ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠳᠡᠰ  ᠤᠨ ᠶᠡᠷᠥᠩᠬᠡᠢ ᠳᠡᠳ᠋ ᠭᠤᠣᠯ ᠤᠨ ᠳᠠᠷᠤᠭ᠎ᠠ ᠨᠠ ᠰᠢᠶᠣᠣ ᠭᠤᠸᠠᠩ ᠭᠤᠣᠯ ᠳᠠᠭᠠᠣ ᠣᠷᠣᠨ ᠢᠶᠠᠷ ᠲᠣᠭᠤᠷᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2018/7/3
   ᠣᠶᠢᠷ᠎ᠠ ᠶᠢᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠳᠡᠰ ᠤᠨ ᠶᠡᠷᠥᠩᠬᠡᠢ ᠳᠡᠳ᠋ ᠭᠤᠣᠯ ᠤᠨ ᠳᠠᠷᠤᠭ᠎ᠠ ᠨᠠ ᠰᠢᠶᠣᠣ ᠭᠤᠸᠠᠩ ᠢᠮᠢᠨ ᠭᠤᠣᠯ ᠤᠨ ᠵᠢᠳᠧᠩ ᠭᠠᠴᠠᠭᠠᠨ ᠤ ᠭᠤᠣᠯ ᠤᠨ ᠬᠡᠰᠡᠭ ᠲᠤ ᠵᠣᠷᠰᠢᠯ ᠢᠶᠠᠷ ᠲᠣᠭᠤᠷᠢᠨ ᠪᠠᠶᠢᠴᠠᠭᠠᠯᠲᠠ ᠬᠢᠪᠡ᠃
   ᠨᠠ ᠰᠢᠶᠣᠣ ᠭᠤᠸᠠᠩ ᠨᠠᠷ ᠭᠤᠣᠯ ᠤᠨ ᠵᠠᠮ ᠤᠨ ᠣᠷᠴᠢᠨ ᠲᠣᠭᠤᠷᠢᠨ᠂ ᠭᠤᠣᠯ ᠤᠨ ᠣᠰᠣᠨ ᠤ ᠴᠢᠨᠠᠷ᠂ ᠣᠰᠣᠨ ᠤ ᠴᠠᠷᠠᠭ᠎ᠠ ᠶᠢᠨ ᠬᠠᠮᠢᠶᠠᠷᠣᠨ ᠬᠠᠮᠠᠭᠠᠯᠠᠯᠲᠠ ᠵᠢᠴᠢ ᠭᠤᠣᠯ ᠤᠨ ᠬᠤᠶᠠᠷ ᠡᠷᠬᠢ ᠶᠢᠨ ᠬᠤᠭ ᠨᠣᠪᠰᠢ ᠶᠢ ᠴᠡᠪᠡᠷᠰᠢᠬᠦᠯᠵᠦ ᠪᠠᠶᠢᠭ᠎ᠠ ᠪᠠᠶᠢᠳᠠᠯ ᠳᠤ ᠬᠢᠨᠠᠮᠠᠭᠠᠢ ᠪᠠᠶᠢᠴᠠᠭᠠᠯᠲᠠ ᠬᠢᠪᠡ᠃ ᠨᠠ ᠰᠢᠶᠣᠣ ᠭᠤᠸᠠᠩ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠣᠨ ᠤ ᠦᠵᠡᠯ ᠰᠠᠨᠠᠭ᠎ᠠ ᠶᠢ ᠰᠠᠶᠢᠳᠣᠷ ᠲᠣᠣᠱᠯᠠᠭᠤᠯᠣᠨ᠂ ︽ᠡᠸ᠋ᠨᠩᠬᠢ ᠬᠤᠰᠢᠭᠤᠨ ᠤ ᠬᠤᠰᠢᠭᠤᠨ ᠤ ᠳᠡᠰ ᠤᠨ ᠭᠤᠣᠯ ᠤᠨ ᠳᠠᠷᠤᠭ᠎ᠠ ᠶᠢᠨ ᠳᠦᠷᠢᠮ ᠤᠨ ᠲᠣᠭᠤᠷᠢᠨ ᠪᠠᠶᠢᠴᠠᠭᠠᠬᠤ ᠳᠦᠷᠢᠮ︾ ᠢ ᠰᠠᠶᠢᠳᠣᠷ ᠨᠠᠶᠢᠳᠠᠪᠣᠷᠢᠵᠢᠭᠤᠯᠵᠣ᠂ ᠬᠤᠰᠢᠭᠤᠨ  ᠤ ᠬᠡᠪᠴᠢᠶᠡᠨ ᠳᠠᠬᠢ ᠭᠤᠣᠯ ᠤᠨ ᠣᠷᠣᠰᠬᠠᠯ᠂ ᠭᠤᠣᠯ ᠤᠨ ᠴᠠᠷᠠᠭ᠎ᠠ ᠶᠢᠨ ᠡᠳᠦᠷ ᠳᠣᠳᠣᠮ ᠤᠨ ᠲᠣᠭᠤᠷᠢᠨ ᠪᠠᠶᠢᠴᠠᠭᠠᠯᠲᠠ ᠪᠠ ᠬᠠᠮᠢᠶᠠᠷᠣᠯᠲᠠ ᠶᠢᠨ ᠠᠵᠢᠯ ᠢ ᠰᠠᠶᠢᠳᠣᠷ ᠬᠢᠬᠦ ᠬᠡᠷᠡᠭᠲᠡᠢ︔ ᠣᠬᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠠᠨ᠂ ᠮᠠᠯᠴᠢᠳ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠬᠠᠮᠰᠠᠷ ᠢ ᠳᠡᠭᠡᠭᠰᠢᠯᠡᠬᠦᠯᠬᠦ ᠬᠡᠷᠡᠭᠲᠡᠢ︔ ᠬᠦᠳᠡᠭᠡ ᠲᠣᠰᠬᠤᠨ ᠮᠠᠯᠵᠢᠬᠤ ᠣᠷᠣᠨ ᠤ ᠬᠦᠮᠦᠨ ᠠᠮᠠ ᠶᠢᠨ ᠰᠠᠭᠤᠷᠢᠰᠢᠬᠤ ᠣᠷᠴᠢᠨ ᠢ ᠴᠡᠭᠴᠡᠯᠡᠨ ᠵᠠᠰᠠᠬᠤ ᠠᠵᠢᠯ  ᠲᠠᠢ ᠣᠶᠠᠯᠳᠣᠭᠤᠯᠣᠨ᠂ ᠭᠤᠣᠯ ᠤᠨ ᠵᠠᠮ ᠳᠠᠬᠢ ᠠᠮᠢᠳᠣᠷᠠᠯ ᠤᠨ ᠬᠤᠭ ᠨᠣᠪᠰᠢ ᠶᠢ ᠴᠡᠪᠡᠷᠯᠡᠨ ᠠᠷᠢᠯᠭᠠᠬᠤ ᠪᠠᠶᠢᠩᠭᠤ ᠶᠢᠨ ᠲᠣᠭᠲᠠᠴᠠ ᠶᠢ ᠪᠦᠷᠢᠯᠳᠦᠬᠦᠯᠵᠦ᠂ ᠭᠤᠣᠯ ᠤᠨ ᠵᠠᠮ ᠤᠨ ᠣᠷᠴᠢᠨ ᠠᠬᠤᠢ ᠶᠢ ᠰᠠᠶᠢᠳᠣᠷ ᠬᠠᠮᠠᠭᠠᠯᠠᠬᠤ ᠬᠡᠷᠡᠭᠲᠡᠢ︔ ᠡᠯ᠎ᠡ ᠰᠠᠯᠠᠭ᠎ᠠ ᠮᠦᠴᠢᠷ ᠤᠳ ᠬᠦᠴᠦ ᠢᠶᠠᠨ ᠬᠠᠮᠳᠣᠳᠬᠠᠵᠣ᠂ ᠭᠤᠣᠯ ᠤᠨ ᠵᠠᠮ ᠤᠨ ᠣᠷᠴᠢᠨ ᠳᠤ ᠬᠠᠣᠯᠢ ᠪᠣᠰᠣ ᠦᠢᠯᠡ ᠠᠵᠢᠯᠯᠠᠭ᠎ᠠ ᠬᠢᠭᠰᠡᠳ ᠲᠤ ᠴᠣᠬᠢᠯᠲᠠ ᠦᠭᠬᠦ ᠬᠦᠴᠦᠯᠡᠴᠡ ᠪᠠᠨ ᠴᠢᠩᠭᠠᠳᠬᠠᠬᠤ ᠬᠡᠷᠡᠭᠲᠡᠢ ᠬᠡᠪᠡ᠃    ᠨᠠ ᠰᠢᠶᠣᠣ ᠭᠤᠸᠠᠩ ᠪᠠᠰᠠ ᠢᠮᠢᠨ ᠰᠣᠮᠣ ᠶᠢᠨ ᠬᠤᠩᠭᠤᠯᠵᠢ ᠭᠠᠴᠠᠭ᠎ᠠ ᠳᠤ ᠬᠦᠷᠴᠦ ᠲᠠᠷᠢᠶᠠᠯᠠᠩ ᠮᠠᠯ ᠠᠵᠣ ᠠᠬᠤᠢ ᠶᠢᠨ ᠡᠵᠡᠩᠨᠡᠯᠲᠡ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠲᠠ ᠬᠢᠪᠡ᠃    
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号