ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠡᠸ᠋ᠨᠩᠬᠢ ᠬᠤᠰᠢᠭᠤᠨ ᠤ ᠵᠠᠰᠠᠭ ᠤᠨ ᠣᠷᠳᠣᠨ ᠰᠢᠰᠲ᠋ᠧᠮ ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠤᠨ ᠬᠡᠷᠡᠭᠵᠢᠬᠦᠯᠦᠯᠲᠡ ᠶᠢᠨ ᠨᠠᠷᠢᠨ ᠳᠦᠷᠢᠮ︾ ᠪᠠ ︽ᠡᠸ᠋ᠨᠩᠬᠢ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠰᠢᠯᠭᠠᠨ ᠲᠣᠭᠲᠠᠭᠠᠬᠤ ᠠᠷᠭ᠎ᠠ︾ ᠶᠢ ᠳᠠᠷᠣᠮᠠᠯᠯᠠᠨ ᠲᠠᠷᠬᠠᠭᠠᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2018/9/11
ᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠲᠤ᠄      ᠬᠤᠰᠢᠭᠤᠨ ᠤ ᠵᠠᠰᠠᠭ ᠤᠨ ᠣᠷᠳᠣᠨ ᠤ ᠵᠦᠪᠰᠢᠶᠡᠷᠡᠯ ᠢᠶᠠᠷ᠂ ᠡᠳᠦᠭᠡ ︽ ᠡᠸ᠋ᠨᠩᠬᠢ ᠬᠤᠰᠢᠭᠤᠨ ᠤ ᠵᠠᠰᠠᠭ  ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠤᠨ ᠬᠡᠷᠡᠭᠵᠢᠬᠦᠯᠦᠯᠲᠡ ᠶᠢᠨ ᠨᠠᠷᠢᠨ ᠳᠦᠷᠢᠮ︾ ᠪᠠ ︽ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠣᠳᠠᠯ  ᠤᠨ ᠮᠡᠳᠡᠭᠡ ᠵᠠᠩᠬᠢ ᠶᠢ ᠰᠢᠯᠭᠠᠨ ᠲᠣᠭᠲᠠᠭᠠᠬᠤ ᠠᠷᠭ᠎ᠠ︾ ᠶᠢ ᠲᠠᠨᠠᠷ ᠲᠤ ᠳᠠᠷᠣᠮᠠᠯᠯᠠᠨ ᠲᠠᠷᠬᠠᠭᠠᠯ᠎ᠠ᠂ ᠪᠣᠳᠠᠳᠠᠢ ᠲᠠᠢ  ᠪᠠᠨ ᠣᠶᠠᠯᠳᠣᠭᠤᠯᠣᠨ᠂ ᠨᠢᠮᠪᠠᠢ ᠵᠣᠬᠢᠶᠠᠨ ᠪᠠᠶᠢᠭᠤᠯᠣᠨ ᠬᠡᠷᠡᠭᠵᠢᠬᠦᠯᠳᠦᠭᠡᠢ᠃      ᠡᠬᠦᠨ ᠤ ᠲᠣᠯᠠ ᠮᠡᠳᠡᠭᠳᠡᠪᠡ                                                                                                                                                   2018 ᠣᠨ ᠤ 