ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠠᠯ ᠹᠷᠦᠨᠲ ᠤᠨ ᠭᠡᠯᠳᠡᠰ ᠤᠨ ᠲᠠᠷᠤᠭ᠎ᠠ ᠰᠤᠶᠤᠯᠮ᠎ᠠ ᠢᠮᠢᠨ ᠭᠠᠴᠠᠭ᠎ᠠ ᠳᠤ ᠬᠦᠷᠴᠤ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠰᠤᠳᠤᠯᠵᠦ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2018/7/12
    7 ᠰᠠᠷ᠎ᠠ ᠶᠢᠨ 5   ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠠᠯ ᠹᠷᠦᠨᠲ ᠤᠨ ᠭᠡᠯᠳᠡᠰ ᠤᠨ ᠲᠠᠷᠤᠭ᠎ᠠ ᠰᠤᠶᠤᠯᠮ᠎ᠠ ᠢᠮᠢᠨ ᠭᠠᠴᠠᠭ᠎ᠠ ᠳᠤ ᠬᠦᠷᠴᠤ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠰᠤᠳᠤᠯᠵᠦ ᠵᠢᠭᠠᠨ ᠵᠢᠯᠤᠭᠤᠳᠪᠠ᠃
    ᠰᠠᠭᠤᠳᠠᠯ ᠤᠨ ᠬᠤᠷᠠᠯ ᠬᠢᠵᠦ᠂ ᠰᠤᠶᠤᠯᠮ᠎ᠠ ᠨᠠᠷ ᠭᠠᠴᠠᠭ᠎ᠠ ᠶᠢᠨ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠤᠨ ᠠᠬᠢᠴᠠ ᠶᠢᠨ ᠪᠠᠶᠢᠳᠠᠯ᠂ ᠬᠠᠷᠢᠯᠴᠠᠨ ᠪᠠᠶᠢᠴᠠᠭᠠᠭᠰᠠᠨ ᠤ ᠲᠠᠷᠠᠭᠠᠬᠢ ᠴᠡᠭᠴᠡᠯᠡᠨ ᠦᠭᠡᠷᠡᠴᠢᠯᠡᠬᠦ ᠶᠢ ᠨᠠᠶᠢᠳᠠᠪᠦᠷᠢᠵᠢᠭᠤᠯᠤᠭᠰᠠᠨ ᠪᠠᠶᠢᠳᠠᠯ ᠵᠢᠴᠢ ᠤᠶᠢᠷ᠎ᠠ ᠶᠢᠨ ᠬᠤᠭᠤᠴᠠᠭᠠᠨ ᠤ ᠶᠠᠳᠠᠭᠤ ᠠᠴᠠ ᠠᠩᠬᠢᠵᠢᠷᠠᠭᠤᠯᠬᠤ ᠠᠵᠢᠯ  ᠤᠨ ᠲᠦᠯᠦᠪᠯᠡᠭᠡ ᠪᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠨᠠᠷᠢᠯᠢᠭ ᠤᠶᠢᠯᠠᠭᠠᠵᠦ᠂ ᠬᠤᠷᠠᠯ ᠳᠤ ᠤᠷᠤᠯᠴᠠᠭᠰᠠᠳ ᠠᠴᠠ ᠤᠶᠢᠷ᠎ᠠ ᠶᠢᠨ ᠬᠤᠭᠤᠴᠠᠭᠠᠨ ᠤ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠭᠤᠤᠯᠳᠠᠯᠭ᠎ᠠ ᠲᠠᠢ ᠤᠶᠠᠯᠳᠤᠭᠤᠯᠤᠨ᠂ ᠬᠦᠳᠡᠯᠦᠩᠬᠦᠢ ᠬᠠᠮᠢᠶᠠᠷᠤᠯᠳᠠ ᠬᠢᠬᠦ ᠶᠢ ᠴᠢᠩᠭᠠᠳᠬᠠᠵᠦ᠂ ᠲᠤᠳᠤᠭᠠᠳᠤ ᠶᠢᠨ ᠠᠵᠢᠯ ᠤᠨ ᠲᠠᠩᠰᠠ ᠡᠪᠭᠡᠮᠡᠯ ᠤᠨ ᠪᠠᠶᠢᠭᠤᠯᠤᠯᠳᠠ ᠶᠢ ᠵᠢᠷᠤᠮᠵᠢᠭᠤᠯᠵᠦ᠂ ᠰᠢᠪᠡᠳᠡᠨ ᠬᠢᠯᠭᠡᠬᠦ ᠭᠡᠷᠡᠭ ᠶᠠᠪᠤᠳᠠᠯ ᠢ ᠴᠡᠭᠴᠡᠯᠡᠨ ᠦᠭᠡᠷᠡᠴᠢᠯᠡᠬᠦ  ᠶᠢ ᠨᠠᠶᠢᠳᠠᠪᠦᠷᠢᠵᠢᠭᠤᠯᠬᠤ ᠪᠤᠳᠠᠳᠠᠢ ᠠᠭᠤᠯᠭ᠎ᠠ ᠶᠢ ᠰᠤᠳᠤᠯᠤᠨ ᠶᠠᠷᠢᠯᠴᠠᠪᠠ᠃
   
    ᠵᠠᠯᠭᠠᠭᠠᠳ ᠰᠤᠶᠤᠯᠮ᠎ᠠ ᠨᠠᠷ ᠶᠠᠳᠠᠭᠤ ᠬᠦᠴᠢᠷᠳᠠᠯᠳᠠᠢ ᠡᠷᠦᠭᠡ ᠰᠤᠶᠤᠯ ᠤᠨ ᠳᠤ ᠬᠦᠷᠴᠤ ᠲᠠᠳᠠᠨ ᠤ ᠭᠡᠷ ᠪᠦᠯᠢ ᠶᠢᠨ ᠪᠠᠶᠢᠳᠠᠯ᠂ ᠡᠷᠡᠭᠦᠯ ᠮᠠᠨᠳᠤ ᠶᠢᠨ ᠪᠠᠶᠢᠳᠠᠯ᠂ ᠤᠷᠤᠯᠭ᠎ᠠ ᠶᠢᠨ ᠢᠷᠠᠯᠳᠠ ᠵᠢᠴᠢ ᠤᠷᠤᠰᠢᠵᠦ ᠪᠠᠶᠢᠭ᠎ᠠ ᠬᠦᠴᠢᠷ ᠲᠦᠪᠡᠭ ᠲᠠᠢ ᠠᠰᠠᠭᠤᠳᠠᠯ ᠵᠠᠷᠭᠡ ᠶᠢ ᠨᠠᠷᠢᠯᠢᠭ ᠤᠶᠢᠯᠠᠭᠠᠵᠦ᠂ ᠵᠢᠮᠢᠰ ᠨᠤᠭᠤᠭ᠎ᠠ ᠵᠠᠷᠭᠡ ᠢᠳᠡᠭᠡᠨ ᠤ ᠵᠦᠢᠯᠡᠰ ᠢ ᠬᠦᠷᠭᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ 67 ᠵᠤᠷᠪᠤᠰ ᠶᠠᠳᠠᠭᠤ ᠶᠢ ᠲᠠᠳᠬᠦᠬᠦ ᠠᠷᠭ᠎ᠠ ᠠᠪᠴᠠᠯ ᠵᠢᠴᠢ ᠶᠠᠳᠠᠭᠤ ᠬᠦᠴᠢᠷᠳᠠᠯᠳᠠᠢ ᠡᠷᠦᠭᠡ ᠳᠤ ᠬᠠᠷᠠᠭᠠᠯᠵᠠᠯ ᠦᠵᠡᠭᠦᠯᠬᠦ ᠡᠯ᠎ᠠ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢᠨ ᠲᠤᠬᠠᠢ ᠲᠤᠳᠤᠷᠬᠠᠢ ᠲᠠᠶᠢᠯᠪᠦᠷᠢᠯᠡᠨ ᠦᠭᠴᠤ᠂ ᠲᠠᠳᠠᠨᠤᠰ ᠢ ᠢᠳᠡᠭᠡᠯ ᠢᠶᠠᠨ ᠪᠠᠳᠤᠳᠬᠠᠨ᠂ ᠬᠦᠴᠢᠷ ᠪᠠᠷᠭᠡ ᠶᠢ ᠲᠤᠭᠤᠯᠵᠦ᠂ ᠡᠷᠳᠠ ᠨᠢᠭᠡᠨ ᠡᠳᠦᠷ ᠶᠠᠳᠠᠭᠤ ᠠᠴᠠ ᠠᠩᠬᠢᠵᠢᠷᠠᠵᠦ ᠪᠠᠶᠠᠨ ᠴᠢᠨᠡᠭᠡᠯᠢᠭ ᠠᠮᠢᠳᠤᠷᠠᠯ ᠢ ᠡᠳ᠋ᠯᠡᠬᠦ ᠶᠢ ᠬᠦᠰᠡᠵᠦ ᠪᠠᠶᠢᠨ᠎ᠠ ᠭᠡᠵᠦ ᠵᠤᠷᠢᠭᠵᠢᠭᠤᠯᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号