᠦᠯᠲᠡ ᠶᠢᠨ ᠶᠡᠭᠡ ᠠᠩᠬᠢ᠂ ᠰᠤᠯᠤᠨ ᠠᠯᠪᠠᠨ ᠭᠡᠷᠡᠴᠢᠯᠡᠭᠡ ᠶᠢᠨ ᠭᠠᠵᠠᠷ ᠵᠢᠴᠢ ᠪᠠᠶᠠᠨᠳᠤᠬᠤᠢ ᠪᠠᠯᠭᠠᠰᠤ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠵᠠᠷᠭᠡ ᠪᠣᠳᠠᠳᠠᠢ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠳᠠ ᠬᠢᠵᠦ᠂ ᠨᠠᠮ ᠤᠨ ᠠᠷᠪᠡᠨ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠮ ᠤᠨ ᠪᠠᠶᠢᠭᠤᠯᠤᠯᠳᠠ ᠶᠢᠨ ᠠᠵᠢᠯᠠᠯᠭ᠎ᠠ ᠳᠠᠭᠠᠨ ᠨᠠᠶᠢᠳᠠᠪᠦᠷᠢᠵᠢᠭᠤᠯᠤᠭᠰᠠᠨ ᠪᠠᠶᠢᠳᠠᠯ᠂ ᠤᠯᠠᠨ ᠨᠠᠶᠢᠳᠠ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ᠂ ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠲᠤᠰᠯᠠᠮᠵᠢ ᠵᠢᠴᠢ ᠬᠠᠤᠯᠢᠴᠢ ᠶᠢᠨ ᠠᠯᠪᠠᠨ ᠭᠡᠷᠡᠴᠢᠯᠡᠭᠡ ᠶᠢᠨ ᠦᠢᠯᠡᠴᠢᠯᠡᠭᠡᠨ ᠵᠠᠷᠭᠡ ᠭᠤᠤᠯᠳᠠᠯᠭ᠎ᠠ  ᠲᠠᠢ ᠠᠵᠢᠯ ᠢ ᠦᠷᠨᠢᠭᠦᠯᠦᠭᠰᠡᠨ ᠪᠠᠶᠢᠳᠠᠯ ᠢ ᠭᠤᠤᠯᠳᠠᠯᠭ᠎ᠠ ᠲᠠᠢ ᠤᠶᠢᠯᠠᠭᠠᠵᠦ᠂ ᠵᠢᠯᠤᠭᠤᠳᠬᠤ ᠴᠢᠨᠠᠷᠳᠠᠢ ᠰᠠᠨᠠᠯ ᠰᠠᠨᠠᠭᠤᠯᠭ᠎ᠠ ᠲᠤᠷᠠᠳᠪᠡ᠃     ᠵᠠᠯᠭᠠᠭᠠᠳ ᠰᠠᠭᠤᠳᠠᠯ ᠤᠨ ᠬᠤᠷᠠᠯ ᠬᠢᠵᠦ᠂ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠤᠪᠴᠢᠶᠠᠨ ᠲᠠᠷᠤᠭ᠎ᠠ ᠪᠠᠢ ᠴᠦᠨ ᠭᠤᠸᠠᠩ 2017 ᠤᠨ ᠠᠴᠠ ᠨᠠᠰᠢᠬᠢ ᠮᠠᠨ ᠤ ᠬᠤᠰᠢᠭᠤᠨ ᠤ ᠬᠠᠤᠯᠢ ᠴᠠᠭᠠᠵᠠ ᠶᠢᠨ ᠬᠠᠮᠢᠶ᠎ᠠ ᠪᠦᠬᠦᠢ ᠠᠵᠢᠯ ᠢ ᠦᠷᠨᠢᠭᠦᠯᠦᠭᠰᠡᠨ ᠪᠠᠶᠢᠳᠠᠯ ᠪᠠ ᠳᠠᠷᠠᠭᠠᠴᠢ ᠶᠢᠨ ᠠᠯᠬᠤᠮ ᠤᠨ ᠠᠵᠢᠯ ᠤᠨ ᠲᠦᠯᠦᠪᠯᠡᠭᠡ ᠶᠢᠨ ᠲᠤᠬᠠᠢ ᠮᠡᠳᠡᠭᠦᠯᠦᠯᠳᠠ ᠬᠢᠪᠡ︔ ᠬᠤᠷᠠᠯ ᠳᠤ ᠤᠷᠤᠯᠴᠠᠭᠰᠠᠳ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠯ᠎ᠠ ᠵᠦᠢᠯ ᠤᠨ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ᠂  ᠬᠦᠴᠢᠷᠳᠠᠯ ᠪᠠ ᠠᠰᠠᠭᠤᠳᠠᠯ ᠵᠢᠴᠢ ᠡᠯ᠎ᠠ ᠵᠦᠢᠯ ᠤᠨ ᠡᠭᠦᠳᠦᠨ ᠪᠠᠶᠢᠭᠤᠯᠬᠤ ᠠᠵᠢᠯ  ᠤᠨ ᠠᠷᠭ᠎ᠠ ᠬᠢᠳᠡᠯ ᠪᠠ ᠦᠷ᠎ᠠ ᠪᠦᠳᠦᠮᠵᠢ ᠶᠢᠨ ᠲᠤᠬᠠᠢ ᠰᠤᠳᠤᠯᠤᠨ ᠶᠠᠷᠢᠯᠴᠠᠪᠠ᠃    ᠯᠢᠦ ᠯᠢ ᠬᠤᠸ᠋ᠨ ᠨᠠᠷ ᠮᠠᠨ ᠤᠨ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠦᠷᠨᠢᠭᠦᠯᠦᠭᠰᠡᠨ ᠪᠠᠶᠢᠳᠠᠯ ᠢ ᠬᠦᠢᠴᠠᠳ ᠨᠤᠳᠠᠯᠠᠬᠤ ᠶᠢᠨ ᠬᠠᠮᠳᠤ ᠨᠠᠮ ᠤᠨ ᠠᠷᠪᠡᠨ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠠᠯᠬᠤᠮ ᠴᠢᠨᠠᠭᠰᠢᠳᠠ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠬᠠᠤᠯᠢᠴᠢ ᠶᠢᠨ ᠬᠠᠮᠢᠶᠠᠷᠤᠯᠳᠠ  ᠶᠢ ᠴᠢᠩᠭᠠᠳᠬᠠᠵᠦ᠂ ᠨᠠᠮ ᠤᠨ ᠪᠠᠶᠢᠭᠤᠯᠤᠯᠳᠠ ᠶᠢᠨ ᠠᠵᠢᠯᠯᠠᠭ᠎ᠠ ᠦᠷᠨᠢᠭᠦᠯᠬᠦ ᠶᠢ ᠴᠢᠩᠳᠠᠯᠠᠵᠣ᠂ ᠤᠯᠠᠨ ᠨᠠᠶᠢᠳᠠ  ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠰᠢᠨ᠎ᠠ ᠨᠢᠭᠡᠨ ᠲᠡᠭᠳᠡᠷ ᠲᠤ ᠬᠦᠷᠭᠡᠬᠦ  ᠭᠡᠷᠡᠭᠳᠡᠢ ᠭᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号