ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠬᠦᠸᠧ ᠴᠢᠩ ᠬᠠᠪᠰᠤᠷᠤᠨ ᠲᠡᠳᠬᠦᠭᠳᠡᠵᠦ ᠪᠠᠶᠢᠭ᠎ᠠ ᠭᠠᠴᠠᠭ᠎ᠠ ᠳᠤ ᠬᠦᠷᠴᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2018/7/2
   6 ᠰᠠᠷ᠎ᠠ ᠶᠢᠨ 21   ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠬᠦᠸᠧ ᠴᠢᠩ  ᠨᠠᠷ ᠢᠮᠢᠨ ᠰᠤᠮᠤ ᠶᠢᠨ ᠦᠢᠳᠭᠡᠨ ᠭᠠᠴᠠᠭ᠎ᠠ ᠳᠤ ᠬᠦᠷᠴᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠵᠢᠯᠤᠭᠤᠳᠪᠠ᠃ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠵᠢᠯᠤᠭᠤᠳᠬᠤ ᠭᠠᠵᠠᠷ ᠤᠨ ᠰᠤᠯᠪᠢᠴᠠᠭᠤᠯᠤᠨ ᠪᠠᠶᠢᠴᠠᠭᠠᠬᠤ ᠳᠤ ᠲᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤ ᠴᠢᠭᠯᠡᠭᠦᠯᠦᠨ᠂ ᠬᠦᠸᠧ ᠴᠢᠩ ᠨᠠᠷ ᠦᠢᠳᠭᠡᠨ ᠭᠠᠴᠠᠭ᠎ᠠ ᠶᠢᠨ ︽ᠨᠢᠭᠡᠳᠦᠭᠡᠷ ᠱᠦᠵᠢ︾ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠳᠠ ᠶᠢ ᠰᠤᠨᠤᠰᠴᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠰᠢᠪᠡᠳᠠᠨ ᠬᠢᠯᠭᠡᠬᠦ ᠪᠠᠷᠢᠮᠳᠠ ᠲᠠᠢ ᠤᠶᠠᠯᠳᠤᠭᠤᠯᠤᠨ᠂ ᠡᠷᠦᠭᠡ ᠨᠢᠭᠡᠪᠦᠷᠢ ᠳᠤ ᠤᠷᠤᠰᠢᠵᠦ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠤᠶᠢᠯᠠᠭᠠᠵᠦ᠂ ᠴᠡᠭᠴᠡᠯᠡᠨ ᠰᠠᠶᠢᠵᠢᠷᠠᠭᠤᠯᠤᠭᠰᠠᠨ  ᠨᠢ ᠨᠠᠷᠢᠯᠢᠭ ᠪᠢᠰᠢ᠂ ᠪᠤᠳᠠᠳᠠᠢ ᠪᠢᠰᠢ  ᠪᠠᠶᠢᠭ᠎ᠠ ᠠᠰᠠᠭᠤᠳᠠᠯ ᠢ ᠲᠤᠰᠬᠤᠨ ᠳᠤ ᠰᠠᠭᠤᠭ᠎ᠠ ᠠᠵᠢᠯᠯᠠᠬᠤ ᠲᠤᠭᠤᠶᠢᠯᠠᠩ ᠪᠠ ᠬᠠᠪᠰᠤᠷᠤᠨ ᠲᠡᠳᠬᠦᠬᠦ ᠺᠠᠳ᠋ᠷ ᠢ ᠱᠠᠭᠠᠷᠳᠠᠵᠦ ᠪᠠᠶᠢᠭᠠᠳ ᠠᠬᠤᠢ ᠲᠠᠯᠠᠪᠠᠢ ᠳᠤ ᠨᠢ  ᠴᠡᠭᠴᠡᠯᠡᠨ ᠦᠭᠡᠷᠡᠴᠢᠯᠡᠭᠦᠯᠪᠡ᠃
   ᠵᠠᠯᠭᠠᠭᠠᠳ ᠬᠦᠸᠧ ᠴᠢᠩ ᠨᠠᠷ ᠦᠢᠳᠭᠡᠨ ᠭᠠᠴᠠᠭ᠎ᠠ ᠶᠢᠨ ᠭᠡᠰᠡᠭ ᠶᠠᠳᠠᠭᠤ ᠬᠦᠴᠢᠷᠳᠠᠯᠳᠠᠢ ᠡᠷᠦᠭᠡ ᠳᠤ ᠬᠦᠨᠵᠡᠭᠡᠶᠢᠷᠡᠵᠦ᠂ ᠲᠡᠳᠠᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠶᠠᠳᠠᠭᠤᠷᠠᠭᠰᠠᠨ ᠰᠢᠯᠳᠠᠭᠠᠨ᠂ ᠤᠷᠤᠯᠭ᠎ᠠ  ᠶᠢᠨ ᠢᠷᠠᠯᠳᠠ᠂ ᠬᠠᠪᠰᠤᠷᠤᠨ ᠲᠡᠳᠬᠦᠵᠦ ᠪᠠᠶᠢᠬᠤ ᠠᠷᠭ᠎ᠠ ᠠᠪᠴᠠᠯ ᠵᠢᠴᠢ ᠲᠤᠯᠭᠠᠷᠠᠵᠦ ᠪᠠᠶᠢᠭ᠎ᠠ ᠬᠦᠴᠢᠷᠳᠠᠯ ᠪᠠ ᠠᠰᠠᠭᠤᠳᠠᠯ ᠵᠠᠷᠭᠡ ᠶᠢ ᠤᠶᠢᠯᠠᠭᠠᠬᠤ ᠶᠢᠨ ᠬᠠᠮᠳᠤ ᠶᠠᠳᠠᠭᠤ ᠬᠦᠴᠢᠷᠳᠠᠯᠳᠠᠢ ᠡᠷᠦᠭᠡ ᠳᠤ ᠬᠠᠮᠢᠶ᠎ᠠ ᠪᠦᠬᠦᠢ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠲᠤᠬᠠᠢ ᠨᠠᠷᠢᠯᠢᠭ ᠲᠠᠶᠢᠯᠪᠦᠷᠢ ᠬᠢᠵᠦ ᠦᠭᠪᠡ᠃    ᠬᠦᠸᠧ ᠴᠢᠩ ᠠᠴᠠ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠦᠨᠡᠨᠬᠦ ᠪᠤᠳᠠᠳᠠᠢ ᠬᠢᠵᠦ᠂ ᠠᠵᠢᠯ ᠨᠢᠭᠡᠪᠦᠷᠢ ᠶᠢ   ᠪᠤᠳᠠᠳᠠᠢ ᠨᠠᠷᠢᠯᠢᠭᠵᠢᠭᠤᠯᠵᠦ᠂ ᠲᠤᠰ ᠤᠳᠠᠭᠠᠨ ᠤ ᠪᠠᠶᠢᠴᠠᠭᠠᠯᠳᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠢ ᠪᠠᠳᠤᠯᠠᠵᠦ᠂ ᠡᠭᠦᠪᠡᠷ ᠴᠡᠭᠡᠷ ᠪᠤᠯᠭᠠᠨ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠦ᠂ ᠡᠶᠢᠮᠦᠷᠬᠦ ᠠᠰᠠᠭᠤᠳᠠᠯ ᠲᠠᠬᠢᠨᠳᠠ ᠭᠠᠷᠬᠤ ᠶᠢ ᠡᠷᠡᠰ ᠴᠡᠭᠡᠷᠯᠡᠬᠦ ᠭᠡᠷᠡᠭᠳᠡᠢ︔ ᠤᠳᠤᠬᠠᠨ ᠤ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠬᠠᠪᠰᠤᠷᠤᠨ ᠲᠡᠳᠬᠦᠬᠦ ᠡᠯ᠎ᠠ ᠵᠦᠢᠯ ᠤᠨ ᠠᠵᠢᠯ ᠢ ᠬᠢᠨᠠᠮᠠᠭᠠᠢ ᠰᠠᠶᠢᠳᠦᠷ ᠬᠢᠵᠦ᠂ ᠬᠠᠪᠰᠤᠷᠤᠨ ᠲᠡᠳᠬᠦᠬᠦ ᠦᠷ᠎ᠠ ᠪᠦᠳᠦᠮᠵᠢ ᠶᠢ ᠯᠠᠪᠳᠠᠭᠤᠨ ᠢᠶᠠᠷ ᠲᠡᠭᠡᠭᠰᠢᠯᠡᠭᠦᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠᠳᠤ ᠡᠭᠦᠷᠭᠡ  ᠶᠢ ᠴᠢᠨᠠᠷ ᠰᠠᠶᠢᠳᠠᠢ ᠪᠠᠶᠠᠯᠡᠭᠦᠯᠬᠦ ᠶᠢ ᠪᠠᠳᠤᠯᠠᠬᠤ ᠭᠡᠷᠡᠭᠳᠡᠢ᠃     ᠲᠤᠰᠬᠤᠨ ᠳᠤ ᠰᠠᠭᠤᠭ᠎ᠠ ᠠᠵᠢᠯᠯᠠᠬᠤ ᠲᠤᠭᠤᠶᠢᠯᠠᠩ ᠤᠨ ᠠᠵᠢᠯ ᠢ ᠬᠦᠴᠦᠯᠡᠨ ᠲᠠᠮᠵᠢᠵᠦ᠂ ᠦᠢᠳᠭᠡᠨ ᠭᠠᠴᠠᠭ᠎ᠠ ᠳᠤ ᠰᠠᠭᠤᠭ᠎ᠠ ᠠᠵᠢᠯᠯᠠᠬᠤ ᠲᠤᠭᠤᠶᠢᠯᠠᠩ ᠤᠨ ᠠᠵᠢᠯ  ᠠᠮᠢᠳᠤᠷᠠᠯ ᠳᠠᠬᠢ ᠬᠦᠴᠢᠷᠳᠠᠯ ᠪᠠ ᠠᠰᠠᠭᠤᠳᠠᠯ ᠢ ᠦᠨᠡᠨᠬᠦ ᠰᠠᠶᠢᠳᠦᠷ ᠰᠢᠢᠳᠪᠦᠷᠢᠯᠡᠬᠦ ᠭᠡᠷᠡᠭᠳᠡᠢ᠃ ᠬᠦᠸᠧ ᠴᠢᠩ ᠠᠴᠠ ᠪᠠᠰᠠ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠢᠶ᠎ᠠ ᠬᠢᠨᠠᠨ ᠪᠠᠶᠢᠴᠠᠭᠠᠬᠤ ᠵᠦᠪᠯᠡᠯ ᠢᠶᠠᠨ ᠲᠦᠯᠦᠭᠡᠯᠡᠨ ᠲᠤᠰᠬᠤᠨ ᠳᠤ ᠰᠠᠭᠤᠭ᠎ᠠ ᠠᠵᠢᠯᠯᠠᠬᠤ ᠲᠤᠭᠤᠶᠢᠯᠠᠩ ᠳᠤ ᠠᠮᠢᠳᠤᠷᠠᠯ ᠤᠨ ᠭᠡᠷᠡᠭᠰᠡᠯ ᠢ ᠬᠦᠷᠭᠡᠪᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号