ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠳᠡᠰ ᠤᠨ ᠳᠡᠳ᠋ ᠶᠡᠷᠥᠩᠬᠡᠢ ᠭᠤᠣᠯ ᠤᠨ ᠳᠠᠷᠤᠭ᠎ᠠ ᠨᠠ ᠰᠢᠶᠣᠣ ᠭᠤᠸᠠᠩ ᠨᠠᠷ ᠢᠮᠢᠨ ᠭᠤᠣᠯ ᠤᠨ ᠪᠠᠶᠠᠨᠳᠣᠬᠤᠢ ᠪᠠᠯᠭᠠᠰᠣ ᠶᠢᠨ ᠭᠤᠣᠯ ᠤᠨ ᠬᠡᠰᠡᠭ ᠢ ᠲᠣᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2018/7/12
    7 ᠰᠠᠷ᠎ᠠ ᠶᠢᠨ 3 ᠤ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠳᠡᠰ ᠤᠨ ᠳᠡᠳ᠋ ᠶᠡᠷᠥᠩᠬᠡᠢ ᠭᠤᠣᠯ ᠤᠨ ᠳᠠᠷᠤᠭ᠎ᠠ ᠨᠠ ᠰᠢᠶᠣᠣ ᠭᠤᠸᠠᠩ ᠨᠠᠷ ᠢᠮᠢᠨ ᠭᠤᠣᠯ ᠤᠨ ᠪᠠᠶᠠᠨᠳᠣᠬᠤᠢ ᠪᠠᠯᠭᠠᠰᠣ ᠶᠢᠨ ᠭᠤᠣᠯ ᠤᠨ ᠬᠡᠰᠡᠭ ᠢ ᠲᠣᠭᠤᠷᠢᠨ ᠪᠠᠶᠢᠴᠠᠭᠠᠵᠣ᠂ ᠭᠤᠣᠯ ᠤᠨ ᠬᠡᠰᠡᠭ ᠤᠨ ᠦᠨᠳᠦᠰᠦᠨ ᠪᠠᠶᠢᠳᠠᠯ᠂ ᠭᠤᠣᠯ ᠤᠨ ᠵᠠᠮ ᠤᠨ ᠣᠷᠴᠢᠨ ᠠᠬᠤᠢ᠂ ᠭᠤᠣᠯ ᠤᠨ ᠴᠠᠷᠠᠭ᠎ᠠ ᠶᠢᠨ ᠬᠠᠮᠢᠶᠠᠷᠣᠨ ᠬᠠᠮᠠᠭᠠᠯᠠᠯᠲᠠ ᠵᠢᠴᠢ ᠬᠤᠶᠠᠷ ᠡᠷᠬᠢ ᠳᠠᠭᠠᠣ ᠬᠢ ᠬᠤᠭ ᠨᠣᠪᠰᠢ ᠶᠢ ᠴᠡᠪᠡᠷᠯᠡᠨ ᠠᠷᠢᠯᠭᠠᠵᠣ ᠪᠠᠶᠢᠭ᠎ᠠ ᠪᠠᠶᠢᠳᠠᠯ ᠢ ᠨᠢᠮᠪᠠᠢ ᠣᠶᠢᠯᠠᠭᠠᠬᠤ ᠶᠢᠨ ᠬᠠᠮᠳᠣ ᠬᠠᠮᠢᠶ᠎ᠠ ᠪᠦᠬᠦᠢ ᠴᠡᠭᠴᠡᠯᠡᠨ ᠦᠭᠡᠷᠡᠴᠢᠯᠡᠬᠦ ᠠᠵᠢᠯ ᠳᠤ ᠪᠣᠳᠠᠳᠠᠢ ᠱᠠᠭᠠᠷᠳᠠᠯᠭ᠎ᠠ ᠳᠣᠷᠠᠳᠪᠠ᠃    
    ᠨᠠ ᠰᠢᠶᠣᠣ ᠭᠤᠸᠠᠩ ᠠᠴᠠ᠂ ᠨᠢᠬᠡ ᠳᠤ ᠡᠳᠦᠷ ᠳᠣᠳᠣᠮ ᠤᠨ ᠬᠠᠮᠢᠶᠠᠷᠣᠯᠲᠠ ᠬᠠᠮᠠᠭᠠᠯᠠᠯᠲᠠ ᠪᠠᠨ ᠣᠯᠠᠮ ᠨᠢᠬᠡ ᠠᠯᠬᠤᠮ ᠴᠢᠩᠭᠠᠳᠬᠠᠵᠣ᠂ ᠭᠤᠣᠯ ᠤᠨ ᠣᠷᠣᠰᠬᠠᠯ ᠳᠠᠭᠠᠣ ᠬᠢ ᠡᠳᠦᠷ ᠳᠣᠳᠣᠮ ᠤᠨ ᠲᠣᠭᠤᠷᠢᠨ ᠪᠠᠶᠢᠴᠠᠭᠠᠯᠲᠠ ᠪᠠ ᠬᠠᠮᠢᠶᠠᠷᠣᠯᠲᠠ ᠶᠢ ᠴᠢᠩᠭᠠᠳᠬᠠᠬᠤ ᠬᠡᠷᠡᠭᠲᠡᠢ︔ ᠬᠤᠶᠠᠷ ᠲᠤ ᠭᠤᠣᠯ ᠤᠨ ᠳᠠᠷᠤᠭ᠎ᠠ ᠶᠢᠨ ᠳᠦᠷᠢᠮ ᠤᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠵᠣ᠂ ᠢᠮᠢᠨ ᠭᠤᠣᠯ  ᠤᠨ ᠬᠤᠶᠠᠷ ᠡᠷᠬᠢ ᠶᠢᠨ ᠣᠷᠴᠢᠨ ᠠᠬᠤᠢ ᠵᠢᠴᠢ ᠵᠢᠭᠤᠯᠴᠢᠯᠠᠯ ᠤᠨ ᠴᠡᠭ ᠲᠤ ᠵᠢᠷᠣᠮᠵᠢᠨ ᠳᠦᠷᠢᠮᠵᠢᠭᠰᠡᠨ ᠬᠠᠮᠢᠶᠠᠷᠣᠯᠲᠠ ᠬᠢᠬᠦ ᠬᠡᠷᠡᠭᠲᠡᠢ︔ ᠭᠤᠷᠪᠠ ᠳᠤ ᠢᠮᠢᠨ ᠭᠤᠣᠯ ᠤᠨ ᠰᠧᠪᠵᠢᠬᠡᠨ ᠬᠦᠬᠦᠷᠭᠡ ᠶᠢᠨ ᠬᠤᠶᠠᠷ ᠡᠷᠬᠢ ᠳᠠᠭᠠᠣ ᠬᠢ ᠪᠠᠷᠢᠯᠭ᠎ᠠ ᠶᠢᠨ ᠬᠠᠶᠠᠬᠳᠠᠮᠠᠯ ᠡᠳ᠋ ᠶᠢ ᠳᠣᠷ᠎ᠠ ᠪᠠᠷ ᠬᠠᠶᠠᠵᠣ ᠣᠷᠬᠢᠬᠤ ᠵᠢᠴᠢ ᠭᠤᠣᠯ ᠤᠨ ᠵᠠᠮ ᠤᠨ ᠬᠤᠶᠠᠷ ᠡᠷᠬᠢ ᠶᠢᠨ ᠬᠤᠭ ᠨᠣᠪᠰᠢ ᠶᠢ ᠠᠷᠢᠯᠭᠠᠨ ᠴᠡᠪᠡᠷᠯᠡᠵᠦ ᠪᠠᠶᠢᠭ᠎ᠠ ᠪᠠᠶᠢᠳᠠᠯ ᠢ ᠳᠠᠷᠣᠢ ᠲᠦᠷᠬᠡᠨ ᠰᠢᠢᠳᠪᠦᠷᠢᠯᠡᠬᠦ ᠬᠡᠷᠡᠭᠲᠡᠢ︔ ᠳᠦᠷᠪᠡ ᠳᠤ ᠴᠢᠩᠭ᠎ᠠ ᠪᠠᠷ ᠬᠢᠨᠠᠨ ᠬᠠᠮᠢᠶᠠᠷᠴᠦ᠂ ᠬᠠᠮᠢᠶ᠎ᠠ ᠪᠦᠬᠦᠢ ᠨᠢᠬᠡᠴᠡ ᠲᠠᠢ ᠬᠠᠮᠳᠣᠷᠠᠨ ᠭᠤᠣᠯ  ᠤᠨ ᠵᠠᠮ ᠤᠨ ᠬᠠᠵᠠᠭᠤᠳᠠᠬᠢ ᠳᠣᠷ᠎ᠠ ᠪᠠᠷ ᠪᠠᠶᠢᠭᠤᠯᠣᠨ ᠴᠣᠭᠴᠠᠯᠠᠭᠰᠠᠨ ᠠᠰᠠᠭᠤᠳᠠᠯ ᠢ ᠰᠢᠢᠳᠪᠦᠷᠢᠯᠡᠨ᠂ ᠢᠮᠢᠨ ᠭᠤᠣᠯ ᠤᠨ ᠰᠠᠪᠠ ᠭᠠᠵᠠᠷ ᠤᠨ ᠬᠡᠪᠴᠢᠶᠡᠨ ᠲᠠᠬᠢ ᠣᠷᠴᠢᠨ ᠠᠬᠤᠢ ᠶᠢ ᠰᠠᠶᠢᠳᠣᠷ ᠬᠠᠮᠠᠭᠠᠯᠠᠬᠤ ᠬᠡᠷᠡᠭᠲᠡᠢ ᠬᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号