ᠬᠤᠰᠢᠭᠤᠨ ᠤ ᠨᠠᠮ ᠤᠨ ᠬᠤᠷᠢᠶ᠎ᠠ ᠶᠢᠨ ᠲᠠᠳ᠋ ᠱᠦᠵᠢ ᠯᠢ ᡁᠢ ᠳ᠋ᠦᠩ ᠨᠠᠷ ᠡᠯ᠎ᠠ ᠰᠤᠮᠤ ᠰᠢᠶᠠᠩ ᠪᠠᠯᠭᠠᠰᠤ  ᠳᠤ ᠬᠦᠨᠵᠡᠭᠡᠶᠢᠷᠡᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2018/7/12
    7 ᠰᠠᠷ᠎ᠠ ᠶᠢᠨ 5 ᠤ ᠡᠳᠦᠷ ᠠᠴᠠ 6   ᠤ ᠡᠳᠦᠷ ᠬᠦᠷᠳᠠᠯ᠎ᠠ᠂ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠵᠢᠯᠤᠭᠤᠳᠬᠤ ᠭᠠᠵᠠᠷ ᠤᠨ ᠪᠠᠶᠢᠩᠭᠤ ᠶᠢᠨ ᠵᠢᠯᠤᠭᠤᠳᠤᠭᠴᠢ᠂ ᠬᠤᠰᠢᠭᠤᠨ ᠤ ᠨᠠᠮ ᠤᠨ ᠬᠤᠷᠢᠶ᠎ᠠ ᠶᠢᠨ ᠲᠠᠳ᠋ ᠱᠦᠵᠢ ᠯᠢ ᡁᠢ ᠳ᠋ᠦᠩ᠂ ᠵᠢᠯᠤᠭᠤᠳᠬᠤ ᠭᠠᠵᠠᠷ ᠤᠨ ᠶᠠᠳᠠᠭᠤ ᠶᠢ ᠲᠡᠳᠬᠦᠬᠦ ᠲᠤᠰᠬᠠᠢ ᠲᠤᠰᠢᠶᠠᠯᠳᠠᠨ ᠤᠶᠤᠨᠳᠤᠭᠳᠠᠬᠤ᠂ ᠵᠠᠩ ᠬᠠᠢ ᠹᠧᠩ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ᠂ ᠬᠤᠰᠢᠭᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠭᠡᠯᠳᠡᠰ᠂ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ᠂ ᠲᠠᠷᠢᠶᠠᠯᠠᠩ ᠮᠠᠯᠵᠢᠯ ᠤᠨ ᠲᠤᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ ᠤᠨ ᠭᠤᠤᠯ ᠬᠠᠷᠢᠭᠤᠴᠠᠯᠭᠠᠳᠠᠨ ᠵᠢᠴᠢ ᠪᠤᠭᠤᠮᠳᠠ ᠰᠢᠪᠳᠤᠯᠬᠤ ᠠᠵᠢᠯ ᠢ ᠵᠢᠯᠤᠭᠤᠳᠬᠤ ᠭᠠᠵᠠᠷ᠂ ᠲᠧᠯᠸᠢᠰ ᠬᠤᠷᠢᠶ᠎ᠠ᠂ ᠰᠤᠷᠪᠤᠯᠵᠢᠯᠠᠭᠴᠢ ᠶᠢᠨ ᠦᠷᠳᠡᠭᠡ ᠶᠢᠨ ᠠᠵᠢᠯᠳᠠᠨ ᠪᠠᠶᠠᠨᠳᠤᠬᠤᠢ ᠪᠠᠯᠭᠠᠰᠤ᠂ ᠪᠠᠶᠠᠨᠳᠠᠯ᠎ᠠ ᠰᠢᠶᠠᠩ᠂ ᠰᠢᠨᠡᠭᠡᠨ ᠪᠠᠷᠠᠭᠤᠨ ᠰᠤᠮᠤ᠂ ᠰᠢᠨᠡᠭᠡᠨ ᠵᠡᠭᠦᠨ ᠰᠤᠮᠤ᠂ ᠢᠮᠢᠨ ᠪᠠᠯᠭᠠᠰᠤ᠂ ᠢᠮᠢᠨ ᠰᠤᠮᠤ ᠵᠢᠴᠢ ᠬᠤᠢ ᠰᠤᠮᠤ ᠳᠤ ᠬᠦᠷᠴᠤ ᠠᠵᠦ ᠦᠢᠯᠡᠰ ᠤᠨ ᠬᠦᠭᠵᠢᠯᠳᠠ ᠵᠢᠴᠢ ᠲᠤᠰᠬᠤᠨ ᠳᠤ ᠰᠠᠭᠤᠭ᠎ᠠ ᠠᠵᠢᠯᠯᠠᠬᠤ ᠲᠤᠭᠤᠶᠢᠯᠠᠩ ᠤᠨ ᠠᠵᠢᠯ ᠢᠶᠠᠨ ᠦᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃
    ᠯᠢ ᡁᠢ ᠳ᠋ᠦᠩ ᠨᠠᠷ ᠪᠠᠶᠠᠨᠳᠤᠬᠤᠢ ᠪᠠᠯᠭᠠᠰᠤ ᠶᠢᠨ ᠲᠤᠸᠠᠨ ᠵᠢᠶᠧ ᠭᠠᠴᠠᠭ᠎ᠠ᠂ ᠪᠠᠶᠠᠨᠳᠤᠬᠤᠢ ᠭᠠᠴᠠᠭ᠎ᠠ᠂ ᠪᠠᠶᠠᠨᠳᠠᠯ᠎ᠠ ᠰᠢᠶᠠᠩ ᠤᠨ ᠪᠤᠯᠠᠷ ᠭᠠᠴᠠᠭ᠎ᠠ᠂ ᠢᠯᠠᠨ ᠭᠠᠴᠠᠭ᠎ᠠ᠂ ᠵᠡᠭᠦᠨ ᠰᠤᠮᠤ ᠶᠢᠨ ᠬᠠᠷᠭᠠᠨ᠎ᠠ ᠭᠠᠴᠠᠭ᠎ᠠ᠂ ᠪᠠᠷᠠᠭᠤᠨ ᠰᠤᠮᠤ ᠶᠢᠨ ᠲᠡᠮᠡᠭᠡᠨᠬᠦ᠋ᠵᠦᠬᠦᠦ ᠭᠠᠴᠠᠭ᠎ᠠ ᠳᠤ ᠬᠦᠷᠴᠤ ᠢᠳᠡᠰᠢᠨ ᠨᠤᠭᠤᠭ᠎ᠠ ᠬᠤᠸᠠᠷ ᠴᠡᠴᠡᠭ ᠲᠠᠷᠢᠵᠦ ᠤᠷᠭᠤᠭᠤᠯᠵᠦ ᠪᠠᠶᠢᠬᠤ᠂ ᠭᠠᠭ᠋ᠠᠢ ᠲᠡᠵᠢᠭᠡᠵᠦ ᠪᠠᠶᠢᠬᠤ᠂ ᠬᠠᠷ᠎ᠠ ᠲᠡᠯᠳᠡᠦ ᠲᠠᠷᠢᠵᠦ ᠤᠷᠭᠤᠭᠤᠯᠵᠦ ᠪᠠᠶᠢᠬᠤ᠂ ᠠᠷᠠᠳ  ᠤᠨ ᠵᠠᠩ ᠦᠢᠯᠨ ᠶᠢᠨ ᠬᠦᠷᠢᠶᠠᠯᠠᠩ ᠤᠨ ᠪᠦᠳᠦᠭᠡᠨ ᠪᠠᠶᠢᠭᠤᠯᠤᠯᠳᠠ᠂ ᠬᠠᠷ᠎ᠠ ᠡᠯᠵᠢᠭᠡ ᠲᠡᠵᠢᠭᠡᠵᠦ ᠪᠠᠶᠢᠬᠤ᠂ ᠤᠨᠳᠤᠤ ᠭᠠᠵᠠᠷ ᠲᠤ ᠨᠡᠬᠦᠯᠭᠡᠭᠰᠡᠨ ᠤ ᠲᠠᠷᠠᠭᠠᠬᠢ ᠲᠦᠭᠦᠷᠵᠢᠭᠦᠯᠦᠭᠰᠡᠨ ᠠᠵᠦ ᠦᠢᠯᠡᠰ ᠤᠨ ᠬᠦᠭᠵᠢᠯᠳᠠ ᠶᠢᠨ ᠪᠠᠶᠢᠳᠠᠯ ᠵᠠᠷᠭᠡ ᠶᠢ ᠪᠠᠶᠢᠴᠠᠭᠠᠨ ᠦᠵᠡᠪᠡ︔ ᠢᠮᠢᠨ ᠪᠠᠯᠭᠠᠰᠤ ᠳᠤ ᠬᠦᠷᠴᠤ ᠤᠢ ᠰᠢᠭᠤᠢ ᠶᠢᠨ ᠠᠵᠦ ᠦᠢᠯᠡᠰ ᠵᠢᠴᠢ ᠭᠡᠷᠡᠯ ᠴᠡᠨᠡᠭ ᠢᠶᠠᠷ ᠶᠠᠳᠠᠭᠤ ᠶᠢ ᠲᠡᠳᠬᠦᠵᠦ  ᠪᠠᠶᠢᠬᠤ ᠠᠵᠦ ᠦᠢᠯᠡᠰ ᠤᠨ ᠲᠤᠬᠠᠢ ᠪᠠᠶᠢᠴᠠᠭᠠᠨ ᠦᠵᠡᠪᠡ︔ ᠢᠮᠢᠨ ᠰᠤᠮᠤ ᠶᠢᠨ ᠢᠮᠢᠨ ᠭᠠᠴᠠᠭ᠎ᠠ᠂ ᠪᠢᠯᠦᠬᠦᠳᠤ ᠭᠠᠴᠠᠭ᠎ᠠ᠂ ᠬᠤᠩᠭᠤᠯᠵᠢ ᠭᠠᠴᠠᠭ᠎ᠠ ᠳᠤ ᠠᠮᠢ ᠠᠬᠤᠢ ᠶᠢᠨ ᠲᠠᠬᠢᠶ᠎ᠠ ᠲᠡᠵᠢᠭᠡᠵᠦ ᠪᠠᠶᠢᠬᠤ᠂ ᠮᠠᠯᠴᠢᠨ ᠠᠶᠢᠯ ᠤᠨ ᠵᠤᠭᠠᠴᠠᠯ᠂ ᠶᠠᠳᠠᠭᠤ ᠶᠢ ᠲᠡᠳᠬᠦᠬᠦ ᠲᠡᠷᠭᠡᠨ ᠦᠷᠦᠭᠡ ᠵᠢᠴᠢ ᠬᠤᠷᠰᠢᠶᠠᠵᠢᠯ ᠤᠨ ᠬᠦᠭᠵᠢᠯᠳᠠ ᠶᠢᠨ ᠪᠠᠶᠢᠳᠠᠯ ᠢ ᠪᠠᠶᠢᠴᠠᠭᠠᠨ ᠦᠵᠡᠪᠡ︔ ᠬᠤᠢ ᠰᠤᠮᠤ ᠶᠢᠨ ᠴᠠᠭᠠᠨᠨᠠᠭᠤᠷ ᠭᠠᠴᠠᠭ᠎ᠠ ᠂ ᠤᠯᠠᠭᠠᠨᠲ᠋ᠤᠭ ᠭᠠᠴᠠᠭ᠎ᠠ᠂ ᠭᠠᠯᠠᠭᠤᠳᠤ ᠭᠠᠴᠠᠭ᠎ᠠ᠂ ᠰᠢᠭᠤᠶᠢᠳᠤ ᠭᠠᠴᠠᠭ᠎ᠠ᠂ ᠬᠤᠶᠢᠳᠤᠤ ᠭᠠᠴᠠᠭ᠎ᠠ ᠳᠤ ᠬᠦᠷᠴᠤ ᠤᠨᠳᠤᠤ ᠭᠠᠵᠠᠷ ᠲᠤ ᠨᠡᠬᠦᠯᠭᠡᠨ ᠠᠵᠦ ᠦᠢᠯᠡᠰ ᠢ ᠨᠢ ᠬᠦᠭᠵᠢᠭᠦᠯᠵᠦ ᠪᠠᠶᠢᠬᠤ᠂ ᠲᠦᠭᠦᠮ ᠪᠦᠳᠦᠴᠡᠳᠤ ᠤᠷᠤᠨ ᠰᠠᠭᠤᠴᠠ ᠶᠢ ᠵᠠᠰᠠᠨ ᠰᠢᠨᠡᠳᠭᠡᠭᠰᠡᠨ᠂ ᠬᠤᠷᠰᠢᠶᠠᠵᠢᠯ ᠤᠨ ᠭᠦᠭᠵᠢᠯᠳᠠ ᠵᠢᠴᠢ ᠲᠤᠰᠬᠤᠨ ᠳᠤ ᠰᠠᠭᠤᠭ᠎ᠠ ᠠᠵᠢᠯᠯᠠᠬᠤ ᠲᠤᠭᠤᠶᠢᠯᠠᠩ ᠤᠨ ᠪᠠᠶᠢᠳᠠᠯ ᠢ ᠪᠠᠶᠢᠴᠠᠭᠠᠨ ᠤᠶᠢᠯᠠᠭᠠᠪᠠ᠃     ᠯᠢ ᡁᠢ ᠳ᠋ᠦᠩ ᠨᠠᠷ ᠬᠦᠷᠦᠭᠰᠡᠨ ᠭᠠᠵᠠᠷ ᠪᠤᠯᠭᠠᠨ ᠳᠤ ᠠᠵᠢᠯ ᠦᠢᠯᠡᠰ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠳᠤ ᠲᠤᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠠᠵᠢᠯ ᠤᠨ ᠪᠠᠶᠢᠳᠠᠯ ᠢ ᠱᠠᠭᠠᠷᠳᠠᠨ ᠪᠠᠶᠢᠴᠠᠭᠠᠵᠦ᠂ ︽ᠨᠢᠭᠡᠳᠦᠭᠡᠷ ᠱᠦᠵᠢ  ︾ ᠪᠠ ᠲᠤᠰᠬᠤᠨ ᠳᠤ ᠰᠠᠭᠤᠭ᠎ᠠ ᠺᠠᠳ᠋ᠷᠴᠤᠤᠨ ᠠᠴᠠ ᠭᠠᠴᠠᠭ᠎ᠠ  ᠶᠢᠨ ᠦᠨᠳᠦᠰᠦᠨ ᠪᠠᠶᠢᠳᠠᠯ ᠪᠠ ᠠᠵᠦ ᠦᠢᠯᠡᠰ ᠤᠨ ᠬᠦᠭᠵᠢᠯᠳᠠ ᠪᠠᠷ ᠶᠠᠳᠠᠭᠤ ᠬᠦᠴᠢᠷᠳᠠᠯᠳᠠᠢ ᠡᠷᠦᠭᠡ ᠶᠢ ᠲᠠᠶᠢᠴᠢᠯᠠᠵᠦ ᠪᠠᠶᠢᠭ᠎ᠠ ᠪᠠᠶᠢᠳᠠᠯ ᠢ ᠨᠠᠷᠢᠯᠢᠭ ᠤᠶᠢᠯᠠᠭᠠᠭᠰᠠᠨ ᠪᠠᠶᠢᠨ᠎ᠠ᠃    
    ᠯᠢ ᡁᠢ ᠳ᠋ᠦᠩ ᠠᠴᠠ ᠱᠠᠭᠠᠷᠳᠠᠭᠰᠠᠨ ᠨᠢ᠂ ᠨᠢᠭᠡ ᠳᠤ ᠠᠰᠠᠭᠤᠳᠠᠯ ᠢ ᠴᠡᠭᠴᠡᠯᠡᠨ ᠦᠭᠡᠷᠡᠴᠢᠯᠡᠬᠦ ᠶᠢ ᠦᠷᠬᠦᠯᠵᠢᠯᠡᠨ ᠰᠠᠶᠢᠳᠦᠷ ᠠᠳᠬᠤᠵᠦ᠂ ᠴᠡᠭᠴᠡᠯᠡᠨ ᠦᠭᠡᠷᠡᠴᠢᠯᠡᠭᠦᠯᠬᠦ ᠱᠠᠭᠠᠷᠳᠠᠯᠭ᠎ᠠ ᠶᠤᠰᠤᠭᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠤᠷᠤᠰᠢᠵᠦ ᠪᠠᠶᠢᠭ᠎ᠠ ᠠᠰᠠᠭᠤᠳᠠᠯ ᠢ ᠴᠡᠭᠴᠡᠯᠡᠨ ᠦᠭᠡᠷᠡᠴᠢᠯᠡᠬᠦ ᠠᠵᠢᠯ ᠢ ᠴᠢᠨᠠᠷ ᠴᠢᠨᠰᠠᠭ᠎ᠠ ᠲᠠᠢ ᠪᠠᠶᠡᠯᠡᠭᠦᠯᠬᠦ ᠭᠡᠷᠡᠭᠳᠡᠢ︔ ᠬᠤᠶᠠᠷ ᠲᠤ ᠠᠵᠦ ᠦᠢᠯᠡᠰ ᠤᠨ ᠬᠦᠭᠵᠢᠯᠳᠠ ᠶᠢ ᠦᠷᠬᠦᠯᠵᠢᠯᠡᠨ ᠰᠠᠶᠢᠳᠦᠷ ᠠᠳᠬᠤᠵᠦ᠂ ᠠᠵᠦ ᠦᠢᠯᠡᠰ ᠢ ᠬᠦᠭᠵᠢᠭᠦᠯᠬᠦ ᠰᠢᠵᠢᠷ ᠠᠯᠳᠠᠨ ᠴᠠᠭ ᠢ ᠴᠢᠩᠭ᠎ᠠ ᠡᠵᠡᠮᠳᠠᠵᠦ᠂ ᠮᠠᠷᠭᠡᠵᠢᠯ ᠤᠨ ᠵᠢᠯᠤᠭᠤᠳᠤᠯᠭ᠎ᠠ ᠪᠠ  ᠠᠶᠤᠯ ᠲᠦᠭᠰᠢᠭᠦᠷᠢ ᠶᠢ ᠰᠠᠷᠭᠡᠶᠢᠯᠡᠨ ᠬᠤᠷᠢᠭᠯᠠᠬᠤ ᠠᠵᠢᠯ ᠢ ᠰᠠᠶᠢᠳᠦᠷ ᠬᠢᠵᠦ᠂ ᠶᠠᠳᠠᠭᠤ ᠶᠢ ᠲᠡᠳᠬᠦᠬᠦ ᠠᠵᠦ ᠦᠢᠯᠡᠰ ᠢ ᠦᠨᠡᠨᠬᠦ ᠦᠷ᠎ᠠ ᠠᠰᠢᠭ ᠤᠯᠳᠠᠯ᠎ᠠ ᠨᠠᠶᠢᠳᠠᠪᠦᠷᠢᠵᠢᠭᠤᠯᠵᠦ ᠂ ᠶᠠᠳᠠᠭᠤ ᠬᠦᠴᠢᠷᠳᠠᠯᠳᠠᠢ ᠠᠷᠠᠳ ᠤᠯᠠᠨ ᠳᠤ   ᠠᠴᠢ ᠲᠤᠰᠠ ᠬᠦᠷᠳᠡᠭᠡᠬᠦ ᠭᠡᠷᠡᠭᠳᠡᠢ︔ ᠭᠤᠷᠪᠠ ᠳᠤ ᠲᠤᠰᠬᠤᠨ  ᠳᠤ ᠰᠠᠭᠤᠬᠤ ᠠᠵᠢᠯ ᠤᠨ ᠲᠦᠪᠰᠢᠨ ᠢ ᠲᠡᠭᠡᠭᠰᠢᠯᠡᠭᠦᠯᠵᠦ᠂ ᠲᠤᠰᠬᠤᠨ ᠳᠤ ᠰᠠᠭᠤᠬᠤ ᠨᠦᠬᠦᠴᠠᠯ ᠢ ᠰᠠᠶᠢᠵᠢᠷᠠᠭᠤᠯᠤᠨ᠂ ᠲᠤᠰᠬᠤᠨ ᠳᠤ ᠰᠠᠭᠤᠭ᠎ᠠ ᠺᠠᠳ᠋ᠷᠴᠤᠤᠨ ᠢ ᠯᠠᠪᠳᠠᠭᠤᠨ ᠲᠤᠭᠳᠠᠭᠤᠨ ᠢᠶᠠᠷ ᠠᠵᠢᠯ ᠢᠶᠠᠨ ᠦᠷᠨᠢᠭᠦᠯᠦᠨ᠂ ᠲᠤᠰᠬᠤᠨ ᠳᠤ ᠰᠠᠭᠤᠬᠤ ᠬᠠᠮᠢᠶᠠᠷᠤᠯᠳᠠ ᠶᠢ ᠤᠯᠠᠮ ᠢᠶᠠᠷ ᠴᠢᠩᠭᠠᠳᠬᠠᠵᠦ᠂ ᠲᠤᠰᠬᠤᠨ ᠳᠤ ᠰᠠᠭᠤᠬᠤ ᠰᠠᠬᠢᠯᠭ᠎ᠠ ᠪᠠᠳᠤ ᠶᠢ ᠴᠢᠩᠭ᠎ᠠ ᠭᠡᠷᠡᠭᠵᠢᠭᠦᠯᠵᠦ᠂ ᠮᠠᠨ ᠤ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠨᠠᠩ ᠯᠠᠪᠳᠠᠭᠤᠨ ᠪᠠᠳᠤᠳᠠᠢ ᠦᠷᠨᠢᠭᠦᠯᠬᠦ ᠶᠢ ᠪᠠᠳᠤᠯᠠᠬᠤ ᠭᠡᠷᠡᠭᠳᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号