ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠠᠯ ᠤᠨ ᠡᠷᠬᠢᠯᠡᠭᠴᠢ ᠬᠦᠸᠧ ᠴᠢᠩ ᠬᠤᠢ ᠭᠤᠤᠯ ᠤᠨ ᠰᠠᠪᠠ ᠭᠠᠵᠠᠷ ᠢᠶᠠᠷ ᠲᠤᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2018/7/2
   ᠭᠤᠤᠯ ᠮᠦᠷᠠᠨ ᠤ ᠰᠠᠪᠠ ᠭᠠᠵᠠᠷ ᠢ ︽ᠬᠠᠮᠢᠶᠠᠷᠬᠤ᠂ ᠬᠠᠮᠠᠭᠠᠯᠠᠬᠤ︾ ᠡᠭᠦᠷᠭᠡ ᠬᠠᠷᠢᠭᠤᠴᠠᠯᠭ᠎ᠠ ᠶᠢ ᠠᠯᠬᠤᠮ ᠴᠢᠨᠠᠭᠰᠢᠳᠠ ᠨᠠᠶᠢᠳᠠᠪᠦᠷᠢᠵᠢᠭᠤᠯᠵᠦ᠂ ︽ᠭᠤᠤᠯ ᠤᠨ ᠲᠠᠷᠤᠭ᠎ᠠ ᠶᠢᠨ ᠲᠦᠷᠢᠮ︾   ᠳᠤ ᠲᠤᠭᠳᠠᠭᠠᠭᠰᠠᠨ ᠡᠯ᠎ᠠ ᠵᠦᠢᠯ  ᠤᠨ ᠠᠵᠢᠯ ᠤᠨ ᠱᠠᠭᠠᠷᠳᠠᠯᠭ᠎ᠠ ᠶᠢ ᠪᠤᠳᠠᠳᠠᠢ ᠳᠤ ᠨᠠᠶᠢᠳᠠᠪᠦᠷᠢᠵᠢᠭᠤᠯᠬᠤ ᠶᠢᠨ ᠲᠦᠯᠦᠭᠡ᠂ 6 ᠰᠠᠷ᠎ᠠ ᠶᠢᠨ 21   ᠤ ᠦᠳᠡ ᠶᠢᠨ ᠡᠮᠦᠨ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠠᠯ ᠤᠨ ᠡᠷᠬᠢᠯᠡᠭᠴᠢ᠂  ᠬᠤᠰᠢᠭᠤᠨ ᠤ ᠱᠠᠳᠤᠨ ᠤ ᠬᠤᠢ ᠭᠤᠤᠯ ᠤᠨ ᠠᠵᠢᠯ ᠢ ᠬᠠᠷᠢᠭᠤᠴᠠᠵᠦ ᠪᠠᠶᠢᠬᠤ ᠬᠦᠸᠧ ᠴᠢᠩ ᠪᠠᠷ᠎ᠠ ᠪᠤᠯᠤᠭᠴᠢ ᠲᠠᠢ ᠪᠠᠨ ᠬᠤᠢ ᠭᠤᠤᠯ ᠤᠨ ᠰᠠᠪᠠ ᠭᠠᠵᠠᠷ ᠤᠨ ᠡᠯ᠎ᠠ ᠭᠤᠤᠯ ᠤᠨ ᠭᠡᠰᠡᠭ   ᠢᠶᠠᠷ ᠲᠤᠭᠤᠷᠢᠨ ᠪᠠᠶᠢᠴᠠᠭᠠᠬᠤ ᠠᠵᠢᠯ ᠦᠷᠨᠢᠭᠦᠯᠪᠡ᠃
