ᠪᠠᠶᠠᠨᠳᠣᠬᠤᠢ ᠪᠠᠯᠭᠠᠰᠣ ᠬᠠᠷᠢᠶ᠎ᠠ ᠣᠷᠣᠨ ᠤ ᠱᠠᠰᠢᠨ ᠰᠣᠷᠳᠠᠬᠤᠨ ᠤ ᠠᠵᠢᠯᠯᠠᠭᠠᠨ ᠤ ᠭᠠᠵᠠᠷ ᠲᠠᠯᠠᠪᠣᠷ ᠤᠨ ᠠᠮᠣᠷ ᠲᠦᠪᠰᠢᠨ ᠤ ᠪᠠᠶᠢᠳᠠᠯ ᠢ ᠬᠠᠮᠳᠣᠷᠠᠨ ᠪᠠᠶᠢᠴᠠᠭᠠᠪᠠ
ᠨᠡᠶᠢᠲᠡᠯᠡᠭᠰᠡᠨ ᠴᠠᠭ᠄
2018/7/6
   
  7 ᠰᠠᠷ᠎ᠠ ᠶᠢᠨ 3 ᠤ ᠡᠳᠦᠷ᠂ ᠬᠤᠰᠢᠭᠤᠨ ᠤ ᠦᠨᠳᠦᠰᠦᠲᠡᠨ ᠱᠠᠰᠢᠨ ᠰᠣᠷᠳᠠᠬᠤᠨ ᠤ ᠬᠡᠷᠡᠭ ᠡᠷᠬᠢᠯᠡᠬᠦ ᠲᠣᠪᠴᠢᠶ᠎ᠠ᠂ ᠬᠤᠰᠢᠭᠤᠨ ᠤ ᠠᠶᠣᠯᠬᠦᠢ ᠳᠤ ᠬᠢᠨᠠᠯᠲᠠ ᠲᠠᠯᠪᠢᠬᠤ ᠲᠣᠪᠴᠢᠶ᠎ᠠ᠂ ᠭᠠᠯ ᠢ ᠰᠡᠷᠭᠡᠶᠢᠯᠡᠬᠦ ᠶᠡᠭᠡ ᠠᠩᠬᠢ᠂ ᠣᠷᠣᠨ ᠰᠠᠭᠤᠴᠠ ᠪᠠ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠳᠣᠷᠠᠨ᠂ ᠪᠠᠶᠠᠨᠳᠣᠬᠤᠢ ᠪᠠᠯᠭᠠᠰᠣ ᠶᠢᠨ ᠱᠠᠰᠢᠨ ᠰᠣᠷᠳᠠᠬᠤᠨ ᠤ ᠠᠵᠢᠯᠯᠠᠭᠠᠨ ᠤ ᠭᠠᠵᠠᠷ ᠲᠠᠯᠠᠪᠣᠷ ᠤᠨ ᠠᠮᠣᠷ ᠲᠦᠪᠰᠢᠨ ᠪᠠᠶᠢᠳᠠᠯ ᠳᠤ ᠪᠠᠶᠢᠴᠠᠭᠠᠯᠲᠠ ᠬᠢᠪᠡ᠃ ᠪᠠᠶᠠᠨᠳᠣᠬᠤᠢ ᠪᠠᠯᠭᠠᠰᠣ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠮᠡᠭ᠂ ᠠᠶᠣᠯᠬᠦᠢ ᠳᠤ ᠬᠢᠨᠠᠯᠲᠠ ᠲᠠᠯᠪᠢᠬᠤ ᠠᠯᠪᠠᠨ ᠭᠡᠷ ᠤᠨ ᠡᠷᠬᠢᠯᠡᠭᠴᠢ ᠠᠨ ᠬᠤᠩ ᠱᠧᠩ ᠨᠠᠷ ᠬᠠᠮᠳᠣᠪᠡᠷ ᠪᠠᠶᠢᠴᠠᠭᠠᠯᠲᠠ ᠳᠤ ᠣᠷᠣᠯᠴᠠᠪᠠ᠃    ᠪᠠᠶᠢᠴᠠᠭᠠᠬᠤ ᠳᠣᠭᠤᠶᠢᠯᠠᠩ ᠠᠴᠠ ᠶᠡᠭᠡ ᠪᠢᠯᠢᠭᠲᠦ ᠰᠦᠮ᠎ᠡ᠂ ᠯᠠᠯᠣ ᠶᠢᠨ ᠰᠦᠮ᠎ᠡ ᠵᠢᠴᠢ ᠡᠾᠷᠢᠰᠲ᠋ᠣᠰ ᠤᠨ ᠱᠠᠰᠢᠨ ᠤ ᠠᠵᠢᠯᠯᠠᠭᠠᠨ ᠤ ᠭᠠᠵᠠᠷ ᠲᠤ ᠬᠦᠷᠴᠦ᠂ ᠭᠤᠣᠯᠳᠠᠭᠤ ᠡᠳᠡᠭᠡᠷ ᠭᠠᠵᠠᠷ ᠲᠠᠯᠠᠪᠣᠷ ᠤᠨ ᠬᠡᠷ ᠪᠠᠶᠢᠰᠢᠩ ᠤᠨ ᠪᠦᠲᠦᠴᠡ᠂ ᠭᠠᠯ ᠰᠡᠷᠭᠡᠶᠢᠯᠡᠬᠦ ᠲᠦᠭᠦᠭᠡᠷᠦᠮᠵᠢ᠂ ᠴᠠᠬᠢᠯᠭᠠᠨ ᠬᠡᠯᠬᠢᠶ᠎ᠡ᠂ ᠪᠠᠴᠢᠮ ᠪᠠᠶᠢᠳᠠᠯ ᠳᠤ ᠬᠡᠷᠡᠯᠲᠦᠬᠦᠯᠬᠦ ᠲᠦᠭᠦᠭᠡᠷᠦᠮᠵᠢ ᠵᠢᠴᠢ ᠲᠠᠷᠬᠠᠭᠠᠨ ᠵᠠᠶᠢᠯᠠᠭᠤᠯᠬᠤ ᠵᠠᠮ ᠵᠡᠷᠭᠡ ᠳᠤ ᠪᠦᠬᠦ ᠲᠠᠯ᠎ᠠ ᠶᠢᠨ ᠠᠶᠣᠯᠬᠦᠢ ᠶᠢᠨ ᠪᠠᠶᠢᠴᠠᠭᠠᠯᠲᠠ ᠬᠢᠬᠦ ᠶᠢᠨ ᠬᠠᠮᠳᠣ ᠣᠷᠣᠰᠢᠵᠣ ᠪᠠᠶᠢᠭ᠎ᠠ ᠠᠰᠠᠭᠤᠳᠠᠯ ᠳᠤ ᠬᠤᠭᠤᠴᠠᠭ᠎ᠠ ᠲᠣᠭᠲᠠᠭᠠᠵᠣ ᠴᠡᠭᠴᠡᠯᠡᠨ ᠦᠬᠡᠷᠡᠴᠢᠯᠡᠬᠦᠯᠬᠦ  ᠪᠠᠷ ᠱᠠᠭᠠᠷᠳᠠᠪᠠ᠃    ᠲᠣᠰ ᠣᠳᠠᠭᠠᠨ ᠤ ᠪᠠᠶᠢᠴᠠᠭᠠᠯᠲᠠ ᠪᠠᠷ ᠳᠠᠮᠵᠢᠨ᠂ ᠪᠠᠶᠠᠨᠳᠣᠬᠤᠢ ᠪᠠᠯᠭᠠᠰᠣ ᠶᠢᠨ ᠬᠡᠪᠴᠢᠶᠡᠨ ᠳᠠᠬᠢ ᠱᠠᠰᠢᠨ ᠰᠣᠷᠳᠠᠬᠤᠨ ᠤ ᠠᠵᠢᠯᠯᠠᠭᠠᠨ ᠤ ᠭᠠᠵᠠᠷ ᠲᠠᠯᠠᠪᠣᠷ ᠤᠨ ᠬᠠᠮᠢᠶᠠᠷᠣᠯᠲᠠ ᠶᠢ ᠣᠯᠠᠮ ᠢᠶᠠᠷ ᠴᠢᠩᠭᠠᠳᠬᠠᠵᠣ᠂ ᠠᠶᠣᠯᠬᠦᠢ  ᠶᠢᠨ ᠳᠠᠯᠳᠠ ᠬᠡᠮ ᠢ ᠳᠠᠷᠣᠢ ᠳᠤᠨᠢ ᠠᠷᠢᠯᠭᠠᠵᠣ᠂ ᠱᠠᠰᠢᠨ ᠰᠣᠷᠳᠠᠬᠤᠨ ᠤ ᠠᠵᠢᠯᠯᠠᠭᠠᠨ ᠤ ᠭᠠᠵᠠᠷ ᠲᠠᠯᠠᠪᠣᠷ ᠤᠨ ᠬᠠᠮᠢᠶᠠᠷᠣᠯᠲᠠ ᠶᠢᠨ ᠳᠦᠷᠢᠮᠵᠢᠭᠰᠡᠨ᠂ ᠪᠠᠶᠢᠩᠭᠤᠵᠢᠭᠰᠠᠨ᠂ ᠦᠷᠬᠦᠯᠵᠢᠯᠡᠨ ᠬᠦᠴᠦᠨ ᠲᠠᠢ ᠪᠠᠶᠢᠬᠤ ᠶᠢ ᠠᠬᠢᠭᠤᠯᠵᠣ᠂ ᠱᠠᠰᠢᠨ ᠰᠣᠷᠳᠠᠬᠤᠨ ᠤ ᠠᠵᠢᠯᠯᠠᠭᠠᠨ ᠤ ᠭᠠᠵᠠᠷ ᠲᠠᠯᠠᠪᠣᠷ ᠤᠨ ᠠᠮᠣᠷ ᠲᠦᠪᠰᠢᠨ ᠢ ᠪᠠᠳᠣᠯᠠᠭᠰᠠᠨ ᠪᠠᠶᠢᠨ᠎ᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号