ᠡᠪ ᠬᠠᠮᠳᠣ ᠵᠠᠯᠠᠭᠤᠴᠣᠳ ᠤᠨ ᠡᠪᠯᠡᠯ ᠤᠨ ᠬᠤᠰᠢᠭᠤᠨ ᠤ ᠬᠤᠷᠢᠶ᠎ᠠ 2018 ᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/6/6
   5 ᠰᠠᠷ᠎ᠠ ᠶᠢᠨ 28 ᠤ ᠡᠳᠦᠷ᠂ ᠡᠪ ᠬᠠᠮᠳᠣ ᠵᠠᠯᠠᠭᠤᠴᠣᠳ ᠤᠨ ᠡᠪᠯᠡᠯ ᠤᠨ ᠬᠤᠰᠢᠭᠤᠨ ᠤ ᠬᠤᠷᠢᠶ᠎ᠠ 2018 ᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠵᠦ᠂ ᠬᠤᠰᠢᠭᠤᠨ ᠤ ᠡᠪᠯᠡᠯ ᠤᠨ ᠬᠤᠷᠢᠶᠠᠨ ᠤ ᠱᠦᠵᠢ ᠪᠠᠮᠪᠠᠷ ᠬᠤᠷᠠᠯ ᠡᠷᠬᠢᠯᠡᠵᠦ᠂ ᠬᠤᠰᠢᠭᠤᠨ ᠤ ᠦᠨᠳᠦᠰᠦᠳᠡᠨ ᠤ ᠪᠠᠭᠠᠴᠤᠤᠨ ᠤᠨ ᠤᠷᠳᠤᠨ ᠤ ᠤᠳᠤᠷᠢᠳᠬᠤ ᠪᠠᠭ ᠤᠨ ᠭᠡᠰᠢᠭᠦᠨ᠂ ᠬᠤᠰᠢᠭᠤᠨ ᠤ ᠡᠪᠯᠠᠯ ᠤᠨ ᠬᠤᠷᠢᠶ᠎ᠠ ᠶᠢᠨ ᠤᠳᠤᠷᠢᠳᠬᠤ ᠪᠠᠭ ᠤᠨ ᠬᠡᠰᠢᠬᠦᠳ ᠵᠢᠴᠢ ᠬᠠᠪᠰᠤᠷᠤᠨ ᠲᠡᠳᠬᠦᠬᠦ ᠺᠠᠳ᠋ᠷᠴᠤᠤᠨ ᠬᠤᠷᠠᠯ ᠳᠤ ᠤᠷᠤᠯᠴᠠᠪᠠ᠃    ᠬᠤᠷᠠᠯ ᠠᠴᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠤᠳᠤᠬᠠᠨ ᠤ ᠪᠦᠬᠦ ᠬᠤᠰᠢᠭᠤᠨ  ᠤ ᠡᠪ ᠬᠠᠮᠳᠤ ᠵᠠᠯᠠᠭᠤᠴᠤᠤᠨ ᠤᠨ ᠡᠪᠯᠠᠯ ᠤᠨ ᠰᠢᠰᠲ᠋ᠧᠮ ᠤᠨ ᠭᠤᠤᠯ ᠠᠵᠢᠯ ᠪᠤᠯᠭᠠᠨ ᠪᠤᠳᠠᠳᠠᠢ ᠨᠠᠷᠢᠯᠢᠭ ᠠᠳᠬᠤᠵᠦ᠂ ᠦᠷ᠎ᠠ ᠪᠦᠳᠦᠮᠵᠢ ᠣᠯᠳᠠᠯ᠎ᠠ ᠠᠳᠬᠤᠬᠤ ᠭᠡᠷᠡᠭᠳᠡᠢ᠂ ᠬᠠᠪᠰᠤᠷᠤᠨ ᠲᠡᠳᠬᠦᠬᠦ ᠠᠷᠭ᠎ᠠ ᠭᠡᠮᠵᠢᠶ᠎ᠠ ᠪᠠᠨ ᠤᠨᠤᠪᠴᠢᠳᠠᠢ ᠲᠤᠭᠳᠠᠭᠠᠵᠦ᠂ ᠬᠠᠪᠰᠤᠷᠤᠨ ᠲᠡᠳᠬᠦᠬᠦ ᠲᠠᠯ᠎ᠠ ᠪᠠᠷ ᠦᠷ᠎ᠠ ᠪᠦᠳᠦᠮᠵᠢ ᠤᠯᠬᠤ   ᠪᠠᠷ ᠬᠦᠴᠦᠯᠡᠵᠦ᠂ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠭᠡᠷᠡᠭᠳᠡᠢ︔ ᠶᠠᠳᠠᠭᠤ ᠬᠦᠴᠢᠷᠳᠠᠯᠳᠠᠢ ᠵᠠᠯᠠᠭᠤᠴᠤᠤᠨ ᠢ ᠶᠠᠳᠠᠭᠤ ᠠᠴᠠ ᠠᠩᠬᠢᠵᠢᠷᠠᠭᠤᠯᠤᠭᠰᠠᠨ ᠨᠠᠶᠢᠳᠡᠯᠢᠭ ᠵᠢᠱᠢᠶ᠎ᠠ ᠪᠠ ᠡᠪᠯᠡᠯ ᠤᠨ ᠭᠡᠰᠢᠭᠦᠨ ᠵᠠᠯᠠᠭᠤᠴᠤᠤᠨ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠳᠤ ᠣᠷᠣᠯᠴᠠᠭᠰᠠᠨ ᠲᠡᠷᠢᠭᠦᠨ ᠤ ᠨᠡᠶᠢᠳᠡᠯᠢᠭ ᠢ ᠢᠳᠡᠪᠬᠢᠳᠠᠢ ᠢᠯᠡᠷᠡᠭᠦᠯᠵᠦ᠂ ᠢᠳᠡᠪᠬᠢᠳᠠᠢ ᠬᠦᠮᠦᠵᠢᠭᠦᠯᠦᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠳᠤ ᠭᠦᠴᠦᠨ ᠨᠠᠮᠠᠷᠢᠯᠡᠬᠦ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠬᠤ ᠭᠡᠷᠡᠭᠳᠡᠢ︔ ᠦᠪᠠᠷᠳᠡᠭᠡᠨ ᠵᠠᠰᠠᠬᠤ ᠤᠷᠤᠨ ᠤ ᠡᠪᠯᠡᠯ ᠤᠨ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠤ ᠵᠠᠯᠠᠭᠤᠴᠤᠤᠨ ᠪᠠᠭᠠᠴᠤᠤᠨ ᠤᠨ ᠬᠦᠭᠵᠢᠭᠦᠯᠦᠯᠳᠠ ᠶᠢᠨ ᠰᠠᠭᠤᠷᠢ ᠮᠦᠩᠬᠦᠨ ᠤ ᠨᠠᠶᠢᠭᠡᠮᠯᠢᠭ ᠤᠨ ᠰᠢᠰᠲ᠋ᠧᠮ ᠤᠨ ᠰᠤᠷᠤᠯᠭ᠎ᠠ ᠶᠢ ᠲᠡᠳᠬᠦᠬᠦ ᠲᠦᠷᠦᠯ ᠵᠦᠢᠯ ᠢ ᠢᠳᠡᠪᠬᠢᠳᠠᠢ ᠲᠡᠮᠡᠴᠡᠨ ᠣᠯᠵᠣ᠂ ᠨᠠᠶᠢᠭᠡᠮ ᠤᠨ ᠬᠠᠪᠰᠤᠷᠤᠨ ᠲᠡᠳᠬᠦᠬᠦ ᠦᠢᠯᠡᠳᠦᠯ ᠢ ᠬᠦᠢᠴᠠᠳ ᠪᠠᠳᠠᠷᠠᠭᠤᠯᠬᠤ ᠭᠡᠷᠡᠭᠳᠡᠢ ᠭᠡᠵᠦ ᠱᠠᠭᠠᠷᠳᠠᠪᠡ᠃    ᠬᠤᠷᠠᠯ ᠠᠴᠠ ᠪᠠᠰᠠ ᠤᠶᠢᠷ᠎ᠠ ᠶᠢᠨ ᠬᠤᠭᠤᠴᠠᠭᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠳᠤ ᠲᠤᠰᠠᠯᠠᠮᠵᠢ ᠦᠵᠡᠭᠦᠯᠬᠦ ᠰᠢᠷᠢᠰ ᠠᠵᠢᠯᠯᠠᠭᠠᠨ ᠢ ᠲᠤᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号