ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠦᠷᠦ ᠶᠢᠨ ᠵᠦᠪᠯᠡᠯᠭᠡᠨ ᠤ ᠲᠠᠷᠢᠭᠦᠯᠡᠭᠴᠢ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠬᠤᠳᠠᠯᠨ ᠨᠠᠷ ᠬᠤᠢ ᠰᠤᠮᠤ ᠳᠤ ᠬᠦᠷᠴᠤ ᠭᠠᠴᠠᠭ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠲᠦᠯᠬᠢᠨ ᠠᠬᠢᠭᠤᠯᠬᠤ ᠬᠤᠷᠠᠯ ᠢ ᠵᠢᠯᠤᠭᠤᠳᠤᠪᠠ
ᠨᠡᠶᠢᠲᠡᠯᠡᠭᠰᠡᠨ ᠴᠠᠭ᠄
2018/6/6
   5 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠬᠤᠳᠠᠯᠨ ᠨᠠᠷ ᠬᠤᠢ ᠰᠤᠮᠤ ᠶᠢᠨ ᠭᠠᠯᠠᠭᠤᠳᠤ ᠭᠠᠴᠠᠭ᠎ᠠ᠂ ᠪᠠᠶᠠᠨᠬᠭᠤᠯᠨ ᠭᠠᠴᠠᠭ᠎ᠠ ᠳᠤ ᠬᠦᠷᠴᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠲᠦᠯᠬᠢᠨ ᠠᠬᠢᠭᠤᠯᠬᠤ ᠬᠤᠷᠠᠯ ᠢ ᠵᠢᠯᠤᠭᠤᠳᠤᠪᠠ᠃    ᠬᠤᠷᠠᠯ ᠲᠡᠭᠡᠷ᠎ᠠ᠂ ᠬᠤᠳᠠᠯᠨ ᠡᠸ᠋ᠨᠩᠬᠢ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠠᠷᠪᠠᠨ ᠨᠢᠭᠡ᠂ ᠠᠷᠪᠠᠨ ᠬᠤᠶᠠᠷ᠂ ᠠᠷᠪᠠᠨ ᠭᠤᠷᠪᠠᠳᠤᠭᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠠᠮᠵᠢᠭᠤᠯᠬᠤ ᠶᠢᠨ ᠬᠠᠮᠳᠤ ᠬᠠᠪᠰᠤᠷᠤᠨ ᠲᠡᠳᠬᠦᠬᠦ ᠺᠠᠳ᠋ᠷᠴᠤᠤᠨ᠂ ᠭᠠᠴᠠᠭᠠᠨ ᠳᠤ ᠰᠠᠭᠤᠭ᠎ᠠ ᠠᠵᠢᠯᠯᠠᠬᠤ ᠳᠣᠭᠤᠶᠢᠯᠠᠩ ᠤᠨ ᠭᠡᠰᠢᠭᠦᠤᠨ ᠦᠵᠡᠯ ᠲᠠᠨᠢᠯᠳᠠ ᠪᠠᠨ ᠲᠡᠭᠡᠭᠰᠢᠯᠡᠭᠦᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠰᠠᠶᠢᠳᠦᠷ ᠬᠢᠵᠦ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠴᠢᠬᠤᠯᠨ ᠠᠴᠠ ᠴᠢᠬᠤᠯᠨ ᠠᠵᠢᠯ ᠪᠤᠯᠭᠠᠵᠦ ᠭᠤᠤᠯᠳᠠᠯᠭ᠎ᠠ ᠲᠠᠢ ᠠᠳᠬᠤᠬᠤ ᠭᠡᠷᠡᠭᠳᠡᠢ︔ ᠤᠨᠢᠨ ᠲᠡᠭᠡᠷ᠎ᠠ ᠨᠢ ᠠᠷᠭ᠎ᠠ ᠪᠤᠳᠤᠯᠭ᠎ᠠ ᠭᠡᠷᠡᠭᠵᠢᠭᠦᠯᠵᠦ᠂ ᠶᠠᠳᠠᠭᠤ ᠠᠴᠠ ᠠᠩᠬᠢᠵᠢᠷᠠᠭᠤᠯᠬᠤ ᠠᠵᠢᠯ ᠢ ᠲᠦᠯᠬᠢᠨ ᠠᠬᠢᠭᠤᠯᠬᠤ ᠭᠡᠷᠡᠭᠳᠡᠢ︔ ᠬᠠᠷᠢᠭᠤᠴᠠᠯᠭ᠎ᠠ ᠲᠤᠯᠭᠠᠬᠤ ᠪᠠ ᠬᠢᠨᠠᠯᠳᠠ ᠬᠠᠮᠢᠶᠠᠷᠤᠯᠳᠠ ᠶᠢ ᠴᠢᠩᠭ᠎ᠠ ᠬᠢᠨᠠᠨ ᠰᠢᠯᠭᠠᠵᠦ᠂ ᠺᠠᠳ᠋ᠷᠴᠤᠤᠨ ᠤᠨ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠬᠤ ᠶᠢ ᠠᠬᠢᠭᠤᠯᠬᠤ ᠭᠡᠷᠡᠭᠳᠡᠢ ᠭᠡᠵᠡᠢ᠃    ᠰᠤᠮᠤ ᠶᠢᠨ ᠨᠠᠮ ᠤᠨ ᠬᠤᠷᠢᠶᠠᠨ ᠤ ᠱᠦᠵᠢ ᠵᠠᠶᠠᠭ᠎ᠠ ᠠᠴᠠ ᠬᠦᠯᠦᠨ ᠪᠤᠶᠢᠷ ᠬᠤᠳᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠬᠢᠨᠠᠨ ᠵᠢᠯᠤᠭᠤᠳᠴᠤ ᠬᠠᠷᠢᠭᠤ ᠲᠤᠰᠬᠠᠭᠰᠠᠨ ᠬᠤᠷᠠᠯ ᠤᠨ ᠠᠭᠤᠯᠭ᠎ᠠ ᠶᠢ ᠮᠡᠳᠡᠭᠡᠯᠡᠵᠦ᠂ ᠵᠢᠭᠠᠵᠣ ᠭᠠᠷᠭᠠᠭᠰᠠᠨ ᠨᠢ᠂ ᠨᠢᠬᠡ ᠳᠤ ᠬᠠᠪᠰᠤᠷᠤᠨ ᠲᠡᠳᠬᠦᠬᠦ ᠺᠠᠳ᠋ᠷᠴᠤᠤᠨ ᠦᠷᠬᠦᠯᠵᠢ ᠡᠷᠦᠭᠡ ᠳᠤ ᠤᠷᠤᠵᠦ ᠤᠬᠠᠭᠤᠯᠭ᠎ᠠ ᠬᠢᠬᠦ ᠶᠢᠨ ᠬᠠᠮᠳᠤ ᠬᠠᠷᠢᠯᠴᠠᠯ ᠨᠠᠪᠳᠠᠷᠠᠯᠴᠠᠯ ᠢᠶᠠᠨ ᠴᠢᠩᠭᠠᠳᠬᠠᠬᠤ ᠭᠡᠷᠡᠭᠳᠡᠢ︔ ᠬᠤᠶᠠᠷ ᠲᠤ ᠶᠠᠳᠠᠭᠤ ᠶᠢ ᠲᠠᠳᠬᠦᠬᠦ ᠤᠬᠠᠭᠤᠯᠭ᠎ᠠ ᠶᠢᠨ ᠺᠠᠷᠲ ᠤᠨ ᠠᠭᠤᠯᠭ᠎ᠠ ᠪᠠᠨ ᠲᠠᠰᠤᠷᠠᠯᠳᠠ ᠦᠭᠡᠢ ᠰᠢᠨᠡᠴᠢᠯᠡᠵᠦ᠂ ᠲᠤᠳᠤᠭᠠᠳᠤᠬᠢ ᠠᠵᠢᠯ ᠤᠨ ᠲᠠᠩᠰᠠ ᠡᠪᠭᠡᠮᠡᠯ ᠢ ᠲᠡᠬᠦᠯᠳᠡᠷᠵᠢᠭᠦᠯᠵᠦ᠂ ᠯᠤᠬᠢᠭ ᠤᠨ ᠬᠠᠷᠢᠴᠠᠭ᠎ᠠ ᠶᠢ ᠵᠦᠪ ᠤᠨᠤᠪᠴᠢᠳᠠᠢ ᠪᠠᠶᠢᠯᠭᠠᠬᠤ ᠶᠢ ᠪᠠᠳᠤᠯᠠᠬᠤ ᠭᠡᠷᠡᠭᠳᠡᠢ︔ ᠭᠤᠷᠪᠠ ᠬᠠᠮᠢᠶ᠎ᠠ ᠪᠦᠬᠦᠢ ᠲᠤᠭ᠎ᠠ ᠪᠠᠷᠢᠮᠳᠠ ᠶᠢ ᠮᠡᠳᠡᠭᠦᠯᠬᠦ ᠬᠦᠰᠦᠨᠦᠭᠳᠤ ᠪᠠᠨ ᠲᠠᠷᠨ ᠲᠠᠷᠤᠢ ᠳᠤᠨᠢ ᠮᠡᠳᠡᠭᠦᠯᠬᠦ ᠭᠡᠷᠡᠭᠳᠡᠢ︔ ᠲᠦᠷᠪᠡ ᠳᠤ ᠤᠨᠢᠨ ᠲᠡᠭᠡᠷ᠎ᠠ ᠨᠢ ᠢᠯᠭᠠᠨ ᠲᠤᠳᠤᠯᠠᠬᠤ᠂ ᠤᠨᠢᠨ ᠲᠡᠭᠡᠷ᠎ᠠ ᠨᠢ ᠠᠷᠭ᠎ᠠ ᠪᠤᠳᠤᠯᠭ᠎ᠠ ᠭᠡᠷᠡᠭᠵᠢᠭᠦᠯᠬᠦ᠂ ᠤᠨᠢᠨ ᠲᠡᠭᠡᠷ᠎ᠠ ᠨᠢ ᠤᠬᠤᠷᠢᠭᠤᠯᠤᠨ ᠭᠠᠷᠭᠠᠬᠤ ᠲᠠᠯ᠎ᠠ ᠪᠠᠷ ᠦᠷᠬᠦᠯᠵᠢᠯᠡᠨ ᠬᠦᠴᠦ ᠲᠠᠯᠪᠢᠵᠦ᠂ ᠤᠨᠢᠨ ᠲᠡᠭᠡᠷ᠎ᠠ ᠨᠢ ᠪᠤᠳᠠᠳᠠᠶᠢᠵᠢᠭᠤᠯᠬᠤ ᠶᠢ ᠪᠠᠳᠤᠯᠠᠬᠤ ᠭᠡᠷᠡᠭᠳᠡᠢ︔ ᠲᠠᠪᠤ ᠳᠤ ᠠᠰᠠᠭᠤᠳᠠᠯ ᠪᠠ ᠠᠯᠳᠠᠭ᠎ᠠ ᠪᠣᠷᠣᠭᠤ ᠪᠠᠶᠢᠪᠠᠯ ᠲᠠᠷᠨ ᠲᠤᠤᠷ᠎ᠠ ᠨᠢ ᠴᠡᠭᠴᠡᠯᠡᠨ ᠦᠭᠡᠷᠡᠴᠢᠯᠡᠵᠦ ᠂ ᠴᠡᠭᠴᠡᠯᠡᠨ ᠦᠭᠡᠷᠡᠴᠢᠯᠡᠯᠳᠠ ᠶᠢ ᠪᠤᠳᠠᠳᠠᠢ ᠳᠤ ᠨᠠᠶᠢᠳᠠᠪᠦᠷᠢᠵᠢᠭᠤᠯᠬᠤ ᠭᠡᠷᠡᠭᠳᠡᠢ᠃    ᠬᠤᠰᠢᠭᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠭᠡᠯᠳᠡᠰ ᠤᠨ ᠲᠠᠳ᠋ ᠲᠠᠷᠤᠭ᠎ᠠ᠂ ᠠᠬᠠᠮᠠᠳ ᠺᠠᠳ᠋ᠷ  ᠤᠨ ᠬᠠᠮᠢᠶᠠᠷᠤᠯᠳᠠ ᠶᠢᠨ ᠲᠤᠪᠴᠢᠶ᠎ᠠ ᠶᠢᠨ ᠲᠠᠷᠤᠭ᠎ᠠ ᠠᠯᠳᠠᠷᠳᠤ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ  ᠤ ᠨᠠᠷᠢᠨ ᠪᠢᠴᠢᠭ ᠤᠨ ᠲᠠᠷᠤᠭ᠎ᠠ ᠯᠢᠦ ᠡᠾᠧ ᠶᠢᠦ ᠲᠠᠭᠠᠭᠠᠨ ᠪᠠᠳᠤᠯᠠᠵᠦ ᠬᠠᠪᠰᠤᠷᠤᠨ ᠲᠡᠳᠬᠦᠬᠦ ᠭᠠᠴᠠᠭ᠎ᠠ᠂ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠭᠠᠵᠠᠷ ᠤᠨ ᠤᠶᠢᠷ᠎ᠠ ᠶᠢᠨ ᠬᠤᠭᠤᠴᠠᠭᠠᠨ  ᠤ ᠪᠦᠬᠦ ᠬᠤᠰᠢᠭᠤᠨ ᠤ ᠡᠯ᠎ᠠ ᠵᠦᠢᠯ ᠤᠨ ᠠᠵᠢᠯᠯᠠᠬᠤ ᠳᠣᠭᠤᠶᠢᠯᠠᠩ ᠤᠨ ᠠᠵᠢᠯ ᠦᠷᠨᠢᠭᠦᠯᠦᠭᠰᠡᠨ ᠪᠠᠶᠢᠳᠠᠯ ᠢ ᠲᠤᠰ ᠲᠤᠰ ᠮᠡᠳᠡᠭᠡᠯᠡᠪᠡ᠃ ᠡᠯ᠎ᠠ ᠠᠵᠢᠯᠯᠠᠬᠤ ᠳᠣᠭᠤᠶᠢᠯᠠᠩ ᠤᠨ ᠲᠠᠷᠤᠭ᠎ᠠ᠂ ᠭᠠᠴᠠᠭ᠎ᠠ ᠶᠢᠨ ︽ᠨᠢᠭᠡᠳᠦᠭᠡᠷ ᠱᠦᠵᠢ︾᠂ ᠨᠠᠮ ᠤᠨ ᠡᠭᠦᠷ ᠤᠨ ᠱᠦᠵᠢ ᠵᠢᠴᠢ ᠭᠠᠴᠠᠭᠠᠨ ᠲᠠᠷᠤᠭ᠎ᠠ᠂ ᠭᠠᠴᠠᠭᠠᠨ ᠤ ᠪᠠᠨ ᠪᠤᠳᠠᠳᠠᠢ ᠲᠠᠢ ᠤᠶᠠᠯᠳᠤᠭᠤᠯᠤᠨ᠂ ᠲᠤᠰ ᠲᠤᠰ ᠤᠨ ᠠᠵᠢᠯ ᠤᠨ ᠬᠤᠪᠢᠶᠠᠷᠢ ᠶᠤᠰᠤᠭᠠᠷ᠂ ᠭᠠᠴᠠᠭ᠎ᠠ ᠶᠢᠨ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠠᠵᠢᠯ ᠢᠶᠠᠨ ᠦᠷᠨᠢᠭᠦᠯᠦᠭᠰᠡᠨ ᠪᠠᠶᠢᠳᠠᠯ᠂ ᠤᠷᠤᠰᠢᠵᠦ ᠪᠠᠶᠢᠭ᠎ᠠ ᠠᠰᠠᠭᠤᠳᠠᠯ᠂ ᠲᠠᠷᠠᠭᠠᠴᠢ ᠶᠢᠨ ᠠᠵᠢᠯ ᠤᠨ ᠲᠦᠯᠦᠪᠯᠡᠭᠡ ᠪᠠᠨ ᠮᠡᠳᠡᠭᠦᠯᠬᠦ ᠶᠢᠨ ᠬᠠᠮᠳᠤ ᠬᠤᠶᠢᠰᠢᠳᠠ ᠬᠠᠷᠢᠭᠤᠴᠠᠯᠭ᠎ᠠ ᠪᠠᠨ ᠦᠷᠭᠦᠯᠵᠢᠯᠡᠨ ᠴᠢᠩᠭᠠᠳᠬᠠᠵᠦ᠂ ᠦᠵᠡᠯ ᠤᠬᠠᠮᠰᠠᠷ ᠪᠠᠨ ᠲᠡᠭᠡᠭᠰᠢᠯᠡᠭᠦᠯᠦᠨ᠂ ᠴᠢᠨᠡᠭᠡᠯᠢᠭ ᠨᠠᠶᠢᠭᠡᠮ ᠢ ᠪᠡᠶᠡᠯᠡᠭᠦᠯᠬᠦ ᠰᠢᠢᠳᠪᠦᠷᠢᠳᠤ ᠢᠯᠠᠯᠳᠠ ᠶᠢ ᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠰᠢᠢᠳᠪᠦᠷᠢᠳᠤ ᠢᠯᠠᠯᠳᠠ  ᠶᠢ ᠤᠯᠬᠤ ᠤᠪᠤᠷ ᠢᠶᠠᠨ ᠢᠯᠡᠳᠭᠡᠬᠦ ᠶᠠᠷᠢᠶ᠎ᠠ ᠲᠠᠯᠪᠢᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号