ᠬᠤᠰᠢᠭᠤᠨ ᠤ ᠨᠠᠮ ᠤᠨ ᠬᠤᠷᠢᠶ᠎ᠠ ᠶᠢᠨ ᠲᠠᠳ᠋ ᠱᠦᠵᠢ᠂ ᠬᠤᠰᠢᠭᠤᠨ ᠲᠠᠷᠤᠭ᠎ᠠ ᠨᠠ ᠰᠢᠶᠤᠤ ᠭᠤᠸᠠᠩ ᠨᠠᠷ ᠬᠤᠸ᠋ᠨ ᠨᠧᠩ ᠢᠮᠢᠨ ᠤ ᠨᠠᠬᠦᠷᠠᠰᠤ ᠴᠠᠬᠢᠯᠭᠠᠨ ᠤ ᠺᠤᠮᠫᠠᠨᠢ ᠶᠢᠨ ᠦᠢᠯᠡᠳᠪᠦᠷᠢ ᠳᠤ ᠬᠦᠷᠴᠤ ᠠᠶᠤᠯᠬᠦᠢ ᠦᠢᠯᠡᠳᠪᠦᠷᠢᠯᠡᠯ ᠤᠨ ᠠᠵᠢᠯ ᠢ ᠱᠠᠭᠠᠷᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2018/7/12
   7 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠲᠠᠳ᠋ ᠱᠦᠵᠢ᠂ ᠬᠤᠰᠢᠭᠤᠨ ᠲᠠᠷᠤᠭ᠎ᠠ ᠨᠠ ᠰᠢᠶᠤᠤ ᠭᠤᠸᠠᠩ ᠨᠠᠷ ᠬᠤᠸ᠋ᠨ ᠨᠧᠩ ᠢᠮᠢᠨ ᠤ ᠨᠠᠬᠦᠷᠠᠰᠤ ᠴᠠᠬᠢᠯᠭᠠᠨ ᠤ ᠺᠤᠮᠫᠠᠨᠢ ᠶᠢᠨ ᠦᠢᠯᠡᠳᠪᠦᠷᠢ ᠳᠤ ᠬᠦᠷᠴᠤ ᠠᠶᠤᠯᠬᠦᠢ ᠦᠢᠯᠡᠳᠪᠦᠷᠢᠯᠡᠯ ᠤᠨ ᠠᠵᠢᠯ ᠢ ᠱᠠᠭᠠᠷᠳᠠᠨ ᠪᠠᠶᠢᠴᠠᠭᠠᠪᠠ᠃
   
   ᠨᠠ ᠰᠢᠶᠤᠤ ᠭᠤᠸᠠᠩ ᠨᠠᠷ ᠠᠵᠦ ᠠᠬᠤᠶᠢᠯᠠᠯ ᠤᠨ ᠦᠢᠯᠡᠳᠪᠦᠷᠢᠯᠡᠯ ᠤᠨ ᠨᠢᠭᠡᠳᠦᠭᠡᠷ ᠹᠷᠦᠨᠲ᠂ ᠭᠤᠤᠯ ᠬᠢᠨᠠᠨ ᠡᠵᠡᠮᠳᠠᠬᠦ ᠲᠠᠰᠤᠭ ᠵᠢᠴᠢ ᠠᠶᠤᠯᠬᠦᠢ ᠦᠢᠯᠡᠳᠪᠦᠷᠢᠯᠡᠯ ᠢ ᠪᠠᠶᠠᠴᠢᠯᠡᠨ ᠤᠶᠢᠯᠠᠭᠠᠬᠤ ᠭᠠᠵᠠᠷ ᠲᠤ ᠪᠠᠶᠢᠴᠠᠭᠠᠯᠳᠠ ᠬᠢᠵᠦ ᠂ ᠠᠵᠦ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭᠠᠨ ᠵᠢᠴᠢ ᠠᠶᠤᠯᠬᠦᠢ ᠦᠢᠯᠡᠳᠪᠦᠷᠢᠯᠡᠯ ᠤᠨ ᠲᠦᠷᠢᠮ ᠢ ᠨᠠᠶᠢᠳᠠᠪᠦᠷᠢᠵᠢᠭᠤᠯᠤᠭᠰᠠᠨ ᠪᠠᠶᠢᠳᠠᠯ ᠢ ᠨᠠᠷᠢᠨ ᠤᠶᠢᠯᠠᠭᠠᠪᠠ᠃    ᠨᠠ ᠰᠢᠶᠤᠤ ᠭᠤᠸᠠᠩ ᠠᠴᠠ ᠠᠵᠦ ᠠᠬᠤᠶᠢᠯᠠᠯ ᠨᠢᠳᠤᠨᠤᠨ ᠤ ︽10 · 9︾  ᠪᠠ ︽11·14︾   ᠤ ᠡᠳᠦᠷ ᠡᠭᠦᠰᠦᠭᠰᠡᠨ ᠠᠳᠠᠯ ᠤᠨ ᠭᠡᠷᠡᠭ ᠠᠴᠠ ᠰᠤᠷᠭᠠᠮᠵᠢ ᠠᠪᠴᠤ᠂ ᠬᠦᠯᠦᠨ ᠪᠤᠶᠢᠷ ᠬᠤᠳᠠ ᠶᠢᠨ ᠠᠶᠤᠯᠬᠦᠢ ᠦᠢᠯᠡᠳᠪᠦᠷᠢᠯᠡᠯ ᠳᠤ ᠬᠢᠨᠠᠯᠳᠠ ᠲᠠᠯᠪᠢᠬᠤ ᠲᠤᠪᠴᠢᠶ᠎ᠠ ᠶᠢᠨ ᠲᠤᠰᠬᠠᠢ ᠪᠠᠶᠢᠴᠠᠭᠠᠯᠳᠠ ᠪᠠ ᠠᠳᠠᠯ ᠤᠨ ᠲᠠᠷᠠᠭᠠᠬᠢ ᠦᠪᠠᠷᠳᠡᠭᠡᠨ ᠪᠠᠶᠢᠴᠠᠭᠠᠬᠤ ᠳᠤ ᠢᠯᠡᠷᠡᠭᠦᠯᠦᠭᠰᠡᠨ ᠡᠯ᠎ᠠ ᠲᠦᠷᠦᠯ ᠤᠨ ᠠᠰᠠᠭᠤᠳᠠᠯ ᠲᠠᠯᠳᠠ ᠭᠡᠮ ᠢ ᠴᠡᠭᠴᠡᠯᠡᠨ ᠦᠭᠡᠷᠡᠴᠢᠯᠡᠬᠦ ᠲᠦᠯᠦᠪᠯᠡᠭᠡ ᠶᠢᠨ ᠱᠠᠭᠠᠷᠳᠠᠯᠭ᠎ᠠ ᠶᠢᠨ ᠶᠤᠰᠤᠭᠠᠷ ᠴᠡᠭᠴᠡᠯᠡᠨ ᠦᠭᠡᠷᠡᠴᠢᠯᠡᠵᠦ᠂ ᠡᠶᠢᠮᠦᠷᠬᠦ ᠠᠶᠤᠯᠬᠦᠢ  ᠶᠢᠨ ᠠᠳᠠᠯ ᠲᠠᠬᠢᠨ ᠡᠭᠦᠰᠬᠦ ᠶᠢ ᠡᠷᠡᠰ ᠬᠤᠷᠢᠭᠯᠠᠬᠤ ᠭᠡᠷᠡᠭᠳᠡᠢ ᠭᠡᠪᠡ᠃    ᠨᠠ ᠰᠢᠶᠤᠤ ᠭᠤᠸᠠᠩ ᠠᠴᠠ ᠴᠢᠬᠤᠯᠠᠴᠢᠯᠠᠭᠰᠠᠨ ᠨᠢ᠂ ᠠᠵᠦ ᠠᠬᠤᠶᠢᠯᠠᠯ ᠠᠶᠤᠯᠬᠦᠢ ᠦᠢᠯᠡᠳᠪᠦᠷᠢᠯᠡᠯ ᠬᠢᠬᠦ ᠲᠦᠷᠢᠮ ᠰᠠᠬᠢᠯᠭ᠎ᠠ ᠶᠢ ᠢᠮᠠᠭᠳᠠ ᠴᠢᠩᠭ᠎ᠠ ᠰᠠᠬᠢᠵᠦ᠂ ᠡᠯ᠎ᠠ ᠵᠦᠢᠯ ᠤᠨ ᠲᠤᠭᠳᠠᠭᠠᠯ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠦ᠂ ᠠᠵᠢᠯᠯᠠᠭᠠᠨ ᠤ ᠶᠠᠪᠤᠴᠠ ᠪᠠᠨ ᠵᠢᠷᠤᠮᠵᠢᠭᠤᠯᠵᠦ᠂ ᠲᠤᠭᠳᠠᠮᠠᠯ ᠬᠤᠭᠤᠴᠠᠭ᠎ᠠ ᠲᠠᠢ ᠪᠠᠷ ᠪᠠᠴᠢᠮ ᠪᠠᠶᠢᠳᠠᠯ ᠢ ᠠᠷᠭᠠᠴᠠᠬᠤ ᠰᠤᠷᠢᠯᠳᠠ ᠬᠢᠯᠭᠡᠵᠦ᠂ ᠠᠵᠢᠯᠴᠢᠨ ᠠᠵᠢᠯᠳᠠᠳ ᠤᠨ ᠠᠶᠤᠯᠬᠦᠢ ᠦᠢᠯᠡᠳᠪᠦᠷᠢᠯᠡᠯ ᠬᠢᠬᠦ ᠦᠵᠡᠯ ᠤᠬᠠᠮᠰᠠᠷ ᠢ ᠨᠢ ᠲᠡᠭᠡᠭᠰᠢᠯᠡᠭᠦᠯᠵᠦ᠂ ᠠᠶᠤᠯᠬᠦᠢ ᠦᠢᠯᠡᠳᠪᠦᠷᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ   ᠪᠠᠨ ᠦᠨᠡᠨᠬᠦ ᠰᠠᠶᠢᠳᠦᠷ ᠬᠦᠢᠴᠠᠳᠭᠡᠬᠦ ᠭᠡᠷᠡᠭᠳᠡᠢ︔ ᠬᠢᠨᠠᠨ ᠬᠠᠮᠢᠶᠠᠷᠬᠤ ᠰᠠᠯᠠᠭ᠎ᠠ ᠮᠦᠴᠢᠷ ᠤᠳ ᠡᠬᠢ ᠡᠭᠦᠰᠦᠯ ᠠᠴᠠ ᠨᠢ ᠬᠢᠨᠠᠨ ᠬᠠᠮᠢᠶᠠᠷᠬᠤ ᠪᠠᠨ ᠴᠢᠩᠭᠠᠳᠬᠠᠵᠦ᠂ ᠠᠵᠦ ᠠᠬᠤᠶᠢᠯᠠᠯ ᠤᠨ ᠴᠡᠭᠴᠡᠯᠡᠨ ᠦᠭᠡᠷᠡᠴᠢᠯᠡᠬᠦ ᠲᠦᠯᠦᠪᠯᠡᠭᠡ ᠪᠠᠨ ᠨᠠᠶᠢᠳᠠᠪᠦᠷᠢᠵᠢᠭᠤᠯᠤᠭᠰᠠᠨ ᠪᠠᠶᠢᠳᠠᠯ   ᠳᠤ ᠬᠢᠨᠠᠯᠳᠠ ᠲᠠᠯᠪᠢᠵᠦ ᠲᠤᠬᠢᠷᠠᠭᠤᠯᠤᠯᠳᠠ ᠬᠢᠬᠦ ᠶᠢ ᠴᠢᠩᠭᠠᠳᠬᠠᠵᠦ᠂ ᠠᠶᠤᠯ ᠲᠦᠭᠰᠢᠭᠦᠷᠢ ᠲᠠᠢ ᠭᠠᠵᠠᠷ ᠵᠢᠴᠢ ᠴᠡᠭᠴᠡᠯᠡᠨ ᠦᠭᠡᠷᠡᠴᠢᠯᠡᠬᠦ ᠶᠢ ᠨᠠᠶᠢᠳᠠᠪᠦᠷᠢᠵᠢᠭᠤᠯᠬᠤ ᠭᠡᠷᠡᠭᠳᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号