ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠢᠨ ᠵᠢᠶᠧ ᠦᠪᠠᠷᠳᠡᠭᠡᠨ ᠵᠠᠰᠠᠬᠤ ᠬᠤᠰᠢᠭᠤᠨ ᠤ ᠠᠷᠪᠡᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠯᠤᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/7/2
  6 ᠰᠠᠷ᠎ᠠ ᠶᠢᠨ 21   ᠤ ᠡᠳᠦᠷ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠮᠢᠨ ᠵᠢᠶᠧ ᠦᠪᠠᠷᠳᠡᠭᠡᠨ ᠵᠠᠰᠠᠬᠤ ᠬᠤᠰᠢᠭᠤᠨ ᠤ ᠠᠷᠪᠡᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠯᠤᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃   ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠲᠡᠳ᠋ ᠡᠷᠬᠢᠯᠡᠭᠴᠢ ᠲᠢᠶᠠᠨ ᠬᠤᠸ᠋ᠨ᠂ ᠸᠠᠩ ᠭᠤᠸᠠᠩ ᠫᠢᠩ᠂ ᠵᠢᠷᠭᠠᠯ ᠬᠤᠷᠠᠯ ᠳᠤ ᠤᠷᠤᠯᠴᠠᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ   ᠶᠢᠨ ᠭᠡᠰᠢᠭᠦᠨ᠂ ᠬᠤᠰᠢᠭᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠲᠠᠳ᠋ ᠲᠠᠷᠤᠭ᠎ᠠ ᠯᠢᠶᠠᠩ ᠶᠦᠩ ᠰᠠᠨ ᠵᠢᠴᠢ ᠬᠤᠰᠢᠭᠤᠨ ᠤ ᠬᠢᠨᠠᠨ ᠪᠠᠶᠢᠴᠠᠭᠠᠬᠤ ᠵᠦᠪᠯᠡᠯ᠂ ᠠᠷᠠᠳ ᠤᠨ ᠰᠢᠬᠦᠬᠦ ᠬᠤᠷᠢᠶ᠎ᠠ᠂ ᠠᠷᠠᠳ  ᠤᠨ ᠪᠠᠶᠢᠴᠠᠭᠠᠬᠤ ᠬᠤᠷᠢᠶ᠎ᠠ ᠪᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠬᠠᠮᠢᠶ᠎ᠠ ᠪᠦᠬᠦᠢ ᠵᠦᠪᠯᠡᠯ ᠤᠨ ᠭᠡᠰᠢᠬᠦᠤᠨ ᠬᠤᠷᠠᠯ ᠳᠤ ᠰᠤᠯᠨ ᠤᠷᠤᠯᠴᠠᠪᠠ᠃   ᠬᠤᠷᠠᠯ ᠳᠤ ᠤᠷᠤᠯᠴᠠᠬᠤ ᠶᠤᠰᠤᠳᠠᠢ ᠨᠢ 28 ᠬᠦᠮᠦᠨ᠂ ᠪᠤᠳᠠᠳᠠᠢ ᠤᠷᠤᠯᠴᠠᠭᠰᠠᠨ ᠨᠢ 23 ᠬᠦᠮᠦᠨ᠂ ᠬᠠᠤᠯᠢ  ᠪᠠᠷ ᠲᠤᠭᠳᠠᠭᠠᠭᠰᠠᠨ ᠬᠦᠮᠦᠨ ᠤ ᠲᠤᠭ᠎ᠠ ᠳᠤ ᠨᠠᠶᠢᠴᠠᠪᠠ᠃ ᠬᠤᠷᠠᠯ ᠲᠡᠭᠡᠷ᠎ᠠ ︽ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ  ᠶᠢᠨ ᠪᠠᠶᠢᠴᠠᠭᠠᠨ ᠰᠤᠳᠤᠯᠬᠤ ᠲᠤᠭᠤᠶᠢᠯᠠᠩ ᠤᠨ ᠬᠤᠰᠢᠭᠤᠨ ᠤ ᠲᠤᠰ ᠱᠠᠳᠤᠨ ᠤ ᠬᠤᠳᠠ ᠶᠢᠨ ᠬᠠᠮᠠᠭᠠᠯᠠᠯᠳᠠ ᠶᠢᠨ ᠵᠠᠷᠤᠳᠠᠯ ᠤᠨ ᠲᠤᠬᠠᠢ  ᠪᠠᠶᠢᠴᠠᠭᠠᠨ ᠰᠤᠳᠤᠯᠤᠯᠳᠠ ᠶᠢᠨ ᠮᠡᠳᠡᠭᠦᠯᠦᠯᠳᠠ︾ ᠪᠠ ︽ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠲᠤᠭᠤᠶᠢᠯᠠᠩ ᠤᠨ ᠪᠦᠬᠦ ᠬᠤᠰᠢᠭᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠳᠠ ᠶᠢᠨ ᠤᠳᠤᠬᠢ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠳᠠ ᠶᠢᠨ ᠮᠡᠳᠡᠭᠦᠯᠦᠯᠳᠠ︾ ᠶᠢ ᠰᠤᠨᠤᠰᠬᠤ ᠶᠢᠨ ᠬᠠᠮᠳᠤ ᠬᠢᠨᠠᠨ ᠵᠦᠪᠯᠡᠵᠦ ᠪᠠᠳᠤᠯᠠᠪᠠ᠃ ᠬᠤᠷᠠᠯ ᠠᠴᠠ ᠪᠠᠰᠠ ᠹᠦ᠋ ᠰᠢᠶᠤᠤ ᠹᠧᠩ ᠨᠦᠬᠦᠷ ᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠲᠠᠳ᠋ ᠲᠠᠷᠤᠭ᠎ᠠ ᠶᠢᠨ ᠲᠤᠰᠢᠶᠠᠯ ᠢ ᠲᠦᠷ ᠡᠭᠦᠷᠭᠡᠯᠡᠬᠦ ᠶᠢ ᠪᠠᠳᠤᠯᠠᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号