ᠦᠪᠠᠷᠳᠡᠭᠡᠨ ᠵᠠᠰᠠᠬᠤ ᠤᠷᠤᠨ ᠤ ᠦᠨᠡᠯᠠᠨ ᠵᠢᠱᠢᠬᠦ ᠲᠤᠭᠤᠶᠢᠯᠠᠩ ᠮᠠᠨ ᠤ ᠬᠤᠰᠢᠭᠤᠨ ᠳᠤ ᠢᠷᠠᠵᠦ ᠪᠦᠬᠦ ᠤᠯᠤᠰ ᠤᠨ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠵᠢᠱᠢᠶ᠎ᠠ ᠦᠵᠡᠭᠦᠯᠬᠦ ᠬᠤᠳᠠ ᠶᠢ ᠪᠠᠶᠢᠭᠤᠯᠬᠤ ᠠᠵᠢᠯ ᠢ ᠱᠠᠭᠠᠷᠳᠠᠨ ᠪᠠᠶᠢᠴᠠᠭᠠᠵᠦ ᠦᠨᠡᠯᠡᠯᠳᠠ ᠬᠢᠪᠡ
ᠨᠡᠶᠢᠲᠡᠯᠡᠭᠰᠡᠨ ᠴᠠᠭ᠄
2018/7/6
   6 ᠰᠠᠷ᠎ᠠ ᠶᠢᠨ 5   ᠤ ᠡᠳᠦᠷ᠂ ᠦᠪᠠᠷᠳᠡᠭᠡᠨ ᠵᠠᠰᠠᠬᠤ ᠤᠷᠤᠨ ᠤ ᠦᠨᠳᠦᠰᠦᠳᠡᠨ ᠤ ᠵᠦᠪᠯᠡᠯ ᠤᠨ ᠲᠠᠳ᠋ ᠡᠷᠬᠢᠯᠡᠭᠴᠢ ᠯᠢ ᠬᠦᠸᠧ ᠴᠧᠩ ᠨᠠᠷ ᠮᠠᠨ ᠤ ᠬᠤᠰᠢᠭᠤᠨ ᠳᠤ ᠢᠷᠠᠵᠦ᠂ ᠪᠦᠬᠦ ᠤᠯᠤᠰ ᠤᠨ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠵᠢᠱᠢᠶ᠎ᠠ ᠦᠵᠡᠭᠦᠯᠬᠦ ᠬᠤᠳᠠ ᠶᠢ ᠪᠠᠶᠢᠭᠤᠯᠬᠤ ᠠᠵᠢᠯ   ᠢ ᠱᠠᠭᠠᠷᠳᠠᠨ ᠪᠠᠶᠢᠴᠠᠭᠠᠵᠦ ᠦᠨᠡᠯᠡᠯᠳᠠ ᠬᠢᠪᠡ᠃ ᠬᠤᠳᠠ ᠶᠢᠨ ᠵᠠᠰᠠᠭ ᠤᠨ ᠤᠷᠳᠤᠨ ᠤ ᠲᠠᠳ᠋ ᠲᠠᠷᠤᠭ᠎ᠠ ᠵᠢᠶᠠᠩ ᠪᠤᠤ ᠳ᠋ᠦᠩ᠂ ᠬᠤᠳᠠ ᠶᠢᠨ ᠦᠨᠳᠦᠰᠦᠳᠡᠨ ᠤ ᠵᠦᠪᠯᠡᠯ ᠤᠨ ᠡᠷᠬᠢᠯᠡᠭᠴᠢ ᠲᠦᠩ ᠸᠧᠨ ᠴᠢᠤᠸᠠᠨ᠂ ᠲᠠᠳ᠋ ᠡᠷᠬᠢᠯᠡᠭᠴᠢ ᠬᠦᠸᠧ ᠰᠢᠶᠤᠤ ᠯᠢᠨ᠂ ᠳ᠋ᠠᠰᠢᠵᠠᠮᠰᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠦᠨᠲ ᠤᠨ ᠭᠡᠯᠳᠡᠰ  ᠤᠨ ᠲᠠᠷᠤᠭ᠎ᠠ ᠰᠤᠶᠤᠯᠮ᠎ᠠ᠂ ᠬᠤᠰᠢᠭᠤᠨ ᠤ ᠵᠠᠰᠠᠭ ᠤᠨ ᠤᠷᠳᠤᠨ ᠤ ᠲᠠᠳ᠋ ᠲᠠᠷᠤᠭ᠎ᠠ ᠳ᠋ᠦᠩ ᠱᠧᠩ ᠵᠢᠴᠢ ᠦᠨᠳᠦᠰᠦᠳᠡᠨ ᠱᠠᠰᠢᠨ ᠰᠤᠷᠳᠠᠬᠤᠨ ᠤ ᠲᠤᠪᠴᠢᠶ᠎ᠠ ᠶᠢᠨ ᠬᠠᠷᠢᠭᠤᠴᠠᠯᠭᠠᠳᠠᠨ ᠨᠠᠷ ᠬᠠᠮᠳᠤᠪᠠᠷ ᠱᠠᠭᠠᠷᠳᠠᠨ ᠪᠠᠶᠢᠴᠠᠭᠠᠯᠳᠠ ᠳᠤ ᠤᠷᠤᠯᠴᠠᠪᠠ᠃
 
   ᠯᠢ ᠬᠦᠸᠧ ᠴᠧᠩ ᠨᠠᠷ ᠬᠤᠰᠢᠭᠤᠨ ᠤ ᠲᠤᠳᠤᠭᠠᠳᠤ ᠶᠢ ᠬᠠᠮᠭᠠᠯᠠᠬᠤ ᠲᠤᠪᠴᠢᠶ᠎ᠠ᠂ ᠪᠤᠤ ᠱᠠᠩ ᠪᠠᠩᠬᠢ᠂ ᠦᠨᠳᠦᠰᠦᠳᠡᠨ ᠤ ᠰᠤᠶᠤᠯ ᠤᠨ ᠦᠢᠯᠡᠰ ᠤᠨ ᠦᠢᠯᠡᠰ ᠪᠤᠰᠬᠠᠬᠤ ᠬᠦᠷᠢᠶᠠᠯᠠᠩ ᠵᠠᠷᠭᠡ ᠵᠢᠱᠢᠶ᠎ᠠ ᠦᠵᠡᠭᠦᠯᠬᠦ  ᠴᠡᠭ  ᠲᠤ ᠬᠦᠷᠴᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠶᠢᠯᠪᠦᠷᠢᠯᠠᠬᠤ ᠶᠢ ᠰᠤᠨᠤᠰᠬᠤ᠂ ᠲᠠᠩᠰᠠ ᠡᠪᠭᠡᠮᠡᠯ ᠵᠢᠴᠢ PPT ᠶᠢ ᠨᠢ ᠦᠵᠡᠬᠦ  ᠭᠡᠯᠪᠠᠷᠢ ᠪᠠᠷ ᠲᠠᠮᠵᠢᠭᠤᠯᠤᠨ᠂ ᠮᠠᠨ ᠤ ᠬᠤᠰᠢᠭᠤᠨ ᠤ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠠᠵᠢᠯ ᠢ ᠦᠷᠨᠢᠭᠦᠯᠦᠭᠰᠡᠨ ᠪᠠᠶᠢᠳᠠᠯ᠂ ᠭᠤᠤᠯ ᠠᠷᠭ᠎ᠠ ᠬᠢᠳᠠᠯ᠂ ᠤᠯᠤᠭᠰᠠᠨ ᠪᠤᠳᠠᠳᠤ ᠠᠮᠵᠢᠯᠳᠠ᠂ ᠴᠤᠯᠭᠤᠷᠠᠨ ᠭᠠᠷᠤᠭᠰᠠᠨ ᠨᠠᠶᠢᠳᠡᠯᠢᠭ ᠵᠢᠴᠢ ᠪᠦᠬᠦ ᠤᠯᠤᠰ ᠤᠨ ᠦᠨᠳᠦᠰᠦᠳᠠᠨ ᠤ ᠪᠦᠯᠬᠦᠮᠳᠠᠯ ᠲᠠᠪᠰᠢᠯᠳᠠ ᠶᠢᠨ ᠵᠢᠱᠢᠶ᠎ᠠ ᠦᠵᠡᠬᠦᠯᠬᠦ ᠬᠤᠳᠠ ᠶᠢ ᠪᠠᠶᠢᠭᠤᠯᠬᠤ ᠬᠢᠨᠠᠨ ᠰᠢᠯᠭᠠᠯᠳᠠ ᠶᠢ ᠤᠬᠳᠤᠬᠤ ᠪᠡᠯᠡᠳᠭᠡᠯ ᠠᠵᠢᠯ  ᠤᠨ ᠲᠤᠬᠠᠢ ᠪᠦᠬᠦ ᠲᠠᠯ᠎ᠠ ᠪᠠᠷ᠂ ᠨᠠᠷᠢᠯᠢᠭ ᠪᠠᠶᠢᠴᠠᠭᠠᠯᠳᠠ ᠬᠢᠪᠡ᠃    ᠯᠢ ᠬᠦᠸᠧ ᠴᠧᠩ ᠮᠠᠨ ᠤ ᠬᠤᠰᠢᠭᠤᠨ ᠤ ᠪᠦᠬᠦ ᠤᠯᠤᠰ ᠤᠨ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠵᠢᠱᠢᠶ᠎ᠠ ᠦᠵᠡᠬᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠬᠦᠢᠴᠠᠳ ᠨᠤᠳᠠᠯᠠᠵᠦ᠂ ᠵᠢᠭᠠᠵᠦ ᠭᠠᠷᠭᠠᠭᠰᠠᠨ ᠨᠢ ᠂ ᠨᠢᠭᠡ ᠳᠤ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠲᠤᠷᠰᠢᠯᠭ᠎ᠠ ᠪᠠᠨ ᠨᠢᠮᠪᠠᠢ ᠳ᠋ᠦᠩᠨᠡᠵᠦ᠂ ᠰᠢᠨ᠎ᠠ ᠡᠷᠡᠨ ᠤ ᠡᠭᠦᠳᠦᠨ ᠪᠠᠶᠢᠭᠤᠯᠬᠤ ᠠᠵᠢᠯ ᠢ ᠰᠤᠳᠤᠯᠤᠨ ᠰᠦᠪᠡᠭᠴᠢᠯᠡᠬᠦ ᠭᠡᠷᠡᠭᠳᠡᠢ︔ ᠬᠤᠶᠠᠷ ᠲᠤ ᠵᠢᠱᠢᠶ᠎ᠠ ᠦᠵᠡᠬᠦᠯᠬᠦ ᠴᠡᠭ ᠤᠨ ᠲᠠᠶᠢᠴᠢᠯᠡᠨ ᠲᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠦ᠂ ᠦᠨᠳᠦᠰᠦᠳᠡᠨ ᠨᠦᠭᠦᠳ ᠦᠵᠡᠯ ᠰᠠᠨᠠᠭ᠎ᠠ ᠪᠠᠨ ᠬᠠᠷᠢᠯᠴᠠᠨ ᠰᠤᠯᠢᠯᠴᠠᠵᠦ ᠬᠠᠷᠢᠯᠴᠠᠨ ᠠᠭᠤᠰᠤᠯᠴᠠᠨ ᠬᠦᠭᠵᠢᠬᠦ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠭᠡᠷᠡᠭᠳᠡᠢ︔ ᠭᠤᠷᠪᠠ ᠳᠤ ᠵᠢᠱᠢᠶ᠎ᠠ ᠦᠵᠡᠬᠦᠯᠬᠦ ᠴᠡᠭ   ᠢ ᠡᠭᠦᠳᠦᠨ ᠪᠠᠶᠢᠭᠤᠯᠬᠤ ᠭᠡᠰᠡᠨ ᠭᠤᠤᠯ ᠰᠠᠳᠤᠪ ᠤᠨ ᠲᠤᠭᠤᠷᠢᠨ ᠳᠤ᠂ ᠤᠨᠴᠠᠯᠢᠭ ᠬᠢᠯᠡᠰ ᠴᠡᠭ ᠢ ᠲᠤᠪᠤᠶᠢᠯᠭᠠᠵᠦ᠂ ᠬᠠᠮᠢᠶ᠎ᠠ ᠪᠦᠬᠦᠢ ᠲᠠᠩᠰᠠ ᠡᠪᠭᠡᠮᠡᠯ ᠤᠨ ᠮᠠᠲ᠋ᠧᠷᠢᠶᠠᠯ ᠢ ᠠᠯᠬᠤᠮ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠬᠦ ᠭᠡᠷᠡᠭᠳᠡᠢ︔ ᠲᠦᠷᠪᠡ ᠳᠤ ᠨᠠᠩ ᠦᠨᠳᠦᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ ᠰᠢᠯᠭᠠᠨ ᠠᠪᠬᠤ ᠠᠵᠢᠯ ᠢ ᠰᠠᠶᠢᠳᠦᠷ ᠬᠢᠵᠦ᠂ ᠡᠭᠦᠳᠦᠨ ᠪᠠᠶᠢᠭᠤᠯᠬᠤ ᠲᠦᠪᠰᠢᠨ ᠢᠶᠠᠨ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠡᠭᠦᠳᠦᠨ ᠪᠠᠶᠢᠭᠤᠯᠤᠭᠰᠠᠨ ᠦᠷ᠎ᠠ ᠪᠦᠳᠦᠭᠡᠯ ᠢᠶᠠᠨ ᠪᠠᠳᠤᠳᠬᠠᠵᠦ᠂ ᠪᠦᠬᠦ ᠤᠯᠤᠰ ᠤᠨ ᠦᠨᠳᠦᠰᠦᠳᠠᠨ ᠤ ᠪᠦᠯᠬᠦᠮᠳᠠᠯ ᠲᠠᠪᠰᠢᠯᠳᠠ ᠶᠢᠨ ᠵᠢᠱᠢᠶ᠎ᠠ ᠦᠵᠡᠭᠦᠯᠬᠦ ᠬᠤᠳᠠ ᠶᠢ ᠪᠠᠶᠢᠭᠤᠯᠬᠤ ᠤᠯᠤᠰ  ᠤᠨ ᠲᠠᠰ ᠤᠨ ᠰᠢᠯᠭᠠᠨ ᠠᠪᠤᠯᠳᠠ ᠶᠢ ᠤᠷᠤᠭᠰᠢᠳᠠᠢ ᠦᠩᠭᠡᠷᠡᠭᠡᠬᠦ ᠶᠢ ᠪᠠᠳᠤᠯᠠᠬᠤ ᠭᠡᠷᠡᠭᠳᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号