ᠮᠠᠨ ᠤ ᠬᠤᠰᠢᠭᠤ 2018 ᠤᠨ ᠤ ᠬᠤᠰᠢᠭᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠲᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/7/2
   6 ᠰᠠᠷ᠎ᠠ ᠶᠢᠨ 20   ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠲᠠᠳ᠋ ᠱᠦᠵᠢ᠂ ᠬᠤᠰᠢᠭᠤᠨ ᠲᠠᠷᠤᠭ᠎ᠠ ᠨᠠ ᠰᠢᠶᠤᠤ ᠭᠤᠸᠠᠩ 2018 ᠤᠨ ᠤ ᠬᠤᠰᠢᠭᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ  ᠠᠵᠢᠯ ᠤᠨ ᠤᠳᠤᠷᠢᠳᠬᠤ ᠲᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃    ᠮᠢᠨ ᠵᠢᠶᠧ᠂ ᠬᠤᠳᠠᠯᠨ᠂ ᠭᠦᠸᠧ ᠴᠢᠩ ᠵᠠᠷᠭᠡ ᠬᠤᠰᠢᠭᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠲᠤᠭᠤᠶᠢᠯᠠᠩ ᠤᠨ ᠭᠡᠰᠢᠭᠦᠨ᠂ ᠡᠯ᠎ᠠ ᠲᠤᠰᠬᠠᠢ ᠪᠠᠭ᠎ᠠ ᠲᠤᠭᠤᠶᠢᠯᠠᠩ ᠤᠨ ᠬᠠᠷᠢᠯᠴᠠᠭᠴᠢ᠂ ᠬᠤᠰᠢᠭᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠠ ᠶᠢ  ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠠᠵᠢᠯᠳᠠᠳ ᠵᠢᠴᠢ ᠬᠠᠮᠢᠶ᠎ᠠ ᠪᠦᠬᠦᠢ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠤᠨ ᠬᠠᠷᠢᠶ᠎ᠠ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃
   ᠬᠤᠷᠠᠯ ᠲᠡᠭᠡᠷ᠎ᠠ ᠮᠠᠨ ᠤᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠢ ᠰᠢᠷᠢ  ᠶᠢᠨ ᠬᠦᠰᠦᠨᠦᠭᠳᠤ ᠶᠢᠨ ᠤᠯᠤᠰ ᠤᠨ ᠲᠠᠰ ᠤᠨ ᠲᠤᠷᠰᠢᠯᠳᠠ ᠶᠢᠨ ᠴᠢᠭ᠋ ᠤᠨ ᠦᠭᠡᠷᠡᠴᠢᠯᠡᠯᠳᠠ ᠶᠢᠨ ᠠᠵᠢᠯ ᠢ ᠠᠬᠢᠭᠤᠯᠤᠭᠰᠠᠨ ᠪᠠᠶᠢᠳᠠᠯ ᠤᠨ ᠮᠡᠳᠡᠭᠦᠯᠦᠯᠳᠠ᠂ ᠪᠦᠬᠦ ᠬᠤᠰᠢᠭᠤᠨ ᠤ ᠰᠤᠮᠤ ᠰᠢᠶᠠᠩ ᠪᠠᠯᠭᠠᠰᠤ ᠶᠢᠨ ᠶᠠᠷᠦᠩᠭᠡᠢ ᠬᠠᠤᠯᠢ ᠭᠡᠷᠡᠭᠵᠢᠭᠦᠯᠦᠯᠳᠠ ᠶᠢᠨ ᠦᠭᠡᠷᠡᠴᠢᠯᠠᠯᠳᠠ ᠶᠢᠨ ᠠᠵᠢᠯ ᠢ ᠠᠬᠢᠭᠤᠯᠤᠭᠰᠠᠨ ᠪᠠᠶᠢᠳᠠᠯ ᠤᠨ ᠮᠡᠳᠡᠭᠦᠯᠦᠯᠳᠠ ᠶᠢ ᠰᠤᠨᠤᠰᠪᠠ︔ ᠬᠤᠷᠠᠯ ᠠᠴᠠ ᠪᠠᠰᠠ ︽ᠡᠸ᠋ᠨᠩᠬᠢ ᠬᠤᠰᠢᠭᠤᠨ ᠤ ᠬᠠᠩᠭᠠᠨ  ᠪᠤᠷᠤᠯᠠᠭᠤᠯᠬᠤ ᠬᠤᠷᠰᠢᠶ᠎ᠠ ᠶᠢᠨ ᠶᠠᠷᠦᠩᠭᠡᠶᠢᠯᠡᠭᠰᠡᠨ ᠦᠭᠡᠷᠡᠴᠢᠯᠠᠯᠳᠠ ᠶᠢ ᠬᠦᠨᠵᠡᠭᠡᠶᠢᠷᠡᠭᠦᠯᠬᠦ ᠲᠤᠬᠠᠢ ᠭᠡᠷᠡᠭᠵᠢᠭᠦᠯᠦᠯᠳᠠ ᠶᠢᠨ ᠰᠠᠨᠠᠯ︾ ᠪᠠ ︽2018 ᠤᠨ ᠤ ᠡᠸ᠋ᠨᠩᠬᠢ ᠬᠤᠰᠢᠭᠤᠨ ᠤ ᠦᠭᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠭᠤᠤᠯᠳᠠᠯᠭ᠎ᠠ  ᠲᠠᠢ ᠡᠭᠦᠷᠭᠡ ᠶᠢᠨ ᠨᠠᠷᠢᠨ ᠲᠠᠩᠰᠠ︾ ᠶᠢ ᠬᠢᠨᠠᠨ ᠪᠠᠳᠤᠯᠠᠪᠠ᠃    ᠬᠤᠷᠠᠯ ᠠᠴᠠ ᠱᠠᠭᠠᠷᠳᠠᠭᠰᠠᠨ ᠨᠢ᠂ ᠵᠦᠪ ᠴᠢᠭᠯᠡᠯ ᠢ ᠪᠠᠷᠢᠮᠳᠠᠯᠠᠵᠦ᠂ ᠦᠭᠡᠷᠡᠴᠢᠯᠠᠯᠳᠠ ᠶᠢ ᠬᠦᠨ ᠲᠠᠰ ᠲᠠᠪᠬᠤᠷᠭ᠎ᠠ ᠲᠠᠰᠢ ᠲᠠᠰᠤᠷᠠᠯᠳᠠ ᠦᠭᠡᠢ ᠬᠦᠨᠵᠡᠭᠡᠶᠢᠷᠡᠭᠦᠯᠬᠦ ᠶᠢ ᠠᠬᠢᠭᠤᠯᠬᠤ ᠭᠡᠷᠡᠭᠳᠡᠢ︔ ᠡᠸ᠋ᠨᠩᠬᠢ ᠶᠢᠨ ᠬᠦᠭᠵᠢᠯᠳᠠ  ᠶᠢᠨ ᠰᠢᠨ᠎ᠠ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠬᠦᠭᠵᠢᠭᠡᠵᠦ᠂ ᠬᠦᠭᠵᠢᠯᠳᠠ ᠶᠢᠨ ᠰᠢᠨ᠎ᠠ ᠬᠦᠳᠡᠯᠭᠡᠭᠡᠨ  ᠤ ᠡᠨᠧᠷᠬᠢ ᠶᠢ ᠨᠡᠮᠡᠭᠳᠡᠭᠦᠯᠵᠦ᠂ ᠪᠤᠳᠠᠳᠤ ᠶᠠᠪᠤᠳᠠᠯ ᠬᠢᠵᠦ᠂ ᠪᠤᠳᠠᠳᠠᠢ ᠠᠷᠭ᠎ᠠ ᠭᠠᠷᠭᠠᠵᠦ᠂ ᠰᠠᠶᠢᠨ ᠠᠷᠭ᠎ᠠ ᠲᠤᠷᠠᠳᠴᠤ᠂ ᠮᠠᠨ ᠤ ᠬᠤᠰᠢᠭᠤᠨ ᠤ ᠠᠵᠦ ᠠᠬᠤᠢ ᠨᠠᠶᠢᠭᠡᠮ ᠤᠨ ᠬᠦᠭᠵᠢᠯᠳᠠ ᠶᠢ ᠬᠢᠵᠠᠭᠠᠷᠯᠠᠵᠦ ᠪᠠᠶᠢᠬᠤ ᠬᠦᠨ ᠲᠠᠰ ᠲᠠᠪᠬᠤᠷᠭ᠎ᠠ ᠶᠢᠨ ᠪᠠᠶᠢᠭᠤᠯᠤᠯ ᠲᠤᠭᠳᠠᠴᠠ ᠶᠢᠨ ᠬᠠᠷᠰᠢ ᠰᠠᠭᠠᠳ ᠪᠠ ᠪᠦᠳᠦᠴᠠ ᠶᠢᠨ ᠴᠢᠨᠠᠷᠳᠠᠢ ᠵᠦᠷᠢᠴᠠᠯ ᠢ ᠬᠦᠴᠦᠯᠡᠨ ᠨᠠᠮᠳᠠᠭᠤᠯᠵᠦ᠂ ᠦᠭᠡᠷᠡᠴᠢᠯᠠᠯᠳᠠ ᠶᠢᠨ ᠰᠢᠨ᠎ᠠ ᠠᠮᠵᠢᠯᠳᠠ ᠪᠦᠳᠦᠮᠵᠢ ᠤᠯᠬᠤ ᠶᠢ ᠲᠦᠷᠭᠡᠳᠭᠡᠨ ᠠᠬᠢᠭᠤᠯᠬᠤ ᠭᠡᠷᠡᠭᠳᠡᠢ︔ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠦᠭᠡᠷᠡᠴᠢᠯᠠᠯᠳᠠ ᠶᠢᠨ ᠠᠵᠢᠯ ᠤᠨ ᠠᠰᠢᠭ ᠦᠭᠡᠢ ᠲᠠᠯ᠎ᠠ ᠶᠢ ᠲᠤᠭᠤᠯᠤᠨ ᠭᠠᠷᠴᠤ᠂ ᠭᠤᠤᠯᠳᠠᠯᠭ᠎ᠠ ᠲᠠᠢ ᠬᠦᠷᠢᠶ᠎ᠠ ᠶᠢ ᠠᠳᠬᠤᠵᠦ᠂ ᠭᠤᠤᠯᠳᠠᠯᠭ᠎ᠠ ᠲᠠᠢ ᠬᠦᠷᠢᠶ᠎ᠠ ᠴᠠᠭ᠎ᠠ᠂ ᠵᠠᠩᠬᠢᠯᠠᠭ᠎ᠠ ᠶᠢᠨ ᠭᠤᠭᠴᠤᠭ᠎ᠠ ᠶᠢ ᠰᠠᠶᠢᠳᠦᠷ ᠠᠳᠬᠤᠵᠦ᠂ ᠦᠭᠡᠷᠡᠴᠢᠯᠠᠯᠳᠠ ᠬᠢᠬᠦ ᠠᠷᠭ᠎ᠠ ᠪᠠᠷᠢᠯ ᠢ ᠪᠤᠳᠠᠳᠠᠢ ᠠᠳᠬᠤᠵᠦ᠂ ᠦᠭᠡᠷᠡᠴᠢᠯᠠᠯᠳᠠ ᠶᠢᠨ ᠦᠷ᠎ᠠ ᠪᠦᠳᠦᠭᠡᠯ ᠢ ᠨᠠᠩ ᠤᠯᠠᠨ ᠮᠠᠯᠴᠢᠳ  ᠲᠤ ᠡᠳ᠋ᠯᠡᠭᠦᠯᠬᠦ ᠶᠢ ᠠᠬᠢᠭᠤᠯᠬᠤ ᠭᠡᠷᠡᠭᠳᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠬᠤ ᠶᠢ ᠴᠢᠩᠭᠠᠳᠬᠠᠵᠦ᠂ ᠦᠭᠡᠷᠡᠴᠢᠯᠠᠯᠳᠠ ᠶᠢᠨ ᠪᠤᠳᠠᠳᠠᠢ ᠳᠤ ᠨᠠᠶᠢᠳᠠᠪᠦᠷᠢᠵᠢᠬᠳᠠᠨ ᠦᠷ᠎ᠠ ᠠᠰᠢᠭ ᠤᠯᠬᠤ ᠶᠢ ᠲᠦᠷᠭᠡᠳᠭᠡᠵᠦ᠂ ᠠᠵᠢᠯ ᠤᠨ ᠰᠠᠳᠬᠢᠴᠠ ᠪᠠᠨ ᠰᠢᠯᠤᠭᠤᠳᠬᠠᠵᠦ᠂ ᠦᠭᠡᠷᠡᠴᠢᠯᠠᠯᠳᠠ ᠶᠢ ᠠᠬᠢᠭᠤᠯᠬᠤ ᠴᠢᠳᠠᠪᠦᠷᠢ ᠪᠠ  ᠬᠢᠷᠢ ᠲᠦᠪᠰᠢᠨ ᠢ ᠲᠡᠭᠡᠭᠰᠢᠯᠡᠭᠦᠯᠵᠦ᠂ ᠨᠠᠪᠳᠠᠷᠠᠯᠴᠠᠨ ᠬᠠᠷᠢᠯᠴᠠᠬᠤ ᠪᠠᠨ ᠴᠢᠩᠭᠠᠳᠬᠠᠵᠦ᠂ ᠮᠠᠯᠵᠢᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠪᠤᠳᠠᠳᠠᠢ ᠠᠷᠭ᠎ᠠ ᠭᠠᠷᠭᠠᠵᠦ᠂ ᠪᠤᠳᠠᠳᠤ ᠦᠷ᠎ᠠ ᠠᠰᠢᠭ ᠤᠯᠬᠤ ᠭᠡᠷᠡᠭᠳᠡᠢ︔ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠤ ᠠᠯᠪᠠᠨ ᠭᠡᠷ ᠤᠨ ᠱᠠᠭᠠᠷᠳᠠᠨ ᠪᠠᠶᠢᠴᠠᠭᠠᠬᠤ ᠭᠡᠷ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠦᠭᠡᠷᠡᠴᠢᠯᠠᠯᠳᠠ ᠶᠢ ᠬᠦᠨᠵᠡᠭᠡᠶᠢᠷᠡᠭᠦᠯᠬᠦ ᠠᠯᠪᠠᠨ ᠭᠡᠷ ᠯᠦᠭᠡ ᠵᠤᠬᠢᠴᠠᠯᠳᠤᠨ ᠬᠠᠮᠳᠤᠪᠠᠷ ᠬᠦᠳᠡᠯᠦᠯᠴᠠᠵᠦ᠂ ᠭᠤᠤᠯᠳᠠᠯᠭ᠎ᠠ ᠲᠠᠢ ᠡᠭᠦᠷᠭᠡ ᠳᠤ ᠵᠦᠢᠯ ᠵᠤᠷᠪᠤᠰ ᠲᠠᠷᠠᠭᠠᠯᠠᠨ ᠱᠠᠭᠠᠷᠳᠠᠨ ᠪᠠᠶᠢᠴᠠᠭᠠᠯᠳᠠ ᠬᠢᠵᠦ᠂ ᠦᠭᠡᠷᠡᠴᠢᠯᠠᠯᠳᠠ ᠶᠢᠨ ᠲᠤᠷᠰᠢᠯᠳᠠ ᠶᠢᠨ ᠴᠢᠭ᠋ ᠤᠨ ᠠᠵᠢᠯ ᠢ ᠪᠤᠳᠠᠳᠠᠢ ᠠᠬᠢᠭᠤᠯᠬᠤ᠂ ᠲᠠᠭᠠᠭᠠᠴᠢᠯᠠᠭᠰᠠᠨ ᠡᠭᠦᠷᠭᠡ  ᠪᠠᠨ ᠪᠤᠳᠠᠳᠠᠢ ᠳᠤ ᠨᠠᠶᠢᠳᠠᠪᠦᠷᠢᠵᠢᠭᠤᠯᠬᠤ ᠶᠢ ᠪᠠᠳᠤᠯᠠᠬᠤ ᠭᠡᠷᠡᠭᠳᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号