   ᠬᠦᠸᠧ ᠴᠢᠩ ᠨᠠᠷ ᠬᠤᠢ ᠭᠤᠤᠯ ᠤᠨ ᠪᠠᠶᠠᠨᠳᠠᠯ᠎ᠠ ᠤᠨ ᠭᠡᠰᠡᠭ᠂ ᠰᠢᠨᠡᠭᠡᠨ ᠪᠠᠷᠠᠭᠤᠨ ᠰᠤᠮᠤ ᠶᠢᠨ ᠭᠡᠰᠡᠭ ᠵᠢᠴᠢ ᠬᠤᠢ ᠰᠤᠮᠤ ᠶᠢᠨ ᠭᠡᠰᠡᠭ ᠤᠳ ᠢᠶᠠᠷ ᠲᠤᠭᠤᠷᠢᠨ ᠪᠠᠶᠢᠴᠠᠭᠠᠵᠦ  ᠂ ᠭᠤᠤᠯ ᠤᠨ ᠭᠡᠰᠡᠭ ᠭᠤᠤᠯ ᠤᠨ ᠵᠠᠮ ᠤᠨ ᠤᠷᠴᠢᠨ ᠠᠬᠤᠢ᠂ ᠭᠤᠤᠯ ᠤᠨ ᠵᠠᠮ ᠤᠨ ᠤᠰᠤᠨ ᠤ ᠴᠢᠨᠠᠷ᠂ ᠤᠰᠤᠨ ᠤ ᠴᠠᠷᠠᠭ᠎ᠠ ᠶᠢ ᠬᠠᠮᠢᠶᠠᠷᠤᠨ ᠬᠠᠮᠠᠭᠠᠯᠠᠵᠦ ᠪᠠᠶᠢᠬᠤ ᠵᠢᠴᠢ ᠭᠤᠤᠯ ᠤᠨ ᠡᠷᠬᠢ ᠲᠠᠭᠠᠤ ᠬᠢ ᠬᠤᠭ ᠨᠤᠪᠰᠢ ᠶᠢ ᠰᠢᠢᠳᠪᠦᠷᠢᠯᠡᠭᠰᠡᠨ ᠵᠠᠷᠭᠡ ᠪᠠᠶᠢᠳᠠᠯ ᠢ ᠨᠠᠷᠢᠯᠢᠭ ᠤᠶᠢᠯᠠᠭᠠᠬᠤ ᠶᠢᠨ ᠬᠠᠮᠳᠤ ᠬᠤᠢ ᠰᠤᠮᠤ ᠶᠢᠨ ᠭᠤᠤᠯ ᠤᠨ ᠭᠡᠰᠡᠭ ᠲᠠᠭᠠᠤ ᠬᠢ ᠭᠠᠵᠠᠷ ᠲᠤ ᠲᠤᠷ᠎ᠠ ᠪᠠᠷ ᠪᠠᠨ ᠤᠰᠤ ᠵᠠᠯᠠᠬᠤ ᠰᠤᠪᠠᠭ ᠲᠠᠳᠠᠭᠰᠠᠨ ᠠᠬᠤᠢ ᠲᠠᠯᠠᠪᠠᠢ ᠶᠢᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠦ᠂ ᠬᠠᠮᠢᠶ᠎ᠠ ᠪᠦᠬᠦᠢ ᠴᠡᠭᠴᠡᠯᠡᠨ ᠦᠭᠡᠷᠡᠴᠢᠯᠡᠬᠦ ᠠᠵᠢᠯ ᠳᠤ ᠪᠤᠳᠠᠳᠠᠢ ᠱᠠᠭᠠᠷᠳᠠᠯᠭ᠎ᠠ ᠲᠤᠷᠠᠳᠪᠠ᠃   ᠬᠦᠸᠧ ᠴᠢᠩ ᠠᠴᠠ ᠵᠢᠭᠠᠵᠦ ᠭᠠᠷᠭᠠᠭᠰᠠᠨ ᠨᠢ᠂ ᠠᠮᠢ ᠠᠬᠤᠢ ᠶᠢᠨ ᠬᠠᠮᠠᠭᠠᠯᠠᠯᠳᠠ ᠶᠢ ᠲᠡᠷᠢᠭᠦᠨ ᠪᠠᠶᠢᠷᠢ ᠳᠤ ᠲᠠᠯᠪᠢᠬᠤ ᠪᠤᠬᠢᠷᠳᠤᠯ ᠦᠭᠡᠢ ᠬᠦᠭᠵᠢᠭᠦᠯᠬᠦ ᠤᠶᠢᠯᠠᠭᠠᠭᠳᠠᠬᠤᠨ ᠢ ᠲᠣᠣᠱᠯᠠᠭᠤᠯᠬᠤ ᠶᠢ ᠪᠠᠷᠢᠮᠳᠠᠯᠠᠵᠦ᠂ ︽ᠤᠰᠤ ᠶᠢ ᠴᠡᠩᠭᠡᠭ ᠪᠠᠶᠢᠯᠭᠠᠬᠤ︾ ᠠᠵᠢᠯᠯᠠᠭ᠎ᠠ ᠶᠢ ᠭᠦᠴᠦᠳᠠᠢ ᠠᠬᠢᠭᠤᠯᠵᠦ᠂ ᠬᠤᠢ ᠭᠤᠤᠯ ᠤᠨ ᠰᠠᠪᠠ ᠭᠠᠵᠠᠷ ᠤᠨ ᠤᠰᠤᠨ ᠴᠠᠷᠠᠭ᠎ᠠ ᠶᠢᠨ ᠤᠷᠴᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠭᠡᠷᠡᠭᠳᠡᠢ᠃ ᠨᠢᠭᠡ ᠳᠤ ᠡᠳᠦᠷ ᠲᠤᠳᠤᠮ  ᠤᠨ ᠬᠠᠮᠢᠶᠠᠷᠤᠨ ᠬᠠᠮᠭᠠᠯᠠᠬᠤ ᠪᠠᠨ ᠤᠯᠠᠮ ᠢᠶᠠᠷ ᠴᠢᠩᠭᠠᠳᠬᠠᠵᠦ᠂ ᠭᠤᠤᠯ ᠲᠠᠭᠠᠤ ᠬᠢ ᠭᠠᠵᠠᠷ ᠢᠶᠠᠷ ᠡᠳᠦᠷ ᠲᠤᠳᠤᠮ ᠲᠤᠭᠤᠷᠢᠨ ᠪᠠᠶᠢᠴᠠᠭᠠᠬᠤ᠂ ᠬᠠᠮᠢᠶᠠᠷᠤᠨ ᠬᠠᠮᠭᠠᠯᠠᠬᠤ ᠶᠢ ᠴᠢᠩᠭᠠᠳᠬᠠᠵᠦ᠂ ᠭᠤᠤᠯ ᠤᠨ ᠲᠠᠷᠤᠭ᠎ᠠ ᠶᠢᠨ ᠲᠦᠷᠢᠮ ᠤᠨ ᠱᠠᠠᠭᠠᠷᠳᠠᠯᠭ᠎ᠠ ᠪᠠᠷ ᠬᠠᠮᠢᠶ᠎ᠠ ᠪᠦᠬᠦᠢ ᠠᠷᠭ᠎ᠠ ᠭᠡᠮᠵᠢᠶ᠎ᠠ ᠶᠢ ᠰᠠᠶᠢᠳᠦᠷ ᠨᠠᠶᠢᠳᠠᠪᠦᠷᠢᠵᠢᠭᠤᠯᠬᠤ ᠭᠡᠷᠡᠭᠳᠡᠢ︔ ᠬᠤᠶᠠᠷ ᠲᠤ ᠲᠡᠭᠡᠳᠦ ᠲᠤᠤᠷᠠᠳᠤ ᠤᠷᠤᠰᠬᠠᠯ  ᠲᠠᠭᠠᠤ ᠬᠢ ᠰᠤᠮᠤ ᠰᠢᠶᠠᠩ ᠪᠠᠯᠭᠠᠰᠤ᠂ ᠭᠠᠴᠠᠭ᠎ᠠ ᠯᠤᠭ᠎ᠠ ᠶᠢᠨ ᠨᠠᠪᠳᠠᠷᠠᠯᠴᠠᠯ ᠬᠠᠮᠳᠤᠷᠠᠯᠴᠠᠭ᠎ᠠ ᠪᠠᠨ ᠴᠢᠩᠭᠠᠳᠬᠠᠬᠤ ᠶᠢᠨ ᠬᠠᠮᠳᠤ ᠤᠬᠠᠭᠤᠯᠬᠤ ᠬᠦᠴᠦᠯᠠᠴᠠ ᠪᠠᠨ ᠨᠡᠮᠡᠭᠳᠡᠭᠦᠯᠵᠦ᠂ ᠭᠤᠤᠯ ᠲᠠᠭᠠᠤ ᠰᠠᠭᠤᠷᠢᠰᠢᠵᠦ ᠪᠠᠶᠢᠭ᠎ᠠ ᠮᠠᠯᠴᠢᠨ ᠲᠦᠮᠨᠨ ᠤ ᠠᠮᠢ ᠠᠬᠤᠢ ᠶᠢ ᠬᠠᠮᠠᠭᠠᠯᠠᠬᠤ ᠦᠵᠡᠯ ᠤᠬᠠᠮᠰᠠᠷ ᠢ ᠨᠢ ᠲᠡᠭᠡᠭᠰᠢᠯᠡᠭᠦᠯᠵᠦ᠂ ᠬᠠᠮᠠᠭᠠᠯᠠᠬᠤ ᠬᠢᠬᠡᠳ ᠵᠠᠰᠠᠬᠤ ᠠᠵᠢᠯ ᠤᠨ ᠬᠠᠮᠳᠤᠷᠠᠯ ᠤᠨ ᠬᠦᠴᠦᠨ ᠢ ᠪᠦᠷᠢᠯᠳᠦᠭᠦᠯᠬᠦ ᠭᠡᠷᠡᠭᠳᠡᠢ︔ ᠭᠤᠷᠪᠠ ᠳᠤ ᠭᠤᠤᠯ ᠮᠦᠷᠠᠨ ᠨᠠᠭᠤᠷ ᠴᠦᠬᠦᠷᠤᠮ ᠤᠨ ᠤᠷᠴᠢᠨ  ᠲᠤᠭᠤᠷᠢᠨ ᠢ ᠵᠠᠰᠠᠨ ᠴᠡᠭᠴᠡᠯᠡᠬᠦ ᠲᠤᠰᠬᠠᠢ ᠵᠦᠢᠯ  ᠤᠨ ᠠᠵᠢᠯᠯᠠᠭ᠎ᠠ ᠶᠢ ᠶᠠᠭᠡᠪᠠᠷ ᠦᠷᠨᠢᠭᠦᠯᠵᠦ᠂ ᠭᠤᠤᠯ ᠤᠨ ᠵᠠᠮ ᠳᠠᠬᠢ ᠠᠮᠢᠳᠤᠷᠠᠯ ᠤᠨ ᠬᠤᠭ ᠨᠤᠪᠰᠢ ᠢ ᠴᠡᠪᠡᠷᠯᠡᠨ ᠠᠷᠢᠯᠭᠠᠬᠤ ᠶᠢ ᠪᠠᠶᠢᠩᠭᠤ ᠶᠢᠨ ᠴᠢᠨᠠᠷᠲᠠᠢ ᠠᠵᠢᠯ ᠪᠤᠯᠭᠠᠵᠦ᠂ ᠭᠤᠤᠯ ᠤᠨ ᠵᠠᠮ ᠤᠨ ᠡᠷᠬᠢᠨ ᠲᠤᠭᠤᠷᠢᠨ ᠤ ᠠᠮᠢ ᠠᠬᠤᠢ ᠶᠢ ᠰᠠᠶᠢᠳᠦᠷ ᠬᠠᠮᠠᠭᠠᠯᠠᠬᠤ ᠭᠡᠷᠡᠭᠳᠡᠢ︔ ᠲᠦᠷᠪᠡ ᠳᠤ ᠭᠤᠤᠯ ᠤᠨ ᠵᠠᠮ ᠤᠨ ᠡᠷᠬᠢᠨ ᠲᠤᠭᠤᠷᠢᠨ ᠳᠤ ᠲᠤᠷ᠎ᠠ  ᠪᠠᠷ ᠪᠠᠷᠢᠵᠣ ᠪᠣᠰᠬᠠᠬᠤ᠂ ᠲᠤᠷ᠎ᠠ ᠪᠠᠷ ᠡᠯᠡᠰᠤ ᠰᠢᠷᠤᠢ ᠭᠠᠷᠭᠠᠬᠤ᠂ ᠬᠠᠤᠯᠢ ᠪᠤᠰᠤ ᠪᠠᠷ ᠪᠤᠬᠢᠷᠳᠤᠯ ᠭᠠᠳᠠᠭᠰᠢᠯᠠᠭᠤᠯᠬᠤ᠂ ᠲᠤᠭᠳᠠᠭᠠᠯ ᠢ ᠵᠦᠷᠢᠴᠠᠨ ᠤᠰᠤ ᠵᠠᠯᠠᠬᠤ ᠵᠠᠷᠭᠡ ᠠᠵᠢᠯᠯᠠᠭ᠎ᠠ ᠳᠤ ᠴᠤᠬᠢᠯᠳᠠ ᠦᠭᠬᠦ ᠬᠦᠴᠦᠯᠡᠴᠨ ᠪᠠᠨ ᠴᠢᠩᠭᠠᠷᠠᠭᠤᠯᠵᠦ᠂ ᠭᠤᠤᠯ ᠤᠨ ᠵᠠᠮ᠂ ᠨᠠᠭᠤᠷ ᠴᠦᠬᠦᠷᠤᠮ ᠢ ᠡᠪᠳᠡᠨ ᠬᠤᠬᠢᠷᠠᠭᠤᠯᠬᠤ ᠦᠢᠯᠨ ᠠᠵᠢᠯᠯᠠᠭ᠎ᠠ ᠶᠢ ᠴᠢᠩᠭ᠎ᠠ ᠬᠢᠨᠠᠨ ᠬᠠᠮᠢᠶᠠᠷᠴᠣ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠦ ᠪᠠᠶᠢᠭᠠᠳ ᠨᠢᠭᠡ ᠭᠡᠷᠡᠭ ᠢ ᠤᠯᠵᠦ ᠮᠡᠳᠡᠪᠡᠯ ᠨᠢᠭᠡ ᠶᠢ ᠪᠠᠶᠢᠴᠠᠭᠠᠨ ᠰᠢᠢᠳᠭᠡᠵᠦ᠂ ᠬᠤᠢ ᠭᠤᠤᠯ ᠤᠨ ᠰᠠᠪᠠ ᠭᠠᠵᠠᠷ ᠤᠨ ᠠᠮᠢ ᠠᠬᠤᠢ ᠤᠷᠴᠢᠨ ᠢ ᠦᠨᠡᠨᠬᠦ ᠰᠠᠶᠢᠳᠦᠷ ᠬᠠᠮᠭᠠᠯᠠᠬᠤ ᠭᠡᠷᠡᠭᠳᠡᠢ᠃    
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号