ᠬᠤᠰᠢᠭᠤᠨ ᠤ ᠣᠯᠣᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠬᠤᠸᠠ ᠶᠢᠩ ᠨᠠᠷ ᠪᠠᠶᠠᠨᠲᠠᠯ᠎ᠠ ᠰᠢᠶᠠᠩ ᠤᠨ ᠴᠤᠭ ᠭᠠᠴᠠᠭᠠᠨ ᠤ ᠶᠠᠳᠠᠭᠤ ᠠᠴᠠ ᠠᠩᠬᠢᠵᠢᠷᠠᠭᠤᠯᠬᠤ ᠠᠵᠢᠯ ᠢ ᠲᠣᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2018/7/3
   6 ᠰᠠᠷ᠎ᠠ ᠶᠢᠨ 6 ᠤ ᠡᠳᠦᠷ᠂ ᠬᠤᠰᠢᠭᠤᠨ ᠤ ᠣᠯᠣᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠬᠤᠸᠠ ᠶᠢᠩ ᠨᠠᠷ ᠪᠠᠶᠠᠨᠲᠠᠯ᠎ᠠ ᠰᠢᠶᠠᠩ ᠤᠨ ᠴᠤᠭ ᠭᠠᠴᠠᠭᠠᠨ ᠳᠤ ᠬᠦᠷᠴᠦ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠤᠨ ᠪᠠᠶᠢᠳᠠᠯ ᠢ ᠲᠣᠭᠤᠷᠢᠨ ᠪᠠᠶᠢᠴᠠᠭᠠᠵᠣ᠂ ᠰᠢᠶᠠᠩ ᠤᠨ ᠨᠠᠮ ᠤᠨ ᠬᠤᠷᠢᠶᠠᠨ ᠤ ᠱᠦᠵᠢ ᠦ᠋ ᡁᠢ ᠭᠠᠩ᠂ ᠰᠢᠶᠠᠩ ᠤᠨ ᠳᠡᠳ᠋ ᠳᠠᠷᠤᠭ᠎ᠠ ᠮᠠᠴᠣᠯᠠ ᠵᠢᠴᠢ ᠴᠤᠭ ᠭᠠᠴᠠᠭᠠᠨ ᠳᠤ ᠰᠠᠭᠤᠭ᠎ᠠ ᠠᠵᠢᠯᠯᠠᠬᠤ ᠠᠩᠬᠢ ᠶᠢᠨ ᠬᠡᠰᠢᠬᠦᠳ ᠬᠠᠮᠳᠣᠪᠡᠷ ᠪᠠᠶᠢᠴᠠᠭᠠᠯᠲᠠ ᠳᠤ ᠣᠷᠣᠯᠴᠠᠪᠠ᠃
   
   ᠬᠤᠸᠠ ᠶᠢᠩ ᠨᠠᠷ ᠣᠳᠣᠬᠠᠨ ᠳᠤ ᠭᠠᠴᠠᠭᠠᠨ ᠳᠤ ᠰᠠᠭᠤᠭ᠎ᠠ ᠠᠵᠢᠯᠯᠠᠬᠤ ᠠᠩᠬᠢ ᠶᠢᠨ ᠳᠦᠷᠢᠮ ᠢ ᠬᠦᠢᠴᠡᠳᠬᠡᠵᠦ ᠪᠠᠶᠢᠭ᠎ᠠ ᠪᠠᠶᠢᠳᠠᠯ᠂ ᠭᠠᠴᠠᠭᠠᠨ ᠤ ᠶᠠᠳᠠᠭᠤ ᠬᠦᠴᠢᠷᠳᠡᠯᠳᠡᠢ ᠬᠦᠮᠦᠨ ᠠᠮᠠ   ᠶᠢᠨ ᠲᠠᠷᠬᠠᠨ ᠰᠠᠭᠤᠷᠢᠰᠢᠭᠰᠠᠨ ᠪᠠᠶᠢᠳᠠᠯ᠂ ᠶᠠᠳᠠᠭᠤ ᠶᠢ ᠲᠡᠳᠬᠦᠬᠦ ᠠᠷᠭ᠎ᠠ ᠪᠠᠷᠢᠯ ᠢ ᠨᠠᠶᠢᠳᠠᠪᠣᠷᠢᠵᠢᠭᠤᠯᠵᠣ ᠪᠠᠶᠢᠭ᠎ᠠ ᠪᠠᠶᠢᠳᠠᠯ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯᠯᠠᠬᠤ ᠠᠩᠬᠢ ᠶᠢᠨ ᠬᠡᠰᠢᠬᠦᠳ ᠤᠨ ᠬᠠᠷᠢᠯᠴᠠᠬᠤ ᠠᠷᠭ᠎ᠠ ᠶᠢ ᠨᠡᠶᠢᠲᠡᠯᠡᠭᠰᠡᠨ ᠡᠰᠡᠬᠦ᠂ ᠭᠠᠴᠠᠭᠠᠨ ᠳᠤ ᠰᠠᠭᠤᠭ᠎ᠠ ᠠᠵᠢᠯᠯᠠᠬᠤ ᠠᠩᠬᠢ ᠶᠢᠨ ᠬᠡᠰᠢᠬᠦᠳ ᠤᠨ ᠠᠵᠢᠯ ᠳᠤ ᠭᠠᠷᠴᠣ ᠪᠠᠭᠤᠬᠤ ᠳᠦᠷᠢᠮ ᠢ ᠬᠦᠢᠴᠡᠳᠬᠡᠭᠰᠡᠨ ᠪᠠᠶᠢᠳᠠᠯ ᠵᠡᠷᠭᠡ ᠶᠢ ᠲᠣᠭᠤᠷᠢᠨ ᠪᠠᠶᠢᠴᠠᠭᠠᠪᠠ᠃    ᠬᠤᠸᠠ ᠶᠢᠩ ᠠᠴᠠ᠂ ᠬᠠᠷᠢᠭᠤᠴᠠᠯᠭ᠎ᠠ ᠪᠠᠨ ᠨᠠᠶᠢᠳᠠᠪᠣᠷᠢᠵᠢᠭᠤᠯᠬᠤ ᠶᠢ ᠴᠢᠩᠭᠠᠳᠬᠠᠵᠣ᠂ ᠠᠵᠢᠯ ᠤᠨ ᠬᠦᠴᠦᠯᠡᠴᠡ ᠪᠠᠨ ᠴᠢᠩᠭᠠᠳᠬᠠᠬᠤ ᠬᠡᠷᠡᠭᠲᠡᠢ︔ ᠰᠠᠭᠤᠷᠢ ᠠᠵᠢᠯ ᠢ ᠰᠠᠶᠢᠳᠣᠷ ᠠᠳᠬᠤᠵᠣ᠂ ᠶᠠᠳᠠᠭᠤ ᠬᠦᠴᠢᠷᠳᠡᠯᠳᠡᠢ ᠡᠷᠦᠬᠡ ᠶᠢᠨ ᠪᠣᠳᠠᠳᠠᠢ ᠪᠠᠶᠢᠳᠠᠯ ᠳᠤᠨᠢ ᠴᠢᠭᠯᠡᠬᠦᠯᠦᠨ ᠬᠠᠪᠰᠣᠷᠣᠨ ᠲᠡᠳᠬᠦᠬᠦ ᠠᠷᠭ᠎ᠠ ᠠᠪᠴᠠᠯ ᠢ ᠨᠠᠶᠢᠳᠠᠪᠣᠷᠢᠵᠢᠭᠤᠯᠬᠤ ᠬᠡᠷᠡᠭᠲᠡᠢ︔ ︽ᠨᠢᠬᠡᠳᠦᠭᠡᠷ ᠱᠦᠵᠢ︾ ᠪᠠ ᠭᠠᠴᠠᠭᠠᠨ ᠳᠤ ᠰᠠᠭᠤᠭ᠎ᠠ ᠺᠠᠳ᠋ᠷ ᠤᠨ ᠦᠢᠯᠡᠳᠦᠯ ᠢ ᠬᠦᠢᠴᠡᠳ ᠪᠠᠳᠠᠷᠠᠭᠤᠯᠵᠣ᠂ ᠣᠯᠠᠨ ᠲᠦᠮᠡᠨ ᠲᠠᠢ ᠬᠠᠷᠢᠯᠴᠠᠬᠤ ᠠᠵᠢᠯ ᠢ ᠰᠠᠶᠢᠳᠣᠷ ᠬᠢᠵᠦ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠤ ᠢᠯᠠᠯᠲᠠ ᠶᠢ ᠣᠯᠬᠤ ᠪᠠᠷ ᠮᠡᠷᠡᠶᠢᠨ ᠲᠡᠮᠡᠴᠡᠬᠦ ᠬᠡᠷᠡᠭᠲᠡᠢ ᠬᠡᠵᠦ ᠱᠠᠭᠠᠷᠳᠠᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号