ᠬᠤᠰᠢᠭᠤᠨ ᠤ ᠨᠠᠮ ᠤᠨ  ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠬᠡᠳᠦᠮᠡᠯ ᠹᠷᠣᠨᠲ ᠤᠨ ᠬᠡᠯᠳᠡᠰ ᠤᠨ ᠳᠠᠷᠤᠭ᠎ᠠ ᠰᠣᠶᠣᠯᠮ᠎ᠠ ᠬᠠᠪᠰᠣᠷᠣᠨ ᠲᠡᠳᠬᠦᠬᠦ ᠭᠠᠴᠠᠭ᠎ᠠ ᠳᠠᠭᠠᠭᠠᠴᠢᠯᠠᠭᠰᠠᠨ ᠪᠠᠶᠢᠭᠤᠯᠭ᠎ᠠ ᠨᠢᠬᠡᠴᠡ ᠶᠢᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2018/6/7
   6 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠬᠡᠳᠦᠮᠡᠯ ᠹᠷᠣᠨᠲ ᠤᠨ ᠬᠡᠯᠳᠡᠰ ᠤᠨ ᠳᠠᠷᠤᠭ᠎ᠠ ᠰᠣᠶᠣᠯᠮ᠎ᠠ ᠠᠴᠠ ᠬᠠᠪᠰᠣᠷᠣᠨ ᠲᠡᠳᠬᠦᠬᠦ ᠭᠠᠴᠠᠭ᠎ᠠ ᠳᠠᠭᠠᠭᠠᠴᠢᠯᠠᠭᠰᠠᠨ ᠪᠠᠶᠢᠭᠤᠯᠭ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠬᠢᠯᠡᠨ ᠬᠤᠷᠠᠯᠳᠣᠭᠤᠯᠵᠣ᠂ ᠬᠤᠰᠢᠭᠤᠨ ᠤ ᠨᠠᠮ ᠤᠨ ᠬᠤᠷᠢᠶᠠᠨ ᠤ ᠨᠢᠬᠡᠳᠦᠮᠡᠯ ᠹᠷᠣᠨᠲ ᠤᠨ ᠬᠡᠯᠳᠡᠰ  ᠤᠨ ᠳᠡᠳ᠋ ᠳᠠᠷᠤᠭ᠎ᠠ ᠭᠤᠣ ᠲᠠᠢ ᠫᠢᠩ᠂ ᠱᠣᠣ ᠢᠦᠢ ᠹᠧᠩ᠂ ᠬᠤᠰᠢᠭᠤᠨ ᠤ ᠠᠶᠣᠯᠬᠦᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠲᠣᠪᠴᠢᠶᠠᠨ ᠤ ᠳᠠᠷᠤᠭ᠎ᠠ ᠣᠣ ᠷᠦᠢ ᠮᠢᠨ ᠵᠢᠴᠢ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶᠠᠨ  ᠤ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ᠂ ᠡᠷᠬᠢᠯᠡᠭᠴᠢ ᠪᠣᠶᠠᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠬᠤᠰᠢᠭᠤᠨ ᠤ ᠣᠶᠢᠷ᠎ᠠ ᠶᠢᠨ ᠬᠤᠭᠤᠴᠠᠭᠠᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠲᠦᠯᠬᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠬᠤ ᠶᠢᠨ ᠬᠠᠮᠳᠣ ᠲᠣᠰ ᠭᠠᠷᠠᠭ ᠤᠨ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠭᠤᠣᠯᠳᠠᠯᠭ᠎ᠠ ᠲᠠᠢ ᠠᠵᠢᠯ ᠤᠨ ᠡᠬᠦᠷᠭᠡ ᠶᠢ ᠳᠣᠳᠣᠷᠬᠠᠶᠢᠯᠠᠵᠣ᠂ ᠣᠶᠢᠷ᠎ᠠ ᠶᠢᠨ ᠬᠤᠭᠤᠴᠠᠭᠠᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠱᠠᠭᠠᠷᠳᠠᠨ ᠪᠠᠶᠢᠭᠠᠴᠠᠭᠰᠠᠨ ᠪᠠᠶᠢᠳᠠᠯ ᠢ ᠨᠡᠶᠢᠲᠡᠯᠡᠵᠦ᠂ ᠡᠯ᠎ᠡ ᠬᠠᠪᠰᠣᠷᠣᠨ ᠲᠡᠳᠬᠦᠬᠦ ᠪᠠᠶᠢᠭᠤᠯᠭ᠎ᠠ ᠨᠢᠬᠡᠴᠡ  ᠶᠢᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠪᠠᠶᠢᠳᠠᠯ ᠪᠠ ᠠᠵᠢᠯ ᠤᠨ ᠳᠣᠮᠳᠠᠬᠢ ᠲᠦᠪᠡᠭ ᠲᠠᠢ ᠠᠰᠠᠭᠤᠳᠠᠯ ᠢ ᠣᠶᠢᠯᠠᠭᠠᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠬᠠᠮᠳᠣ ᠪᠠᠷ ᠣᠶᠢᠷ᠎ᠠ ᠶᠢᠨ ᠬᠤᠭᠤᠴᠠᠭᠠᠨ ᠤ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠤᠨ ᠭᠤᠣᠯᠳᠠᠯᠭ᠎ᠠ ᠲᠠᠢ ᠵᠦᠢᠯ ᠢ ᠰᠣᠳᠣᠯᠣᠨ ᠵᠦᠪᠯᠡᠪᠡ᠃    ᠰᠣᠶᠣᠯᠮ᠎ᠠ ᠠᠴᠠ ᠳᠣᠣᠷᠠᠬᠢ ᠮᠡᠳᠦ ᠬᠡᠳᠦᠨ ᠱᠠᠭᠠᠷᠳᠠᠯᠭ᠎ᠠ ᠳᠣᠷᠠᠳᠣᠪᠠ᠄ ᠨᠢᠬᠡ ᠳᠤ ᠦᠵᠡᠯ ᠰᠠᠨᠠᠭ᠎ᠠ ᠠᠴᠠ ᠨᠢ ᠬᠦᠲᠦᠯᠦᠨ ᠵᠢᠯᠣᠭᠤᠳᠬᠤ ᠪᠠᠷ ᠭᠤᠣᠯ ᠪᠣᠯᠭᠠᠵᠣ᠂ ᠬᠠᠪᠰᠣᠷᠣᠨ ᠲᠡᠳᠬᠦᠬᠦ ᠪᠠᠶᠢᠭᠤᠯᠭ᠎ᠠ ᠨᠢᠬᠡᠴᠡ ᠠᠴᠠ ᠦᠷᠬᠦᠯᠵᠢᠯᠡᠨ ᠶᠠᠳᠠᠭᠤ ᠬᠦᠴᠢᠷᠳᠡᠯᠳᠡᠢ ᠡᠷᠦᠬᠡ ᠳᠤ ᠬᠦᠨᠵᠡᠭᠡᠶᠢᠷᠡᠨ ᠬᠠᠪᠰᠣᠷᠣᠨ ᠲᠡᠳᠬᠦᠬᠦ ᠠᠵᠢᠯ ᠢ ᠰᠠᠶᠢᠳᠣᠷ ᠬᠢᠵᠦ᠂ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠪᠠ ᠦᠵᠡᠯ ᠰᠠᠨᠠᠭ᠎ᠠ ᠠᠴᠠ ᠨᠢ ᠬᠦᠲᠦᠯᠦᠨ ᠵᠢᠯᠣᠭᠤᠳᠬᠤ ᠠᠵᠢᠯ ᠢ ᠰᠠᠶᠢᠳᠣᠷ ᠬᠢᠬᠦ ᠬᠡᠷᠡᠭᠲᠡᠢ︔ ᠬᠤᠶᠠᠷ ᠲᠤ ᠣᠨᠢᠨ ᠳᠡᠭᠡᠷ᠎ᠡ ᠠᠷᠭ᠎ᠠ ᠪᠣᠳᠣᠯᠭ᠎ᠠ ᠬᠡᠷᠡᠭᠵᠢᠬᠦᠯᠵᠦ᠂ ᠲᠣᠰ ᠲᠣᠰ ᠤᠨ ᠬᠠᠪᠰᠣᠷᠣᠨ ᠲᠡᠳᠬᠦᠭᠳᠡᠬᠦ ᠶᠠᠳᠠᠭᠤ ᠬᠦᠴᠢᠷᠳᠡᠯᠳᠡᠢ ᠡᠷᠦᠬᠡ ᠶᠢᠨ ᠶᠠᠳᠠᠭᠤᠷᠠᠭᠰᠠᠨ ᠰᠢᠯᠳᠠᠭᠠᠨ ᠢ ᠣᠬᠠᠵᠣ ᠂ ᠬᠠᠨᠳᠣᠯᠭᠠᠳᠣ ᠴᠢᠨᠠᠷᠲᠠᠢ ᠪᠠᠷ ᠬᠠᠪᠰᠣᠷᠣᠨ ᠲᠡᠳᠬᠦᠬᠦ ᠠᠷᠭ᠎ᠠ ᠠᠪᠴᠠᠯ ᠲᠣᠬᠢᠷᠠᠭᠤᠯᠬᠤ ᠶᠢᠨ ᠬᠠᠮᠳᠣ ᠰᠣᠮᠣ᠂ ᠭᠠᠴᠠᠭ᠎ᠠ ᠲᠠᠢ ᠴᠠᠭ ᠲᠣᠬᠠᠢ ᠳᠤᠨᠢ ᠬᠤᠯᠪᠣᠭ᠎ᠠ ᠠᠪᠴᠣ᠂ ᠣᠨᠢᠨ ᠳᠡᠭᠡᠷ᠎ᠡ ᠨᠢ ᠬᠠᠪᠰᠣᠷᠣᠨ ᠲᠡᠳᠬᠦᠬᠦ ᠶᠢ ᠪᠠᠳᠣᠯᠠᠬᠤ ᠬᠡᠷᠡᠭᠲᠡᠢ︔ ᠭᠤᠷᠪᠠ ᠳᠤ ᠠᠰᠠᠭᠤᠳᠠᠯ ᠢ ᠴᠡᠭᠴᠡᠯᠡᠨ ᠦᠭᠡᠷᠡᠴᠢᠯᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠣ᠂ ᠬᠠᠷᠢᠭᠤᠴᠠᠯᠭ᠎ᠠ ᠶᠢᠨ ᠨᠠᠷᠢᠨ ᠳᠠᠩᠰᠠ ᠢ ᠵᠠᠳᠠᠯᠣᠨ ᠣᠶᠢᠯᠠᠭᠠᠵᠣ ᠨᠠᠶᠢᠳᠠᠪᠣᠷᠢᠵᠢᠭᠤᠯᠬᠤ ᠠᠵᠢᠯ ᠢ ᠰᠠᠶᠢᠳᠣᠷ ᠬᠢᠵᠦ᠂ ᠴᠡᠭᠴᠡᠯᠡᠨ ᠦᠬᠡᠷᠡᠴᠢᠯᠡᠬᠦᠯᠬᠦ ᠬᠠᠷᠢᠭᠤᠴᠠᠯᠭ᠎ᠠ ᠶᠢ ᠺᠠᠳ᠋ᠷ ᠤᠨ ᠠᠵᠢᠯ ᠤᠨ ᠬᠤᠪᠢᠶᠠᠷᠢ ᠳᠤ ᠪᠣᠳᠠᠳᠠᠶᠢᠵᠢᠭᠤᠯᠬᠤ ᠬᠡᠷᠡᠭᠲᠡᠢ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号