ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ ᠤᠨ ᠱᠦᠵᠢ ᠮᠢᠨ ᠵᠢᠶᠧ ᠨᠠᠷ ᠰᠢᠨᠡᠬᠡᠨ ᠵᠡᠬᠦᠨ ᠰᠣᠮᠣ ᠶᠢᠨ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠳᠤ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2018/7/12
   7 ᠰᠠᠷ᠎ᠠ ᠶᠢᠨ 2 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ ᠤᠨ ᠱᠦᠵᠢ ᠮᠢᠨ ᠵᠢᠶᠧ ᠨᠠᠷ ᠰᠢᠨᠡᠬᠡᠨ ᠵᠡᠬᠦᠨ ᠰᠣᠮᠣ ᠶᠢᠨ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠰᠣᠳᠣᠯᠵᠣ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠬᠡᠳᠦᠮᠡᠯ ᠹᠷᠣᠨᠲ ᠤᠨ ᠬᠡᠯᠳᠡᠰ ᠤᠨ ᠳᠠᠷᠤᠭ᠎ᠠ ᠰᠣᠶᠣᠯᠮ᠎ᠠ ᠨᠠᠷ ᠬᠠᠮᠳᠣᠪᠡᠷ ᠪᠠᠶᠢᠴᠠᠭᠠᠨ ᠰᠣᠳᠣᠯᠪᠠ᠃
   
    ᠮᠢᠨ ᠵᠢᠶᠧ ᠨᠠᠷ ᠦᠢᠳᠬᠡᠨ ᠭᠠᠴᠠᠭ᠎ᠠ᠂ ᠬᠠᠭ᠋ᠠᠭᠤᠯᠠ ᠭᠠᠴᠠᠭ᠎ᠠ᠂ ᠪᠦᠷᠢᠲᠦ ᠭᠠᠴᠠᠭ᠎ᠠ ᠪᠠ ᠬᠠᠷᠠᠲᠣᠬᠤᠢ ᠭᠠᠴᠠᠭ᠎ᠠ ᠶᠢᠨ ᠲᠣᠬᠠᠢ ᠶᠢᠨ ᠭᠠᠵᠠᠷ ᠲᠤᠨᠢ ᠪᠠᠶᠢᠴᠠᠭᠠᠨ ᠰᠣᠳᠣᠯᠣᠯᠲᠠ ᠬᠢᠬᠦ ᠶᠢᠨ ᠬᠠᠮᠳᠣ ᠳᠠᠩᠰᠠ ᠡᠪᠬᠡᠮᠡᠯ ᠢ ᠬᠢᠨᠠᠨ ᠦᠵᠡᠬᠦ ᠪᠠ ᠮᠡᠳᠡᠬᠦᠯᠦᠯᠲᠡ ᠶᠢ ᠰᠣᠨᠣᠰᠬᠤ ᠵᠡᠷᠭᠡ ᠬᠡᠯᠪᠡᠷᠢ ᠪᠠᠷ ᠳᠠᠮᠵᠢᠨ᠂ ᠶᠠᠳᠠᠭᠤ ᠬᠦᠴᠢᠷᠳᠡᠯᠳᠡᠢ ᠡᠷᠦᠬᠡ ᠶᠢᠨ ᠶᠡᠷᠥᠩᠬᠡᠢ ᠲᠤᠭ᠎ᠠ᠂ ᠶᠠᠳᠠᠭᠤᠷᠠᠭᠰᠠᠨ ᠰᠢᠯᠳᠠᠭᠠᠨ᠂ ᠠᠵᠣ ᠦᠢᠯᠡᠰ ᠢᠶᠠᠷ ᠶᠠᠳᠠᠭᠤ ᠶᠢ ᠳᠡᠳᠬᠦᠬᠦ ᠵᠢᠴᠢ ᠡᠯ᠎ᠡ ᠭᠠᠴᠠᠭ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠦᠷᠨᠢᠬᠦᠯᠵᠦ ᠪᠠᠶᠢᠭ᠎ᠠ ᠵᠡᠷᠭᠡ ᠪᠠᠶᠢᠳᠠᠯ ᠢ ᠨᠢᠮᠪᠠᠢ ᠣᠶᠢᠯᠠᠭᠠᠵᠣ᠂ ᠲᠣᠬᠠᠢ ᠶᠢᠨ ᠲᠠᠯᠠᠪᠣᠷ ᠲᠤ ᠡᠯ᠎ᠡ ᠭᠠᠴᠠᠭᠠᠨ ᠤ ᠰᠣᠯᠢᠪᠴᠠᠨ ᠪᠠᠶᠢᠴᠠᠭᠠᠭᠰᠠᠨ ᠤ ᠳᠠᠷᠠᠭᠠᠬᠢ ᠴᠡᠭᠴᠡᠯᠡᠨ ᠦᠬᠡᠷᠡᠴᠢᠯᠡᠬᠦ ᠶᠢ ᠨᠠᠶᠢᠳᠠᠪᠣᠷᠢᠵᠢᠭᠤᠯᠣᠭᠰᠠᠨ ᠪᠠᠶᠢᠳᠠᠯ ᠳᠤ ᠵᠢᠭᠠᠨ ᠵᠢᠯᠣᠭᠤᠳᠣᠯᠭ᠎ᠠ ᠬᠢᠪᠡ᠃     ᠮᠢᠨ ᠵᠢᠶᠧ ᠨᠠᠷ ᠪᠠᠰᠠ ᠡᠯ᠎ᠡ ᠭᠠᠴᠠᠭᠠᠨ ᠤ ᠶᠠᠳᠠᠭᠤ ᠬᠦᠴᠢᠷᠳᠡᠯᠳᠡᠢ ᠡᠷᠦᠬᠡ ᠢᠶᠠᠷ ᠬᠦᠷᠴᠦ᠂ ᠲᠡᠳᠡᠨᠠᠷ ᠤᠨ ᠭᠡᠷ ᠪᠦᠯᠢ ᠶᠢᠨ ᠪᠦᠷᠢᠯᠳᠦᠬᠦᠨ᠂ ᠣᠷᠣᠯᠭ᠎ᠠ ᠶᠢᠨ ᠢᠷᠡᠯᠲᠡ᠂ ᠡᠷᠦᠬᠡ ᠳᠤ ᠲᠣᠬᠢᠷᠠᠭᠤᠯᠣᠭᠰᠠᠨ ᠪᠣᠳᠠᠳᠠᠢ ᠬᠠᠪᠰᠣᠷᠣᠨ ᠲᠡᠳᠬᠦᠬᠦ ᠠᠷᠭ᠎ᠠ ᠪᠠᠷᠢᠯ᠂ ᠬᠠᠪᠰᠣᠷᠣᠨ ᠲᠡᠳᠬᠦᠬᠦ ᠠᠷᠭ᠎ᠠ ᠪᠠᠷᠢᠯ ᠢ ᠨᠠᠶᠢᠳᠠᠪᠣᠷᠢᠵᠢᠭᠤᠯᠣᠭᠰᠠᠨ ᠪᠠᠶᠢᠳᠠᠯ ᠵᠢᠴᠢ ᠬᠠᠪᠰᠣᠷᠣᠨ ᠲᠡᠳᠬᠦᠬᠦ ᠠᠵᠢᠯ ᠳᠤ ᠬᠠᠨᠣᠮᠵᠢᠲᠠᠢ ᠡᠰᠡᠬᠦ ᠵᠢᠴᠢ ᠣᠷᠣᠰᠢᠵᠣ ᠪᠠᠶᠢᠭ᠎ᠠ ᠬᠦᠴᠢᠷ ᠲᠦᠪᠡᠭ ᠲᠠᠢ ᠠᠰᠠᠭᠤᠳᠠᠯ ᠵᠡᠷᠭᠡ ᠶᠢ ᠰᠣᠷᠠᠭᠯᠠᠨ ᠠᠰᠠᠭᠤᠵᠣ᠂ ᠶᠠᠳᠠᠭᠤ ᠬᠦᠴᠢᠷᠳᠡᠯᠳᠡᠢ ᠡᠷᠦᠬᠡ ᠶᠢᠨ ᠪᠣᠳᠠᠳᠣ ᠪᠠᠶᠢᠳᠠᠯ ᠲᠠᠢ ᠨᠢ ᠣᠶᠠᠯᠳᠣᠭᠤᠯᠣᠨ ᠪᠣᠳᠠᠳᠠᠢ ᠬᠠᠪᠰᠣᠷᠣᠨ ᠳᠡᠳᠬᠦᠬᠦ ᠠᠷᠭ᠎ᠠ ᠪᠠᠷᠢᠯ ᠢ ᠳᠣᠷᠠᠳᠣᠨ ᠭᠠᠷᠭᠠᠪᠠ᠃     ᠮᠢᠨ ᠵᠢᠶᠧ ᠴᠢᠬᠤᠯᠠᠴᠢᠯᠠᠭᠰᠠᠨ ᠨᠢ᠂ ᠭᠠᠴᠠᠭ᠎ᠠ ᠶᠢᠨ ᠬᠤᠶᠠᠷ ᠵᠦᠪᠯᠡᠯ᠂ ᠭᠠᠴᠠᠭᠠᠨ ᠳᠤ ᠰᠠᠭᠤᠭ᠎ᠠ ᠠᠵᠢᠯ  ᠤᠨ ᠳᠣᠭᠤᠶᠢᠯᠠᠩ ᠤᠨ ᠬᠠᠷᠢᠭᠤᠴᠠᠯᠭ᠎ᠠ ᠶᠢᠨ ᠣᠬᠠᠮᠰᠠᠷ ᠢᠶᠠᠨ ᠴᠢᠩᠭᠠᠷᠠᠭᠤᠯᠵᠣ᠂ ᠡᠯ᠎ᠡ ᠲᠦᠷᠦᠯ ᠤᠨ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠡᠮᠬᠢ ᠵᠢᠷᠣᠮ ᠲᠠᠢ ᠦᠷᠨᠢᠬᠦᠯᠵᠦ᠂ ᠬᠦᠳᠡᠯᠦᠩᠬᠦᠢ ᠬᠠᠮᠢᠶᠠᠷᠣᠯᠲᠠ ᠶᠢ ᠴᠢᠩᠭᠠᠳᠬᠠᠵᠣ᠂ ᠳᠣᠳᠣᠭᠠᠳᠣ ᠠᠵᠢᠯ ᠤᠨ ᠳᠠᠩᠰᠠ ᠡᠪᠬᠡᠮᠡᠯ ᠤᠨ ᠪᠠᠶᠢᠭᠤᠯᠣᠯᠳᠠ ᠶᠢ ᠲᠦᠷᠢᠮᠵᠢᠬᠦᠯᠵᠦ᠂ ᠴᠡᠭᠴᠡᠯᠡᠨ ᠦᠬᠡᠷᠡᠴᠢᠯᠡᠬᠦᠯᠬᠦ ᠪᠠᠷ ᠱᠠᠭᠠᠷᠳᠠᠭᠰᠠᠨ ᠬᠡᠷᠡᠭ ᠣᠴᠢᠷ ᠢ ᠰᠠᠶᠢᠳᠣᠷ ᠨᠠᠶᠢᠳᠠᠪᠣᠷᠢᠵᠢᠭᠤᠯᠵᠣ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠤᠨ ᠣᠷᠣᠭᠰᠢᠲᠠᠢ ᠶᠠᠪᠣᠭᠳᠠᠬᠤ ᠶᠢ ᠪᠠᠳᠣᠯᠠᠬᠤ ᠬᠡᠷᠡᠭᠲᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号