ᠮᠠᠨ ᠤ ᠬᠤᠰᠢᠭᠤ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 97  ᠵᠢᠯ ᠤᠨ ᠤᠢ ᠶᠢ ᠪᠡᠯᠭᠡᠯᠡᠬᠦ    ᠦᠪᠠᠷᠳᠡᠭᠡᠨ ᠵᠠᠰᠠᠬᠤ ᠬᠤᠰᠢᠭᠤ ᠪᠠᠶᠢᠭᠤᠯᠤᠭᠳᠠᠭᠰᠠᠨ 60 ᠵᠢᠯ ᠤᠨ ᠤᠢ ᠶᠢ ᠪᠠᠶᠠᠷᠯᠡᠨ ᠤᠭᠳᠤᠬᠤ ᠺᠠᠳ᠋ᠷ ᠠᠵᠢᠯᠳᠠᠨ ᠤ ᠤᠷᠠᠨ ᠰᠠᠶᠢᠬᠠᠨ ᠤ ᠲᠤᠭᠯᠠᠯᠳᠠ ᠶᠢ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2018-07-12
    7 ᠰᠠᠷ᠎ᠠ ᠶᠢᠨ 1   ᠤ ᠡᠳᠦᠷ᠂ ᠮᠠᠨ ᠤ ᠬᠤᠰᠢᠭᠤ ︽ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ ᠬᠦᠰᠡᠯ ᠵᠡᠭᠦᠳᠤ ᠪᠠᠨ ᠬᠠᠮᠳᠤᠪᠠᠷ ᠲᠡᠷᠭᠡᠯᠰᠢᠭᠦᠯᠵᠦ᠂ ᠰᠢᠨ᠎ᠠ ᠴᠠᠭ ᠦᠶ᠎ᠠ ᠳᠤ ᠡᠷᠮᠡᠭᠡᠶᠢᠯᠡᠨ  ᠤᠷᠤᠭᠰᠢᠯᠠᠶ᠎ᠠ︾ ᠭᠡᠬᠦ ᠰᠠᠳᠤᠪᠳᠤ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ ᠪᠡᠯᠭᠡᠯᠡᠬᠦ  ᠂ ᠦᠪᠠᠷᠳᠡᠭᠡᠨ ᠵᠠᠰᠠᠬᠤ ᠬᠤᠰᠢᠭᠤ ᠪᠠᠶᠢᠭᠤᠯᠤᠭᠳᠠᠭᠰᠠᠨ 60 ᠵᠢᠯ ᠤᠨ ᠤᠢ ᠶᠢ ᠪᠠᠶᠠᠷᠯᠡᠨ ᠤᠭᠳᠤᠬᠤ︾ ᠪᠦᠬᠦ ᠬᠤᠰᠢᠭᠤᠨ ᠤ ᠺᠠᠳ᠋ᠷ ᠠᠵᠢᠯᠳᠠᠳ ᠤᠨ ᠤᠷᠠᠨ ᠰᠠᠶᠢᠬᠠᠨ ᠤ ᠲᠤᠭᠯᠠᠯᠳᠠ ᠶᠢ ᠡᠷᠬᠢᠯᠡᠨ ᠶᠠᠪᠤᠭᠳᠠᠭᠤᠯᠪᠠ᠃ ᠲᠤᠰ ᠤᠳᠠᠭᠠᠨ ᠤ ᠤᠷᠠᠨ ᠰᠠᠶᠢᠬᠠᠨ ᠤ ᠦᠳᠡᠰᠢᠯᠡᠭᠡ ᠶᠢ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠬᠤᠰᠢᠭᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠭᠡᠯᠳᠡᠰ᠂ ᠤᠬᠠᠭᠤᠯᠬᠤ ᠭᠡᠯᠳᠡᠰ᠂ ᠬᠤᠰᠢᠭᠤᠨ ᠤ ᠰᠤᠶᠤᠯ ᠲᠠᠮᠢᠷ ᠰᠤᠨᠢᠨ ᠮᠡᠳᠡᠭᠡ ᠷᠠᠳᠢᠤ᠋ ᠲᠧᠯᠸᠢᠰ ᠤᠨ ᠲᠤᠪᠴᠢᠶ᠎ᠠ ᠠᠴᠠ ᠬᠠᠮᠳᠤᠷᠠᠨ ᠭᠤᠤᠯᠯᠠᠨ ᠡᠷᠬᠢᠯᠡᠭᠰᠡᠨ᠂ ᠬᠤᠰᠢᠭᠤᠨ ᠤ ᠰᠤᠶᠤᠯ ᠤᠨ ᠤᠷᠳᠤᠨ ᠠᠴᠠ ᠲᠡᠭᠠᠭᠠᠴᠢᠯᠠᠨ ᠡᠷᠬᠢᠯᠡᠭᠰᠡᠨ᠂ ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ ᠪᠡᠯᠭᠡᠯᠡᠬᠦ᠂ ᠨᠠᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠠ ᠶᠢ ᠬᠦᠨᠵᠡᠭᠡᠢ ᠦᠢᠯᠡᠳᠦᠯᠭᠡᠵᠢᠭᠦᠯᠬᠦ ᠪᠠᠷ ᠭᠤᠤᠯ ᠵᠤᠷᠢᠯᠳᠠ ᠪᠤᠯᠭᠠᠭᠰᠠᠨ ᠤᠷᠠᠨ ᠰᠠᠶᠢᠬᠠᠨ ᠤ ᠲᠤᠭᠯᠠᠯᠳᠠ ᠪᠤᠯᠤᠨ᠎ᠠ᠃
   
   ᠬᠤᠰᠢᠭᠤᠨ ᠤ ᠤᠳᠤᠷᠢᠳᠤᠯᠭ᠎ᠠ ᠬᠤᠳᠠᠯᠨ᠂ ᠮᠦᠸᠧ ᠰᠢᠨ ᠵᠤ᠋᠂ ᠰᠤᠶᠤᠯᠮ᠎ᠠ᠂ ᠼᠤᠤ ᠬᠠᠢ ᠴᠢᠩ ᠪᠤᠯᠤᠨ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠬᠠᠮᠳᠤᠪᠠᠷ ᠤᠷᠠᠨ ᠰᠠᠶᠢᠬᠠᠨ ᠤ ᠲᠤᠭᠯᠠᠯᠳᠠ  ᠶᠢ ᠰᠤᠨᠢᠷᠬᠠᠪᠠ᠃    ᠪᠦᠬᠦᠢ ᠲᠤᠭᠯᠠᠯᠳᠠ ᠨᠢ  ︽ᠡᠭᠡ ᠤᠯᠤᠰ ᠪᠠᠨ ᠮᠠᠭᠳᠠᠨ ᠲᠠᠭᠤᠯᠠᠶ᠎ᠠ︾ ᠭᠡᠬᠦ ᠨᠠᠶᠢᠷᠠᠯ ᠲᠠᠭᠤᠤ ᠪᠠᠷ ᠲᠤᠭᠯᠠᠯᠳᠠ  ᠶᠢᠨ ᠬᠦᠰᠢᠭᠡ ᠶᠢ ᠢᠷᠠᠵᠦ᠂ ᠨᠠᠨᠳᠠᠬᠠᠨ᠂ ᠭᠠᠶᠢᠬᠠᠮᠰᠢᠭᠳᠤ ᠰᠠᠶᠢᠬᠠᠨ ᠰᠤᠯᠤᠩᠭ᠎ᠠ ᠶᠢᠨ ᠪᠦᠵᠢᠭ᠂ ᠤᠭ ᠰᠠᠨᠠᠭ᠎ᠠ  ᠪᠠᠨ ᠦᠯᠦ ᠮᠠᠷᠳᠠᠶ᠎ᠠ ᠭᠡᠬᠦ ᠭᠤᠴᠤᠯᠠᠯ ᠲᠠᠭᠤᠤ ᠵᠠᠷᠭᠡ ᠠᠬᠤᠢ ᠲᠠᠯᠠᠪᠠᠢ ᠶᠢᠨ ᠲᠤᠭᠯᠠᠯᠳᠠ ᠨᠢ ᠰᠤᠨᠢᠷᠬᠠᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢᠨ ᠲᠤᠮᠳᠠ ᠬᠦᠷ ᠨᠠᠷᠬᠢᠶᠠᠨ ᠲᠠᠢ ᠶᠠᠪᠤᠭᠳᠠᠭᠰᠠᠨ ᠪᠠᠶᠢᠨ᠎ᠠ᠃ ᠲᠠᠭᠤᠤ᠂ ᠪᠦᠵᠢᠭ᠂ ᠬᠦᠭᠵᠢᠮ᠂ ᠰᠢᠯᠦᠭ ᠤᠶᠠᠩᠭᠠᠯᠠᠬᠤ ᠵᠠᠷᠭᠡ ᠫᠷᠦᠭᠷᠡᠮ ᠨᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠭᠡᠷᠡᠴᠢᠯᠡᠯᠳᠠ ᠨᠡᠭᠡᠭᠡᠯᠳᠠ ᠬᠢᠭᠰᠡᠨ ᠲᠦᠴᠢᠨ ᠵᠢᠯ  ᠲᠤᠷᠰᠢ ᠤᠯᠤᠭᠰᠠᠨ ᠠᠤᠭ᠎ᠠ ᠭᠠᠪᠢᠶ᠎ᠠ ᠵᠢᠳᠬᠦᠯ ᠢ ᠮᠠᠭᠳᠠᠨ ᠲᠠᠭᠤᠯᠠᠵᠦ᠂ ᠦᠪᠠᠷᠳᠡᠭᠡᠨ ᠵᠠᠰᠠᠬᠤ ᠬᠤᠰᠢᠭᠤ ᠪᠠᠶᠢᠭᠤᠯᠤᠭᠳᠠᠭᠰᠠᠨ 60 ᠵᠢᠯ ᠤᠨ ᠲᠤᠷᠰᠢᠬᠢ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠲᠤᠤᠷ᠎ᠠ᠂ ᠦᠪᠠᠷᠳᠡᠭᠡᠨ ᠵᠠᠰᠠᠬᠤ ᠬᠤᠰᠢᠭᠤᠨ ᠤ ᠨᠠᠶᠢᠭᠡᠮ ᠤᠨ ᠡᠯ᠎ᠠ ᠲᠦᠷᠦᠯ ᠤᠨ ᠠᠵᠢᠯ ᠦᠢᠯᠡᠰ ᠤᠨ ᠦᠷᠨᠢᠩᠬᠦᠢ ᠬᠦᠭᠵᠢᠯᠳᠠ᠂ ᠨᠠᠶᠢᠭᠡᠮ ᠤᠨ ᠡᠶ᠎ᠡ ᠵᠤᠬᠢᠴᠠᠩᠭᠤᠢ ᠲᠤᠭᠳᠠᠭᠤᠨ᠂ ᠠᠷᠠᠳ ᠲᠦᠮᠡᠨ ᠤ ᠠᠮᠤᠷ ᠵᠢᠮᠤᠷ ᠠᠵᠦ ᠲᠦᠷᠦᠵᠦ ᠪᠠᠶᠢᠬᠤ ᠰᠠᠶᠢᠨ ᠰᠠᠶᠢᠬᠠᠨ ᠪᠠᠶᠢᠳᠠᠯ ᠢ ᠮᠠᠭᠳᠠᠨ ᠲᠠᠭᠤᠯᠠᠭᠰᠠᠨ ᠪᠠᠶᠢᠨ᠎ᠠ᠃ ᠪᠦᠬᠦᠢ ᠲᠤᠭᠯᠠᠯᠳᠠ ᠶᠢᠨ ᠭᠤᠤᠯ ᠰᠠᠳᠤᠪ ᠨᠢ ᠵᠢᠪᠬᠤᠭᠠᠯᠢᠭ ᠭᠡᠪ ᠨᠠᠮᠪᠠ ᠲᠠᠢ ᠪᠦᠭᠡᠳ ᠬᠤᠷᠴᠠ ᠲᠤᠳᠤ ᠭᠡᠪ ᠮᠠᠶ᠋ᠢᠭ ᠲᠠᠢ ᠪᠠᠶᠢᠵᠦ᠂ ᠦᠵᠡᠭᠴᠢ ᠰᠤᠨᠢᠷᠬᠠᠭᠴᠢᠳ ᠲᠤ ᠨᠢᠭᠡ ᠤᠳᠠᠭᠠᠨ ᠤ ᠰᠤᠶᠤᠯ ᠤᠷᠠᠯᠢᠭ ᠤᠨ ᠰᠢᠮ᠎ᠠ ᠲᠡᠵᠢᠭᠡᠯ ᠨᠦᠬᠦᠪᠦᠷᠢᠯᠡᠭᠰᠡᠨ ᠪᠠᠶᠢᠨ᠎ᠠ᠃    ᠲᠤᠰ ᠤᠳᠠᠭᠠᠨ ᠤ ᠤᠷᠠᠨ ᠰᠠᠶᠢᠬᠠᠨ ᠤ ᠲᠤᠭᠯᠠᠯᠳᠠ ᠪᠠᠷ ᠲᠠᠮᠵᠢᠭᠤᠯᠤᠨ ᠭᠤᠤᠯ ᠬᠦᠭ ᠠᠶᠠᠰ ᠢ ᠴᠢᠪᠠᠭᠳᠠᠨ᠂ ᠵᠦᠪ ᠡᠨᠧᠷᠢᠬᠢ ᠶᠢ ᠤᠯᠠᠮᠵᠢᠯᠠᠨ ᠲᠠᠮᠵᠢᠭᠤᠯᠵᠦ᠂ ᠪᠦᠬᠦ ᠬᠤᠰᠢᠭᠤᠨ ᠤ ᠺᠠᠳ᠋ᠷ ᠠᠵᠢᠯᠳᠠᠳ ᠤᠨ ᠨᠢᠬᠳᠠᠷᠠᠯ ᠤᠨ ᠬᠦᠴᠦᠨ ᠢ ᠠᠯᠬᠤᠮ ᠴᠢᠨᠠᠭᠰᠢᠳᠠ ᠴᠢᠩᠭᠠᠷᠠᠭᠤᠯᠵᠦ᠂ ᠠᠵᠢᠯᠳᠠᠳ ᠤᠨ ᠠᠵᠢᠯ ᠤᠨ ᠴᠢᠯᠦᠭᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号