ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠤᠯᠤᠰ ᠲᠦᠷᠦ ᠬᠠᠤᠯᠢ ᠴᠠᠭᠠᠵᠨ ᠶᠢᠨ ᠵᠦᠪᠯᠡᠯ ᠤᠨ ᠱᠦᠵᠢ ᠮᠢᠨ ᠵᠢᠶᠧ ᠨᠠᠷ ᠰᠢᠨᠡᠭᠡᠨ ᠵᠡᠭᠦᠨ ᠰᠤᠮᠤ ᠶᠢᠨ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2018-07-06
   6 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠤᠯᠤᠰ ᠲᠦᠷᠦ ᠬᠠᠤᠯᠢ ᠴᠠᠭᠠᠵᠨ ᠶᠢᠨ ᠵᠦᠪᠯᠡᠯ ᠤᠨ ᠱᠦᠵᠢ ᠮᠢᠨ ᠵᠢᠶᠧ ᠨᠠᠷ ᠰᠢᠨᠡᠭᠡᠨ ᠵᠡᠭᠦᠨ ᠰᠤᠮᠤ ᠳᠤ ᠬᠦᠷᠴᠤ᠂ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠵᠢᠭᠠᠨ ᠵᠢᠯᠤᠭᠤᠳᠤᠯᠭ᠎ᠠ ᠬᠢᠵᠦ᠂ ᠬᠤᠰᠢᠭᠤᠨ ᠤ ᠨᠠᠮ ᠤᠨ ᠬᠤᠷᠢᠶ᠎ᠠ  ᠶᠢᠨ  ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠦᠨᠲ ᠤᠨ ᠭᠡᠯᠳᠡᠰ ᠤᠨ ᠲᠠᠷᠤᠭ᠎ᠠ ᠰᠤᠶᠤᠯᠮ᠎ᠠ᠂ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠤᠯᠤᠰ ᠲᠦᠷᠦ ᠶᠢᠨ ᠭᠡᠰᠢᠭᠦᠨ ᠯᠢᠦ ᠶᠠᠨ ᠨᠠᠷ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃
   
   ᠮᠢᠨ ᠵᠢᠶᠧ ᠨᠠᠷ ᠬᠠᠷᠠᠭᠠᠨ᠎ᠠ ᠭᠠᠴᠠᠭ᠎ᠠ᠂ ᠮᠦᠩᠬᠦᠨᠲᠤᠶᠠᠭ᠎ᠠ ᠭᠠᠴᠠᠭ᠎ᠠ ᠵᠢᠴᠢ ᠪᠠᠶᠠᠨᠬᠤᠭᠤᠯᠨ ᠭᠠᠴᠠᠭ᠎ᠠ ᠶᠢᠨ ᠲᠤᠬᠠᠢ ᠶᠢᠨ ᠲᠠᠯᠠᠪᠤᠷ ᠲᠤ ᠬᠦᠷᠴᠤ ᠪᠠᠶᠢᠴᠠᠭᠠᠨ ᠰᠤᠳᠤᠯᠤᠯᠳᠠ ᠬᠢᠬᠦ ᠶᠢᠨ ᠬᠠᠮᠳᠤ ᠲᠠᠩᠰᠠ ᠡᠪᠭᠡᠮᠡᠯ ᠤᠨ ᠮᠠᠲ᠋ᠧᠷᠢᠶᠠᠯ ᠢ ᠦᠵᠡᠬᠦ ᠪᠠ ᠮᠡᠳᠡᠭᠦᠯᠦᠯᠳᠠ ᠶᠢ ᠰᠤᠨᠤᠰᠬᠤ ᠵᠠᠷᠭᠡ ᠭᠡᠯᠪᠠᠷᠢ ᠪᠠᠷ ᠶᠠᠳᠠᠭᠤ ᠬᠦᠴᠢᠷᠳᠠᠯᠳᠠᠢ ᠡᠷᠦᠭᠡ ᠶᠢᠨ ᠶᠡᠷᠦᠩᠭᠡᠢ ᠲᠤᠭ᠎ᠠ᠂ ᠶᠠᠳᠠᠭᠤᠷᠠᠭᠰᠠᠨ ᠰᠢᠯᠳᠠᠭᠠᠨ᠂ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠵᠢᠴᠢ ᠡᠯ᠎ᠠ ᠭᠠᠴᠠᠭ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠦᠷᠨᠢᠭᠦᠯᠵᠦ ᠪᠠᠶᠢᠭ᠎ᠠ ᠪᠠᠶᠢᠳᠠᠯ ᠵᠠᠷᠭᠡ ᠶᠢ ᠨᠠᠷᠢᠯᠢᠭ ᠤᠶᠢᠯᠠᠭᠠᠵᠦ᠂ ᠡᠯ᠎ᠠ ᠭᠠᠴᠠᠭ᠎ᠠ ᠶᠢᠨ ᠬᠠᠷᠢᠯᠴᠠᠨ ᠪᠠᠶᠢᠴᠠᠭᠠᠭᠰᠠᠨ ᠤ ᠲᠠᠷᠠᠭᠠᠬᠢ ᠴᠡᠭᠴᠡᠯᠡᠨ ᠦᠭᠡᠷᠡᠴᠢᠯᠡᠬᠦ ᠶᠢ ᠨᠠᠶᠢᠳᠠᠪᠦᠷᠢᠵᠢᠭᠤᠯᠬᠤ ᠳᠤ ᠵᠢᠭᠠᠨ ᠵᠢᠯᠤᠭᠤᠳᠤᠯᠭ᠎ᠠ ᠬᠢᠪᠡ᠃    ᠮᠢᠨ ᠵᠢᠶᠧ ᠨᠠᠷ ᠬᠠᠷᠠᠭᠠᠨ᠎ᠠ ᠭᠠᠴᠠᠭ᠎ᠠ ᠶᠢᠨ ᠤᠨᠳᠤᠤ ᠭᠠᠵᠠᠷ ᠨᠠᠬᠦᠯᠭᠡᠵᠦ ᠢᠳᠡᠰᠢᠨ ᠨᠤᠭᠤᠭ᠎ᠠ ᠲᠠᠷᠢᠬᠤ ᠬᠦᠯᠡᠮᠵᠢ ᠪᠠᠶᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠶᠠᠳᠠᠭᠤ ᠬᠦᠴᠢᠷᠳᠠᠯᠳᠠᠢ ᠡᠷᠦᠭᠡ ᠳᠤ ᠬᠦᠨᠵᠡᠭᠡᠶᠢᠷᠡᠨ ᠲᠠᠳᠠᠨ ᠤ ᠭᠡᠷ ᠪᠦᠯᠢ ᠶᠢᠨ ᠪᠦᠷᠢᠯᠳᠦᠬᠦᠨ᠂ ᠤᠷᠤᠯᠭ᠎ᠠ ᠶᠢᠨ ᠢᠷᠠᠯᠳᠠ᠂ ᠦᠢᠯᠡᠳᠪᠦᠷᠢᠯᠡᠯ ᠠᠮᠢᠳᠤᠷᠠᠯ ᠵᠢᠴᠢ ᠬᠦᠴᠢᠷ ᠲᠠᠢ ᠠᠰᠠᠭᠤᠳᠠᠯ ᠵᠠᠷᠭᠡ ᠶᠢ ᠨᠠᠷᠢᠯᠢᠭ ᠤᠶᠢᠯᠠᠭᠠᠵᠦ᠂ ᠶᠠᠳᠠᠭᠤ ᠬᠦᠴᠢᠷᠳᠠᠯᠳᠠᠢ ᠡᠷᠦᠭᠡ ᠶᠢᠨ ᠪᠤᠳᠠᠳᠠᠢ ᠪᠠᠶᠢᠳᠠᠯ ᠲᠠᠢ ᠤᠶᠠᠯᠳᠤᠭᠤᠯᠤᠨ ᠬᠠᠪᠰᠤᠷᠤᠨ ᠲᠡᠳᠬᠦᠬᠦ ᠪᠤᠳᠠᠳᠠᠢ ᠠᠷᠭ᠎ᠠ ᠭᠡᠮᠵᠢᠶ᠎ᠠ ᠲᠤᠷᠠᠳᠤᠭᠰᠠᠨ ᠪᠠᠶᠢᠨ᠎ᠠ᠃    ᠮᠢᠨ ᠵᠢᠶᠧ ᠴᠢᠬᠤᠯᠠᠴᠢᠯᠠᠭᠰᠠᠨ ᠨᠢ᠂ ᠭᠠᠴᠠᠭ᠎ᠠ ᠶᠢᠨ ᠬᠤᠶᠠᠷ ᠵᠦᠪᠯᠡᠯ᠂ ᠲᠤᠰᠬᠤᠨ ᠳᠤ ᠰᠠᠭᠤᠭ᠎ᠠ ᠠᠵᠢᠯᠯᠠᠬᠤ ᠲᠤᠭᠤᠶᠢᠯᠠᠩ ᠤᠨ ᠬᠠᠷᠢᠭᠤᠴᠠᠯᠭᠠᠳᠤ ᠤᠬᠠᠮᠰᠠᠷ ᠢ ᠴᠢᠩᠭᠠᠳᠬᠠᠵᠦ᠂ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠡᠯ᠎ᠠ ᠵᠦᠢᠯ ᠤᠨ ᠠᠵᠢᠯ ᠢ ᠡᠮᠬᠢ ᠴᠡᠭᠴᠨ ᠲᠠᠢ ᠠᠬᠢᠭᠤᠯᠵᠦ᠂ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠤᠰᠤᠭᠠᠷ ᠲᠠᠩᠰᠠ ᠡᠪᠭᠡᠮᠡᠯ ᠢ ᠡᠮᠬᠢᠳᠭᠡᠵᠦ᠂ ᠱᠠᠯᠠᠪᠳᠠᠭᠤᠯᠤᠨ ᠬᠢᠯᠭᠡᠬᠦ  ᠭᠡᠷᠡᠭ ᠤᠴᠠᠷ ᠢ ᠴᠡᠭᠴᠡᠯᠡᠨ ᠦᠭᠡᠷᠡᠴᠢᠯᠡᠬᠦ ᠶᠢ ᠨᠠᠶᠢᠳᠠᠪᠦᠷᠢᠵᠢᠭᠤᠯᠤᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠠᠵᠢᠯ ᠤᠨ ᠤᠷᠤᠭᠰᠢᠳᠠᠢ ᠦᠷᠨᠢᠭᠳᠡᠬᠦ ᠶᠢ ᠯᠠᠪᠳᠠᠢ ᠪᠠᠳᠤᠯᠬᠠᠤ ᠭᠡᠷᠡᠭᠳᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号