ᠦᠪᠡᠷᠲᠡᠭᠡᠨ ᠵᠠᠰᠠᠬᠤ ᠣᠷᠣᠨ ᠤ ᠡᠸ᠋ᠨᠩᠬᠢ ᠬᠤᠰᠢᠭᠤᠨ ᠳᠤ ᠰᠠᠭᠤᠭ᠎ᠠ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠤᠨ ᠶᠡᠷᠥᠩᠬᠡᠢ ᠠᠩᠬᠢ ᠶᠢᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠬᠤᠸᠠ ᠨᠠᠷ ᠪᠠᠶᠠᠨᠳᠣᠬᠤᠢ ᠪᠠᠯᠭᠠᠰᠣ ᠳᠤ ᠬᠦᠷᠴᠦ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2018/6/8
   6 ᠰᠠᠷ᠎ᠠ ᠶᠢᠨ 2 ᠤ ᠡᠳᠦᠷ᠂ ᠦᠪᠡᠷᠲᠡᠭᠡᠨ ᠵᠰᠠᠬᠤ ᠣᠷᠣᠨ ᠤ ᠡᠸ᠋ᠨᠩᠬᠢ ᠬᠤᠰᠢᠭᠤᠨ ᠤ ᠰᠠᠭᠤᠭ᠎ᠠ ᠶᠠᠳᠠᠭᠤ  ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠤᠨ ᠶᠡᠷᠥᠩᠬᠡᠢ ᠠᠩᠬᠢ ᠶᠢᠨ  ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠰᠦᠵᠢ ᠸᠠᠩ ᠬᠤᠸᠠ ᠨᠠᠷ ᠪᠠᠶᠠᠨᠳᠣᠬᠤᠢ ᠪᠠᠯᠭᠠᠰᠣ ᠳᠤ ᠬᠦᠷᠴᠦ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠪᠠᠶᠢᠴᠠᠭᠠᠨ ᠰᠣᠳᠣᠯᠵᠣ ᠵᠢᠭᠠᠨ ᠵᠢᠯᠣᠭᠤᠳᠪᠠ᠂ ᠠᠵᠢᠯ ᠤᠨ ᠶᠡᠷᠥᠩᠬᠡᠢ ᠠᠩᠬᠢ ᠶᠢᠨ ᠬᠡᠰᠢᠬᠦᠨ ᠶᠠᠩ ᠰᠢᠶᠠᠩ ᠬᠦᠸᠧ᠂ ᠵᠠᠩ ᠴᠢᠶᠠᠩ᠂ ᠳ᠋ᠦ᠋ ᠶᠠᠨ ᠮᠸᠢ᠂ ᠬᠤᠰᠢᠭᠤᠨ ᠤ ᠠᠵᠣ ᠠᠬᠤᠢ ᠶᠢᠨ ᠨᠡᠬᠡᠬᠡᠯᠲᠡ ᠶᠢᠨ ᠣᠷᠣᠨ ᠤ ᠡᠷᠬᠢᠯᠡᠭᠴᠢ ᠯᠢᠦ ᠱᠧᠩ ᠯᠢᠨ ᠵᠡᠷᠭᠡ ᠬᠦᠮᠦᠰ ᠬᠠᠮᠳᠣᠪᠡᠷ ᠪᠠᠶᠢᠴᠠᠭᠠᠨ ᠰᠣᠳᠣᠯᠪᠠ᠃    ᠸᠠᠩ ᠬᠤᠸᠠ ᠨᠠᠷ ᠭᠠᠴᠠᠭᠠᠨ ᠳᠤ ᠰᠠᠭᠤᠭ᠎ᠠ ᠡᠯ᠎ᠡ ᠠᠵᠢᠯ ᠤᠨ ᠠᠩᠬᠢ ᠶᠢᠨ ᠠᠵᠢᠯ ᠠᠮᠢᠳᠣᠷᠠᠯ ᠪᠠ ᠠᠵᠢᠯᠯᠠᠬᠤ ᠣᠷᠴᠢᠨ ᠢᠶᠠᠷ ᠲᠣᠭᠤᠷᠢᠨ ᠪᠠᠶᠢᠴᠠᠭᠠᠵᠣ᠂ ᠲᠣᠸᠠᠨ ᠵᠢᠶᠧ ᠭᠠᠴᠠᠭ᠎ᠠ ᠪᠠ ᠶᠠᠷᠢᠰ ᠭᠠᠴᠠᠭᠠᠨ ᠤ 8 ᠶᠠᠳᠠᠭᠤ ᠬᠦᠴᠢᠷᠳᠡᠯᠳᠡᠢ ᠡᠷᠦᠬᠡ ᠳᠤ ᠬᠦᠷᠴᠦ᠂ ᠶᠠᠳᠠᠭᠤ ᠬᠦᠴᠢᠷᠳᠡᠯᠳᠡᠢ ᠡᠷᠦᠬᠡ ᠶᠢᠨ ᠶᠠᠳᠠᠭᠤᠷᠠᠭᠰᠠᠨ ᠰᠢᠯᠳᠠᠭᠠᠨ ᠪᠠ ᠬᠠᠪᠰᠣᠷᠣᠨ ᠲᠡᠳᠬᠦᠬᠦ ᠠᠷᠭ᠎ᠠ ᠠᠪᠴᠠᠯ᠂ ᠠᠮᠢᠳᠣᠷᠠᠯ ᠤᠨ ᠪᠠᠶᠢᠳᠠᠯ ᠵᠢᠴᠢ ᠬᠦᠮᠦᠨ ᠪᠦᠷᠢ ᠶᠢᠨ ᠣᠷᠣᠯᠭ᠎ᠠ ᠵᠡᠷᠭᠡ ᠶᠢ ᠨᠢᠮᠪᠠᠢ ᠣᠶᠢᠯᠠᠭᠠᠵᠣ᠂ ᠳᠡᠳᠡᠨᠠᠷ ᠢ ᠵᠣᠷᠢᠭᠲᠠᠢ ᠠᠵᠢᠯᠯᠠᠵᠣ᠂ ᠬᠤᠰᠢᠭᠤᠨ ᠤ 67 ᠵᠦᠢᠯ ᠤᠨ ᠶᠠᠳᠠᠭᠤ ᠠᠴᠠ ᠠᠩᠬᠢᠵᠢᠷᠠᠭᠤᠯᠬᠤ ᠲᠦᠷᠦ ᠶᠢᠨ ᠪᠣᠳᠣᠯᠭ᠎ᠠ ᠶᠢᠨ  ᠳᠡᠮᠵᠢᠯᠬᠡ ᠪᠠ ᠦᠪᠡᠷ ᠤᠨ ᠴᠢᠷᠮᠠᠶᠢᠯᠠᠭ᠎ᠠ ᠲᠠᠢ ᠪᠠᠨ ᠣᠶᠠᠯᠳᠣᠭᠤᠯᠣᠨ ᠡᠷᠳᠡᠬᠡᠨ ᠶᠠᠳᠠᠭᠤᠷᠠᠯ ᠠᠴᠠ ᠠᠩᠬᠢᠵᠢᠷᠠᠭᠠᠷᠠᠢ ᠬᠡᠵᠦ ᠵᠣᠷᠢᠭᠵᠢᠭᠤᠯᠪᠠ᠃    ᠵᠠᠯᠭᠠᠭᠠᠳ ᠰᠠᠭᠤᠳᠠᠯ ᠤᠨ ᠬᠤᠷᠠᠯ ᠬᠢᠵᠦ᠂ ᠪᠠᠯᠭᠠᠰᠣᠨ ᠳᠠᠷᠤᠭ᠎ᠠ ᠴᠢᠶᠣᠣ ᠵᠢᠶᠧ ᠪᠠᠶᠠᠨᠳᠣᠬᠤᠢ ᠪᠠᠯᠭᠠᠰᠣ ᠶᠢᠨ ᠣᠶᠢᠷ᠎ᠠ ᠶᠢᠨ ᠬᠤᠭᠤᠴᠠᠭᠠᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠤᠨ ᠠᠬᠢᠴᠠ᠂ ᠠᠵᠢᠯ ᠤᠨ ᠳᠣᠮᠳᠠ ᠣᠷᠣᠰᠢᠵᠣ ᠪᠠᠶᠢᠭ᠎ᠠ ᠠᠰᠠᠭᠤᠳᠠᠯ ᠵᠢᠴᠢ ᠳᠠᠷᠠᠭ᠎ᠠ ᠠᠯᠬᠤᠮ ᠤᠨ ᠠᠵᠢᠯ ᠤᠨ ᠪᠠᠶᠢᠷᠢᠯᠠᠭᠤᠯᠣᠯᠲᠠ  ᠶᠢᠨ ᠲᠣᠬᠠᠢ ᠮᠡᠳᠡᠬᠦᠯᠦᠯᠲᠡ ᠬᠢᠪᠡ᠃    ᠸᠠᠩ ᠬᠤᠸᠠ ᠪᠠᠶᠠᠨᠳᠣᠬᠤᠢ ᠪᠠᠯᠭᠠᠰᠣ ᠶᠢᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠬᠦᠢᠴᠡᠳ ᠨᠣᠲᠠᠯᠠᠵᠣ᠂ ᠶᠠᠳᠠᠭᠤ ᠶᠢ ᠲᠡᠳᠬᠦᠬᠦ ᠠᠵᠣ ᠦᠢᠯᠡᠰ ᠢ ᠠᠬᠢᠭᠤᠯᠬᠤ ᠶᠢᠨ ᠰᠠᠭᠤᠷᠢᠨ ᠳᠤ᠂ ᠶᠠᠳᠠᠭᠤ ᠬᠦᠴᠢᠷᠳᠡᠯᠳᠡᠢ ᠡᠷᠦᠬᠡ ᠶᠢ ᠬᠠᠪᠰᠣᠷᠣᠨ ᠣᠷᠣᠯᠭ᠎ᠠ ᠶᠢ ᠨᠢ ᠨᠡᠮᠡᠭᠳᠡᠬᠦᠯᠬᠦ ᠠᠷᠭ᠎ᠠ ᠠᠪᠴᠠᠯ ᠠᠪᠴᠣ᠂ ᠣᠷᠣᠯᠭ᠎ᠠ ᠶᠢᠨ ᠨᠡᠮᠡᠭᠳᠡᠯ ᠢ ᠨᠢ ᠠᠬᠢᠭᠤᠯᠬᠤ ᠬᠡᠷᠡᠭᠲᠡᠢ︔ ᠠᠵᠣ ᠦᠢᠯᠡᠰ ᠢᠶᠠᠷ ᠬᠠᠪᠰᠣᠷᠣᠨ ᠳᠡᠳᠬᠦᠬᠦ ᠶᠢᠨ ᠳᠠᠭᠠᠣ᠂ ᠡᠳ᠋ ᠤᠨ ᠶᠠᠪᠣᠳᠠᠯ ᠤᠨ ᠬᠢᠨᠠᠨ ᠬᠠᠮᠢᠶᠠᠷᠬᠤ ᠠᠵᠢᠯ ᠢ ᠰᠠᠶᠢᠳᠣᠷ ᠠᠳᠬᠤᠵᠣ᠂ ᠪᠡᠯᠡ ᠮᠦᠩᠬᠦ ᠶᠢᠨ ᠣᠷᠣᠭᠤᠯᠣᠯᠲᠠ ᠶᠢ ᠦᠷ᠎ᠡ ᠠᠰᠢᠭ ᠲᠠᠢ ᠪᠣᠯᠭᠠᠬᠤ ᠬᠡᠷᠡᠭᠲᠡᠢ︔ ᠭᠠᠴᠭᠠᠠᠨ ᠤ ︽ ᠨᠢᠬᠡᠳᠦᠭᠡᠷ ᠱᠦᠵᠢ︾ ᠵᠢᠴᠢ ᠭᠠᠴᠠᠭᠠᠨ ᠳᠤ ᠰᠠᠭᠤᠭ᠎ᠠ ᠠᠵᠢᠯ ᠤᠨ ᠠᠩᠬᠢ ᠶᠠᠳᠠᠭᠤ ᠬᠦᠴᠢᠷᠳᠡᠯᠳᠡᠢ ᠡᠷᠦᠬᠡ ᠳᠤ ᠬᠦᠨᠵᠡᠭᠡᠶᠢᠷᠡᠵᠦ ᠪᠣᠳᠠᠳᠠᠢ ᠪᠠᠶᠢᠳᠠᠯ ᠢ ᠨᠢ ᠨᠢᠮᠪᠠᠢ ᠣᠶᠢᠯᠠᠭᠠᠵᠣ᠂ ᠣᠨᠣᠪᠴᠢᠲᠠᠢ ᠢᠯᠭᠠᠨ ᠲᠣᠳᠣᠯᠠᠵᠣ᠂ ᠣᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠬᠦᠯᠬᠦ ᠬᠡᠷᠡᠭᠲᠡᠢ ᠬᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号