ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠣᠷᠣᠨ ᠤ ᠡᠸ᠋ᠨᠩᠬᠢ ᠬᠤᠰᠢᠭᠤᠨ ᠳᠤ ᠰᠠᠭᠤᠭ᠎ᠠ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠠᠩᠬᠢ ᠶᠢᠨ ᠸᠠᠩ ᠬᠤᠸᠠ ᠨᠠᠷ ᠠᠬᠠᠮᠠᠳ ᠨᠠᠮ ᠤᠨ ᠬᠡᠰᠢᠬᠦᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2018/7/12
    7 ᠰᠠᠷ᠎ᠠ ᠶᠢᠨ 2 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠣᠷᠣᠨ ᠤ ᠡᠸ᠋ᠨᠩᠬᠢ ᠬᠤᠰᠢᠭᠤᠨ ᠳᠤ ᠰᠠᠭᠤᠭ᠎ᠠ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠠᠩᠬᠢ ᠶᠢᠨ ᠸᠠᠩ ᠬᠤᠸᠠ ᠨᠠᠷ ᠪᠠᠶᠠᠨᠳᠠᠯ᠎ᠠ ᠰᠢᠶᠠᠩ ᠤᠨ ᠢᠯᠠᠨ ᠭᠠᠴᠠᠭ᠎ᠠ ᠪᠠ ᠦᠨᠳᠦᠷ ᠭᠠᠴᠠᠭᠠᠨ ᠤ ᠠᠬᠠᠮᠠᠳ ᠨᠠᠮ ᠤᠨ ᠬᠡᠰᠢᠬᠦᠨ  ᠳᠤ ᠲᠣᠬᠤᠨᠢᠭᠤᠯᠭ᠎ᠠ ᠶᠢᠨ ᠮᠦᠩᠬᠦ ᠬᠦᠷᠬᠡᠵᠦ᠂ ᠨᠠᠮ ᠤᠨ ᠵᠣᠬᠢᠶᠠᠨ ᠪᠠᠶᠢᠭᠤᠯᠣᠯᠲᠠ ᠶᠢᠨ ᠬᠠᠶᠢᠷ᠎ᠠ ᠬᠠᠯᠠᠮᠵᠢ ᠶᠢ ᠦᠨᠳᠦᠰᠦᠨ ᠱᠠᠲᠣᠨ ᠤ ᠠᠬᠠᠮᠠᠳ ᠨᠠᠮ ᠤᠨ ᠬᠡᠰᠢᠬᠦᠨ ᠳᠤ ᠬᠦᠷᠭᠡᠪᠡ᠃ ᠪᠠᠶᠠᠨᠳᠠᠯ᠎ᠠ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ ᠭᠦᠸᠧ ᠶᠦᠩ ᠬᠤᠸᠠ ᠨᠠᠷ ᠬᠠᠮᠳᠣᠪᠡᠷ ᠠᠬᠠᠮᠠᠳ ᠨᠠᠮ ᠤᠨ ᠬᠡᠰᠢᠬᠦᠨ ᠢ ᠲᠣᠬᠤᠨᠢᠭᠤᠯᠪᠠ᠃
   
    ᠠᠬᠠᠮᠠᠳ ᠨᠠᠮ ᠤᠨ ᠬᠡᠰᠢᠬᠦᠨ ᠮᠦ᠋ ᠱᠣ᠋ ᠯᠠᠨ ᠪᠠ ᠶᠠᠳᠠᠭᠤ ᠬᠦᠴᠢᠷᠳᠡᠯᠳᠡᠢ ᠨᠠᠮ ᠤᠨ ᠬᠡᠰᠢᠬᠦᠨ ᠲᠠᠨ᠎ᠠ ᠶᠢᠨ ᠬᠡᠷ ᠲᠤ᠂ ᠸᠠᠩ ᠬᠤᠸᠠ ᠨᠠᠷ ᠳᠡᠳᠡᠨᠣᠰ ᠤᠨ ᠠᠮᠢᠳᠣᠷᠠᠯ ᠤᠨ ᠪᠠᠶᠢᠳᠠᠯ ᠪᠠ ᠪᠡᠶ᠎ᠡ ᠶᠢᠨ ᠡᠷᠡᠬᠦᠯ ᠮᠡᠨᠳᠦ ᠶᠢᠨ ᠪᠠᠶᠢᠳᠠᠯ ᠵᠡᠷᠭᠡ ᠶᠢ ᠨᠢᠮᠪᠠᠢ ᠣᠶᠢᠯᠠᠭᠠᠵᠣ᠂ ᠠᠬᠠᠮᠠᠳ ᠨᠠᠮ ᠤᠨ ᠬᠡᠰᠢᠬᠦᠨ ᠤ ᠪᠡᠶ᠎ᠡ ᠮᠠᠬᠠᠪᠣᠳ ᠡᠷᠡᠬᠦᠯ ᠴᠢᠬᠢᠷᠠᠭ᠂ ᠪᠠᠶᠠᠷ ᠪᠠᠶᠠᠰᠣᠯᠲᠠᠢ ᠪᠠᠶᠢᠬᠤ ᠶᠢ ᠬᠦᠰᠡᠨ ᠵᠦᠩᠨᠡᠵᠦ᠂ ᠶᠠᠳᠠᠭᠤ ᠬᠦᠴᠢᠷᠳᠡᠯᠳᠡᠢ ᠨᠠᠮ ᠤᠨ ᠬᠡᠰᠢᠬᠦᠳ ᠪᠡᠶ᠎ᠡ ᠪᠠᠨ ᠳᠠᠭᠠᠭᠠᠨ ᠬᠦᠴᠦᠷᠭᠡᠭᠵᠢᠵᠦ᠂ ᠡᠷᠳᠡ ᠨᠢᠬᠡᠨ ᠡᠳᠦᠷ ᠶᠠᠳᠠᠭᠤ ᠠᠴᠠ ᠠᠩᠬᠢᠵᠢᠷᠠᠬᠤ ᠶᠢ ᠰᠠᠨᠠᠭᠠᠴᠢᠯᠠᠬᠤ ᠶᠢᠨ ᠬᠠᠮᠳᠣ ᠠᠬᠠᠮᠠᠳ ᠨᠠᠮ ᠤᠨ ᠬᠡᠰᠢᠬᠦᠳ ᠤᠨ ᠮᠠᠨ ᠤ ᠬᠤᠰᠢᠭᠤᠨ ᠤ ᠬᠦᠭᠵᠢᠯᠲᠡ ᠳᠤ ᠬᠦᠴᠦᠨ ᠨᠡᠮᠡᠷᠢᠯᠡᠭᠰᠡᠨ ᠳᠤ ᠲᠠᠯᠠᠷᠬᠠᠯ ᠤᠨ ᠰᠡᠳᠬᠢᠯ ᠢᠶᠠᠨ ᠢᠯᠡᠳᠬᠡᠪᠡ᠃    ᠭᠥᠸᠧ ᠶᠦᠩ ᠬᠤᠸᠠ ᠠᠴᠠ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠦᠭᠡᠯᠡᠨ ᠭᠠᠴᠠᠭᠠᠨ ᠤ ᠬᠡᠰᠡᠭ ᠠᠬᠠᠮᠠᠳ ᠨᠠᠮ ᠤᠨ ᠬᠡᠰᠢᠬᠦᠨ᠂ ᠶᠠᠳᠠᠭᠤ ᠬᠦᠴᠢᠷᠳᠡᠯᠳᠡᠢ ᠨᠠᠮ ᠤᠨ ᠬᠡᠰᠢᠬᠦᠨ ᠢ ᠲᠣᠬᠤᠨᠢᠭᠤᠯᠬᠤ ᠶᠢᠨ ᠬᠠᠮᠳᠣ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠬᠦᠯᠵᠦ᠂ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠶᠡᠷᠦ ᠠᠴᠠ ᠠᠬᠠᠮᠠᠳ ᠨᠠᠮ ᠤᠨ ᠬᠡᠰᠢᠬᠦᠨ ᠪᠠ ᠶᠠᠳᠠᠭᠤ ᠬᠦᠴᠢᠷᠳᠡᠯᠳᠡᠢ ᠨᠠᠮ ᠤᠨ ᠬᠡᠰᠢᠬᠦᠨ ᠤ ᠠᠵᠢᠯ ᠪᠠ ᠠᠮᠢᠳᠣᠷᠠᠯ ᠤᠨ ᠪᠠᠶᠢᠳᠠᠯ ᠢ ᠬᠠᠯᠠᠮᠵᠢᠯᠠᠵᠣ ᠪᠠᠶᠢᠬᠤ ᠶᠢ ᠢᠯᠡᠳᠬᠡᠵᠦ᠂ ᠡᠬᠦᠨ ᠤ ᠬᠠᠮᠳᠣ ᠠᠷᠭ᠎ᠠ ᠪᠦᠬᠦᠨ ᠢ ᠰᠦᠪᠡᠭᠴᠢᠯᠡᠨ ᠳᠡᠳᠡᠨᠣᠰ ᠤᠨ ᠬᠦᠴᠢᠷ ᠲᠦᠪᠡᠭ ᠢ ᠨᠢ ᠰᠢᠢᠳᠪᠦᠷᠢᠯᠡᠨ ᠦᠭᠴᠦ᠂ ᠲᠡᠳᠡᠨᠣᠰ ᠲᠤ ᠨᠠᠮ ᠤᠨ ᠵᠣᠬᠢᠶᠠᠨ ᠪᠠᠶᠢᠭᠤᠯᠣᠯᠲᠠ ᠶᠢᠨ ᠬᠠᠶᠢᠷ᠎ᠠ ᠬᠠᠯᠠᠮᠵᠢ ᠶᠢ ᠦᠨᠡᠨᠬᠦ ᠬᠦᠷᠳᠡᠭᠡᠨ᠎ᠡ ᠬᠡᠵᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号