7 ᠰᠠᠷ᠎ᠠ ᠶᠢᠨ 18 ᠤ ᠡᠳᠦᠷ     ︵ ᠰᠠᠨᠠᠭᠠᠴᠢᠯᠠᠭ᠎ᠠ ᠲᠠᠢ ᠢᠯᠡ ᠪᠣᠯᠭᠠᠬᠤ︶         ᠡᠸ᠋ᠨᠩᠬᠢ  ᠬᠤᠰᠢᠭᠤᠨ   ᠤ  ᠵᠠᠰᠠᠭ   ᠤᠨ  ᠣᠷᠳᠣᠨ   ᠤ  ᠰᠢᠰᠲ᠋ᠧᠮ   ᠤᠨ  ᠵᠠᠰᠠᠭ   ᠤᠨ          ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠤᠨ ᠬᠡᠷᠡᠭᠵᠢᠬᠦᠯᠦᠯᠲᠡ ᠶᠢᠨ ᠨᠠᠷᠢᠨ ᠳᠦᠷᠢᠮ      ᠨᠢᠬᠡᠳᠦᠭᠡᠷ ᠪᠦᠯᠦᠭ      ᠶᠡᠷᠥᠩᠬᠡᠢ ᠳᠦᠷᠢᠮ      ᠨᠢᠬᠡ᠂ ᠰᠢᠨ᠎ᠡ ᠴᠠᠭ ᠦᠶ᠎ᠡ ᠰᠢᠨ᠎ᠡ ᠱᠠᠭᠠᠷᠳᠠᠯᠭ᠎ᠠ ᠳᠤ ᠵᠣᠬᠢᠴᠠᠭᠤᠯᠵᠣ᠂ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠢ ᠠᠯᠬᠤᠮ ᠴᠢᠨᠠᠭᠰᠢᠲᠠ ᠴᠢᠩᠭᠠᠳᠬᠠᠵᠣ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠶᠠᠰᠣ ᠴᠢᠨᠠᠷ ᠢ ᠳᠡᠭᠡᠭᠰᠢᠯᠡᠬᠦᠯᠵᠦ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠢ ᠠᠭᠠᠵᠢᠮ ᠢᠶᠠᠷ ᠵᠢᠷᠣᠮᠵᠢᠭᠤᠯᠣᠨ ᠳᠦᠷᠢᠮᠵᠢᠬᠦᠯᠬᠦ ᠶᠢ ᠪᠡᠶᠡᠯᠡᠬᠦᠯᠬᠦ ᠶᠢᠨ ᠲᠦᠯᠦᠭᠡ᠂ ᠲᠣᠰ ᠬᠡᠷᠡᠭᠵᠢᠬᠦᠯᠦᠯᠲᠡ ᠶᠢᠨ ᠨᠠᠷᠢᠨ ᠳᠦᠷᠢᠮ ᠢ ᠲᠣᠭᠲᠠᠭᠠᠪᠠ᠃     ᠬᠤᠶᠠᠷ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠪᠣᠯ ᠡᠯ᠎ᠡ ᠱᠠᠲᠣᠨ ᠤ ᠵᠠᠰᠠᠭ ᠤᠨ ᠣᠷᠳᠣᠨ ᠪᠠ ᠡᠯ᠎ᠡ ᠰᠠᠯᠠᠭ᠎ᠠ ᠮᠦᠴᠢᠷ ᠤᠨ ᠠᠯᠪᠠᠨ ᠬᠡᠷ ᠤᠨ ᠨᠢᠬᠡ ᠵᠦᠢᠯ ᠤᠨ ᠴᠢᠬᠤᠯᠠ ᠠᠵᠢᠯ ᠮᠦᠨ᠃ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠤᠨ ᠭᠤᠣᠯ ᠡᠬᠦᠷᠭᠡ ᠪᠣᠯ᠄ ᠵᠠᠰᠠᠭ ᠤᠨ ᠣᠷᠳᠣᠨ ᠤ ᠠᠵᠢᠯ ᠵᠢᠴᠢ ᠠᠵᠣ ᠠᠬᠤᠢ ᠨᠡᠶᠢᠬᠡᠮ ᠤᠨ ᠬᠦᠭᠵᠢᠯᠲᠡ ᠶᠢᠨ ᠴᠢᠬᠤᠯᠠ ᠪᠠᠶᠢᠳᠠᠯ ᠢ ᠲᠣᠰᠬᠠᠬᠤ᠂ ᠵᠠᠰᠠᠭ ᠤᠨ ᠣᠷᠳᠣᠨ ᠤ ᠡᠬᠦᠷᠭᠡ ᠴᠢᠳᠠᠪᠬᠢ ᠪᠠᠨ ᠪᠦᠬᠦ ᠲᠠᠯ᠎ᠠ ᠪᠠᠷ ᠬᠦᠢᠴᠡᠳᠬᠡᠬᠦ᠂ ᠰᠢᠨᠵᠢᠯᠡᠬᠦ ᠣᠬᠠᠭᠠᠨᠴᠢ ᠠᠷᠠᠳᠴᠢᠯᠠᠯ ᠤᠨ ᠰᠢᠢᠳᠪᠦᠷᠢᠲᠦ ᠪᠣᠳᠣᠯᠭ᠎ᠠ ᠶᠢ ᠬᠡᠷᠡᠭᠵᠢᠬᠦᠯᠬᠦ᠂ ᠬᠠᠣᠯᠢ ᠶᠣᠰᠣᠭᠠᠷ ᠵᠠᠰᠠᠭ ᠶᠠᠪᠣᠭᠤᠯᠬᠤ ᠶᠢ ᠠᠬᠢᠭᠤᠯᠬᠤ᠂ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢ ᠴᠢᠩᠭᠠᠳᠬᠠᠬᠤ᠂ ᠬᠠᠣᠯᠢ ᠳᠦᠷᠢᠮᠲᠦ ᠵᠠᠰᠠᠭ ᠤᠨ ᠣᠷᠳᠣᠨ ᠢ ᠪᠠᠶᠢᠭᠤᠯᠬᠤ᠂ ᠣᠳᠣᠷᠢᠳᠣᠯᠭ᠎ᠠ ᠶᠢᠨ ᠰᠢᠨᠵᠢᠯᠡᠬᠦ ᠣᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠪᠦᠬᠦ ᠲᠠᠯ᠎ᠠ ᠶᠢᠨ᠂ ᠴᠠᠭ ᠲᠣᠬᠠᠢ ᠳᠤᠨᠢ᠂ ᠵᠦᠪ ᠣᠨᠣᠪᠴᠢᠲᠠᠢ᠂ ᠵᠢᠷᠣᠮᠵᠢᠭᠰᠠᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠦᠢᠯᠡᠴᠢᠯᠡᠭᠡ ᠬᠠᠩᠭᠠᠬᠤ ᠶᠠᠪᠣᠳᠠᠯ ᠪᠣᠯᠣᠨ᠎ᠠ᠃     ᠭᠤᠷᠪᠠ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠳᠤ ᠮᠠᠷᠺᠰ ᠯᠧᠨᠢᠨ ᠤ ᠦᠵᠡᠯ᠂ ᠮᠠᠣ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠣᠬᠠᠭᠠᠨᠴᠢ ᠬᠦᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ ᠂ ᠨᠠᠮ ᠤᠨ ᠱᠤᠭᠤᠮ᠂ ᠴᠢᠭᠯᠡᠯᠲᠡ ᠪᠠ ᠲᠦᠷᠦ ᠶᠢᠨ ᠪᠣᠳᠣᠯᠭ᠎ᠠ ᠶᠢ ᠲᠣᠣᠱᠯᠠᠭᠤᠯᠵᠣ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠬᠤ᠂ ᠦᠨᠡᠨ ᠠᠴᠠ ᠵᠦᠪ ᠢ ᠡᠷᠢᠬᠦ ᠶᠢ ᠪᠠᠷᠢᠮᠲᠠᠯᠠᠬᠤ᠂ ᠴᠠᠭ ᠲᠣᠬᠠᠢ ᠳᠠᠭᠠᠨ ᠦᠨᠳᠦᠷ ᠦᠷ᠎ᠡ ᠠᠰᠢᠭ ᠣᠯᠬᠤ ᠶᠢ ᠪᠠᠷᠢᠮᠲᠠᠯᠠᠬᠤ᠂ ᠪᠦᠬᠦ ᠲᠠᠯ᠎ᠠ ᠪᠠᠷ ᠵᠦᠪ ᠣᠨᠣᠪᠴᠢᠲᠠᠢ ᠪᠠᠶᠢᠬᠤ ᠶᠢ ᠪᠠᠷᠢᠮᠲᠠᠯᠠᠬᠤ᠂ ᠨᠡᠬᠡᠬᠡᠨ ᠣᠷᠣᠭᠰᠢᠯᠠᠵᠣ ᠰᠢᠨ᠎ᠡ ᠶᠢ ᠡᠬᠦᠳᠬᠦ ᠶᠢ ᠪᠠᠷᠢᠮᠲᠠᠯᠠᠬᠤ᠂ ᠨᠢᠬᠡᠳᠦᠯᠳᠡᠢ ᠲᠦᠯᠦᠪᠯᠡᠨ ᠵᠣᠬᠢᠴᠠᠭᠤᠯᠬᠤ ᠶᠢ ᠪᠠᠷᠢᠮᠲᠠᠯᠠᠨ᠎ᠠ᠃     ᠲᠦᠷᠪᠡ᠂ ᠡᠯ᠎ᠡ ᠱᠠᠲᠣᠨ ᠤ ᠵᠠᠰᠠᠭ ᠤᠨ ᠣᠷᠳᠣᠨ ᠪᠠ ᠰᠠᠯᠠᠭ᠎ᠠ ᠮᠦᠴᠢᠷ ᠤᠳ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠤᠨ ᠣᠳᠣᠷᠢᠳᠣᠯᠭ᠎ᠠ ᠪᠠᠨ ᠴᠢᠩᠭᠠᠳᠬᠠᠵᠣ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ  ᠶᠢᠨ ᠰᠦᠯᠵᠢᠶᠡᠨ ᠤ ᠰᠢᠰᠲ᠋ᠧᠮ ᠢ ᠪᠠᠶᠢᠭᠤᠯᠣᠨ ᠪᠦᠷᠢᠨᠰᠢᠬᠦᠯᠵᠦ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠮᠡᠳᠡᠬᠦᠯᠦᠨ ᠬᠦᠷᠭᠡᠬᠦ ᠲᠣᠭᠲᠠᠴᠠ ᠶᠢ ᠲᠡᠬᠦᠯᠳᠡᠷᠵᠢᠬᠦᠯᠵᠦ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠬᠦᠷᠭᠡᠬᠦ ᠠᠷᠭ᠎ᠠ ᠵᠠᠮ ᠤᠨ ᠲᠦᠷᠭᠡᠨ ᠰᠠᠭᠠᠳ ᠦᠭᠡᠢ ᠪᠠᠶᠢᠬᠤ ᠶᠢ ᠪᠠᠳᠣᠯᠠᠵᠣ᠂ ᠰᠣᠳᠣᠯᠣᠨ ᠮᠠᠭᠠᠳᠯᠠᠵᠣ ᠡᠮᠬᠢᠯᠡᠬᠦ ᠪᠠᠨ ᠴᠢᠩᠭᠠᠳᠬᠠᠵᠣ᠂ ᠠᠵᠢᠯᠯᠠᠭᠠᠨ ᠨᠢ ᠦᠨᠳᠦᠷ ᠦᠷ᠎ᠡ ᠠᠰᠢᠭ ᠲᠠᠢ ᠪᠠᠶᠢᠬᠤ ᠶᠢ ᠪᠠᠳᠣᠯᠠᠬᠤ ᠬᠡᠷᠡᠭᠲᠡᠢ᠃      ᠬᠤᠶᠠᠳᠣᠭᠠᠷ ᠪᠦᠯᠦᠭ      ᠪᠠᠶᠢᠭᠤᠯᠣᠮᠵᠢ ᠬᠢᠬᠡᠳ ᠠᠵᠢᠯᠳᠠᠨ     ᠲᠠᠪᠤ᠂ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠪᠠ ᠪᠣᠰᠣᠳ ᠠᠵᠣ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ ᠨᠢᠬᠡᠴᠡ ᠶᠢᠨ ᠳᠡᠭᠡᠭᠰᠢ ᠮᠡᠳᠡᠬᠦᠯᠦᠭᠰᠡᠨ ᠵᠠᠰᠠᠭ ᠤᠨ ᠶᠠᠪᠣᠳᠠᠯ ᠤᠨ ᠡᠯ᠎ᠡ ᠲᠦᠷᠦᠯ ᠤᠨ ᠮᠡᠳᠡᠭᠡ ᠵᠠᠩᠬᠢ ᠶᠢ ᠬᠤᠷᠢᠶᠠᠩᠭᠤᠶᠢᠯᠠᠨ ᠡᠮᠬᠢᠳᠬᠡᠵᠦ ᠰᠢᠢᠳᠪᠦᠷᠢᠯᠡᠬᠦ ᠠᠵᠢᠯ ᠢ ᠬᠠᠷᠢᠭᠤᠴᠠᠬᠤ ᠶᠢᠨ ᠬᠠᠮᠳᠣ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠢ ᠵᠢᠯᠣᠭᠤᠳᠣᠨ᠎ᠠ᠃    ᠵᠢᠷᠭᠤᠭ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠬᠠᠷᠢᠭᠤᠴᠠᠬᠤ ᠪᠠᠶᠢᠭᠤᠯᠣᠮᠵᠢ ᠶᠢᠨ ᠠᠵᠢᠯ ᠤᠨ ᠭᠤᠣᠯ ᠡᠬᠦᠷᠭᠡ ᠬᠠᠷᠢᠭᠤᠴᠠᠯᠭ᠎ᠠ ᠪᠣᠯ᠄    ︵ ᠨᠢᠬᠡ︶ ᠲᠣᠰ ᠭᠠᠵᠠᠷ ᠣᠷᠣᠨ᠂ ᠲᠣᠰ ᠰᠢᠰᠲ᠋ᠧᠮ ᠢ ᠨᠡᠶᠢᠳᠡᠮ ᠪᠦᠷᠬᠦᠬᠦᠯᠦᠭᠰᠡᠨ᠂ ᠪᠠᠶᠢᠷᠢᠯᠠᠭᠤᠯᠣᠯᠲᠠ ᠨᠢ ᠵᠣᠬᠢᠰᠲᠠᠢ᠂ ᠳᠣᠰᠬᠠᠯ ᠢᠶᠠᠷ ᠲᠦᠷᠬᠡᠨ᠂ ᠠᠵᠢᠯᠯᠠᠭᠠᠨ ᠨᠢ ᠦᠨᠳᠦᠷ ᠦᠷ᠎ᠡ ᠠᠰᠢᠭ ᠲᠠᠢ ᠮᠡᠳᠡᠭᠡ ᠵᠠᠩᠬᠢ ᠴᠣᠭᠯᠠᠭᠤᠯᠬᠤ ᠲᠣᠣᠷ ᠰᠦᠯᠵᠢᠶ᠎ᠡ ᠶᠢ ᠪᠠᠶᠢᠭᠤᠯᠣᠨ ᠲᠡᠭᠦᠯᠳᠡᠷᠵᠢᠬᠦᠯᠦᠨ᠎ᠡ᠃     ︵ ᠬᠤᠶᠠᠷ︶ ᠲᠣᠰ ᠭᠠᠵᠠᠷ ᠣᠷᠣᠨ᠂ ᠲᠣᠰ ᠰᠠᠯᠠᠭ᠎ᠠ ᠮᠦᠴᠢᠷ ᠤᠨ ᠠᠵᠢᠯ ᠤᠨ ᠪᠠᠶᠢᠷᠢᠯᠠᠭᠤᠯᠣᠯᠲᠠ ᠪᠠᠨ ᠦᠨᠳᠦᠰᠦᠯᠡᠵᠦ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠤᠨ ᠲᠦᠯᠦᠪᠯᠡᠭᠡ ᠶᠢ ᠰᠣᠳᠣᠯᠣᠨ ᠲᠣᠭᠲᠠᠭᠠᠬᠤ ᠶᠢᠨ ᠳᠠᠭᠠᠣ ᠵᠣᠬᠢᠶᠠᠨ ᠪᠠᠶᠢᠭᠤᠯᠣᠨ ᠬᠡᠷᠡᠭᠵᠢᠬᠦᠯᠦᠨ᠎ᠡ᠃     ︵ ᠭᠤᠷᠪᠠ︶ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠴᠣᠭᠯᠠᠭᠤᠯᠬᠤ᠂ ᠪᠠᠶᠢᠴᠠᠭᠠᠨ ᠰᠣᠳᠣᠯᠬᠤ᠂ ᠮᠠᠭᠠᠳᠯᠠᠨ ᠲᠣᠭᠲᠠᠭᠠᠬᠤ᠂ ᠨᠠᠶᠢᠷᠠᠭᠤᠯᠬᠤ᠂ ᠮᠡᠳᠡᠬᠦᠯᠦᠨ ᠬᠦᠷᠭᠡᠬᠦ ᠵᠡᠷᠭᠡ ᠡᠳᠦᠷ ᠳᠣᠳᠣᠮ ᠤᠨ ᠠᠵᠢᠯ ᠢ ᠰᠠᠶᠢᠳᠣᠷ ᠬᠢᠵᠦ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠲᠣᠬᠠᠢ ᠰᠣᠨᠢᠨ ᠰᠡᠳᠬᠦᠯ ᠢ ᠰᠠᠶᠢᠳᠣᠷ ᠡᠷᠬᠢᠯᠡᠬᠦ ᠬᠡᠷᠡᠭᠲᠡᠢ᠃     ︵ ᠳᠦᠷᠪᠡ︶ ᠵᠠᠰᠠᠭ ᠤᠨ ᠣᠷᠳᠣᠨ ᠤ ᠭᠤᠣᠯ ᠠᠵᠢᠯ ᠪᠠ ᠣᠳᠣᠷᠢᠳᠣᠯᠭ᠎ᠠ ᠶᠢᠨ ᠬᠠᠯᠠᠮᠵᠢᠯᠠᠵᠣ ᠪᠠᠶᠢᠬᠤ ᠠᠰᠠᠭᠤᠳᠠᠯ ᠲᠠᠢ ᠣᠶᠠᠯᠳᠣᠭᠤᠯᠣᠨ᠂ ᠮᠡᠳᠡᠭᠡ ᠵᠠᠩᠬᠢ ᠪᠠᠶᠢᠴᠠᠭᠠᠨ ᠰᠣᠳᠣᠯᠬᠤ ᠠᠵᠢᠯ ᠢ ᠰᠠᠶᠢᠳᠣᠷ ᠦᠷᠨᠢᠬᠦᠯᠬᠦ ᠬᠡᠷᠡᠭᠲᠡᠢ᠃     ︵ ᠲᠠᠪᠤ︶ ᠳᠡᠭᠡᠳᠦ ᠱᠠᠲᠣᠨ ᠤ ᠣᠳᠣᠷᠢᠳᠬᠤ ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠳᠡᠭᠡᠭᠰᠢ ᠮᠡᠳᠡᠬᠦᠯᠬᠦ ᠠᠵᠢᠯ ᠢ ᠢᠳᠡᠪᠬᠢᠲᠡᠢ ᠰᠠᠶᠢᠳᠣᠷ ᠬᠢᠵᠦ᠂ ᠳᠡᠭᠡᠳᠦ ᠱᠠᠲᠣᠨ ᠤ ᠣᠳᠣᠷᠢᠳᠬᠤ ᠪᠠᠶᠢᠭᠤᠯᠭ᠎ᠠ ᠪᠠ ᠲᠣᠰ ᠭᠠᠵᠠᠷ ᠣᠷᠣᠨ᠂ ᠲᠣᠰ ᠰᠠᠯᠠᠭ᠎ᠠ ᠮᠦᠴᠢᠷ ᠤᠨ ᠣᠳᠣᠷᠢᠳᠣᠯᠭ᠎ᠠ ᠶᠢᠨ ᠲᠣᠰᠢᠶᠠᠨ ᠬᠦᠢᠴᠡᠳᠬᠡᠯᠬᠡᠭᠰᠡᠨ ᠬᠠᠮᠢᠶ᠎ᠠ ᠪᠦᠬᠦᠢ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠪᠠ ᠰᠣᠳᠣᠯᠬᠤ ᠠᠵᠢᠯ  ᠤᠨ ᠡᠬᠦᠷᠭᠡ ᠶᠢ ᠪᠡᠶᠡᠯᠡᠬᠦᠯᠬᠦ ᠬᠡᠷᠡᠭᠲᠡᠢ᠃     ︵ ᠵᠢᠷᠭᠤᠭ᠎ᠠ︶ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠤᠨ ᠲᠣᠷᠰᠢᠯᠭ᠎ᠠ ᠪᠠᠨ ᠰᠣᠯᠢᠯᠴᠠᠵᠣ᠂ ᠲᠣᠰ ᠭᠠᠵᠠᠷ ᠣᠷᠣᠨ᠂ ᠲᠣᠰ ᠰᠠᠯᠠᠭ᠎ᠠ ᠮᠦᠴᠢᠷ ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯᠳᠠᠨ ᠢ ᠪᠣᠯᠪᠠᠰᠣᠷᠠᠭᠤᠯᠬᠤ᠂ ᠡᠬᠡᠯᠵᠢᠯᠡᠨ ᠪᠣᠯᠪᠠᠰᠣᠷᠠᠭᠤᠯᠬᠤ ᠶᠢ ᠵᠣᠬᠢᠶᠠᠨ ᠪᠠᠶᠢᠭᠤᠯᠵᠣ᠂ ᠳᠣᠣᠷᠠᠳᠣ ᠱᠠᠲᠣᠨ ᠤ ᠪᠠᠶᠢᠭᠤᠯᠭ᠎ᠠ ᠨᠢᠬᠡᠴᠡ ᠵᠢᠴᠢ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠰᠢᠭᠤᠳ ᠮᠡᠳᠡᠬᠦᠯᠬᠦ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠢ ᠵᠢᠯᠣᠭᠤᠳᠴᠣ ᠱᠠᠭᠠᠷᠳᠠᠨ ᠬᠢᠯᠬᠡᠨ᠎ᠡ᠃    ᠳᠣᠯᠤᠭ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠮᠡᠳᠡᠭᠡ ᠵᠠᠩᠬᠢ ᠶᠢᠨ ᠠᠵᠢᠯ ᠢ ᠲᠣᠰᠬᠠᠢ ᠬᠠᠷᠢᠭᠤᠴᠠᠬᠤ ᠪᠣᠶᠣ ᠬᠠᠪᠰᠣᠷᠭᠠᠨ ᠬᠠᠷᠢᠭᠤᠴᠠᠬᠤ ᠠᠵᠢᠯᠳᠠᠨ ᠢ ᠲᠣᠬᠢᠷᠠᠭᠤᠯᠵᠣ᠂ ᠬᠡᠪ   ᠤᠨ ᠠᠵᠢᠯᠯᠠᠭᠠᠨ ᠢ ᠪᠠᠳᠣᠯᠠᠬᠤ ᠬᠡᠷᠡᠭᠲᠡᠢ᠃ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢᠬᠤᠴᠠ ᠶᠢ ᠬᠠᠮᠠᠭᠠᠯᠠᠬᠤ ᠣᠷᠢᠳᠠᠯ ᠳᠣᠣᠷ᠎ᠠ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠮᠡᠳᠡᠬᠦᠯᠦᠨ ᠬᠦᠷᠭᠡᠬᠦ ᠠᠷᠭ᠎ᠠ ᠵᠠᠮ ᠢ ᠨᠡᠪᠳᠡᠷᠭᠡᠢ ᠪᠠᠶᠢᠯᠭᠠᠬᠤ ᠶᠢ ᠪᠠᠳᠣᠯᠠᠬᠤ ᠬᠡᠷᠡᠭᠲᠡᠢ᠃      ᠨᠠᠢᠮᠠ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯᠳᠠᠨ ᠨᠢ ᠳᠣᠣᠷᠠᠬᠢ ᠮᠡᠳᠦ ᠦᠨᠳᠦᠰᠦᠲᠡᠨ ᠨᠦᠬᠦᠴᠡᠯ ᠢ ᠪᠦᠷᠢᠯᠳᠦᠬᠦᠯᠬᠦ ᠬᠡᠷᠡᠭᠲᠡᠢ᠄     ︵ ᠨᠢᠬᠡ︶ ᠮᠠᠷᠺᠠᠰ ᠯᠧᠨᠢᠨ ᠤ ᠦᠵᠡᠯ᠂ ᠮᠠᠣ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠣᠬᠠᠭᠠᠨᠴᠢ ᠬᠦᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ  ᠤᠨ ᠦᠵᠡᠯ ᠰᠠᠨᠠᠭ᠎ᠠ ᠶᠢ ᠴᠢᠷᠮᠠᠶᠢᠨ ᠰᠣᠷᠣᠯᠴᠠᠵᠣ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠢ ᠬᠦᠨᠳᠦᠳᠬᠡᠵᠦ᠂ ᠠᠵᠢᠯ ᠦᠢᠯᠡᠰᠴᠢ ᠰᠡᠳᠬᠢᠯᠭᠡ ᠪᠠ ᠬᠠᠷᠢᠭᠤᠴᠠᠯᠭᠠᠳᠣ ᠰᠡᠳᠬᠢᠯᠬᠡ ᠲᠠᠢ ᠪᠠᠶᠢᠵᠣ᠂ ᠠᠵᠢᠯ ᠤᠨ ᠰᠣᠷᠳᠠᠯ ᠲᠦᠪ᠂ ᠳᠣᠷᠠᠳᠠᠶᠢᠶ᠎ᠠ ᠬᠤᠪᠢ ᠨᠡᠮᠡᠷᠢ ᠦᠵᠡᠬᠦᠯᠬᠦ ᠣᠷᠬᠢᠯᠣᠮ᠎ᠠ ᠬᠠᠯᠠᠭᠤᠨ ᠰᠡᠳᠬᠢᠯᠬᠡ ᠲᠠᠢ ᠪᠠᠶᠢᠬᠤ ᠬᠡᠷᠡᠭᠲᠡᠢ᠃    ︵ ᠬᠤᠶᠠᠷ︶ ᠣᠯᠣᠰ ᠲᠦᠷᠦ ᠶᠢᠨ ᠵᠣᠬᠰᠣᠯᠲᠠ ᠪᠠᠳᠣ ᠴᠢᠩᠭ᠎ᠠ᠂ ᠵᠠᠰᠠᠭ ᠤᠨ ᠣᠷᠳᠣᠨ ᠵᠢᠴᠢ ᠰᠠᠯᠠᠭ᠎ᠠ ᠮᠦᠴᠢᠷ ᠤᠨ ᠭᠤᠣᠯ ᠪᠣᠯᠬᠤ ᠲᠣᠬᠠᠶᠢᠯᠠᠭᠰᠠᠨ ᠠᠵᠢᠯ ᠢ ᠰᠠᠶᠢᠳᠣᠷ ᠣᠶᠢᠯᠠᠭᠠᠭᠰᠠᠨ ᠪᠠᠶᠢᠬᠤ ᠬᠡᠷᠡᠭᠲᠡᠢ᠃     ︵ ᠭᠤᠷᠪᠠ︶ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠤᠨ ᠦᠨᠳᠦᠰᠦᠨ ᠮᠡᠳᠡᠯᠬᠡ ᠪᠠ ᠠᠵᠢᠯ  ᠤᠨ ᠣᠷ᠎ᠠ ᠮᠡᠷᠭᠡᠵᠢᠯ ᠢ ᠰᠠᠶᠢᠳᠣᠷ ᠡᠵᠡᠮᠰᠢᠵᠣ᠂ ᠨᠡᠯᠢᠶᠡᠳ ᠰᠠᠶᠢᠨ ᠶᠡᠷᠦᠩᠬᠡᠶᠢᠯᠡᠨ ᠵᠠᠳᠠᠯᠣᠨ ᠰᠣᠳᠣᠯᠬᠤ ᠴᠢᠳᠠᠪᠣᠷᠢ᠂ ᠦᠬᠡ ᠦᠰᠦᠭ ᠢᠶᠠᠷ ᠢᠯᠡᠳᠬᠡᠬᠦ ᠴᠢᠳᠠᠪᠣᠷᠢ ᠪᠠ ᠵᠣᠬᠢᠶᠠᠨ ᠪᠠᠶᠢᠭᠤᠯᠣᠨ ᠵᠣᠬᠢᠴᠠᠭᠤᠯᠬᠤ ᠴᠢᠳᠠᠪᠣᠷᠢ ᠲᠠᠢ᠂ ᠺᠣᠮᠫᠢᠦ᠋ᠲ᠋ᠧᠷ ᠢ ᠪᠣᠯᠪᠠᠰᠣᠷᠠᠩᠭᠤᠢ ᠬᠡᠷᠡᠭᠯᠡᠵᠦ ᠴᠢᠳᠠᠬᠤ᠂ ᠢᠨᠲ᠋ᠧᠷ ᠰᠦᠯᠵᠢᠶ᠎ᠡ ᠵᠡᠷᠭᠡ ᠰᠢᠨ᠎ᠡ ᠪᠠᠷ ᠬᠦᠭᠵᠢᠵᠦ ᠪᠠᠶᠢᠭ᠎ᠠ ᠵᠠᠭᠤᠴᠢ ᠶᠢᠨ ᠮᠡᠳᠡᠭᠡ ᠵᠠᠩᠬᠢ ᠶᠢ ᠢᠳᠡᠪᠬᠢᠲᠡᠢ ᠠᠷᠭᠠᠴᠠᠨ ᠰᠢᠢᠳᠪᠦᠷᠢᠯᠡᠵᠦ ᠴᠢᠳᠠᠬᠤ ᠴᠢᠳᠠᠪᠣᠷᠢ ᠲᠠᠢ ᠪᠠᠶᠢᠬᠤ ᠬᠡᠷᠡᠭᠲᠡᠢ᠃      ︵ ᠳᠦᠷᠪᠡ︶ ᠦᠨᠡᠨ ᠠᠴᠠ ᠵᠦᠪ ᠢ ᠡᠷᠢᠬᠦ ᠶᠢ ᠪᠠᠷᠢᠮᠲᠠᠯᠠᠵᠣ᠂ ᠪᠠᠶᠢᠳᠠᠯ ᠢ ᠦᠨᠡᠨ ᠮᠦᠨ ᠢᠶᠠᠷ ᠳᠣᠰᠬᠠᠬᠤ      ︵ ᠲᠠᠪᠤ︶ ᠣᠯᠣᠰ ᠤᠨ ᠨᠢᠭᠤᠴᠠ ᠶᠢ ᠬᠠᠮᠠᠭᠠᠯᠠᠬᠤ ᠬᠠᠣᠯᠢ ᠴᠠᠭᠠᠵᠠ᠂ ᠬᠠᠣᠯᠢ ᠳᠦᠷᠢᠮ ᠪᠠ ᠪᠣᠰᠣᠳ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠬᠦᠯᠬᠦ ᠬᠡᠷᠡᠭᠲᠡᠢ᠃      ᠭᠤᠷᠪᠠᠳᠣᠭᠠᠷ ᠪᠦᠯᠦᠭ      ᠠᠵᠢᠯ ᠤᠨ ᠡᠬᠦᠷᠭᠡ      ᠶᠢᠰᠦ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠳᠤ ᠵᠠᠰᠠᠭ ᠤᠨ ᠣᠷᠳᠣᠨ ᠤ ᠭᠤᠣᠯ ᠠᠵᠢᠯ  ᠤᠨ ᠲᠣᠭᠤᠷᠢᠨ ᠳᠤ᠂ ᠠᠵᠣ ᠠᠬᠤᠢ ᠪᠠ ᠨᠡᠶᠢᠬᠡᠮ ᠤᠨ ᠬᠦᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠪᠣᠰᠣᠳᠴᠢ  ᠪᠠᠷ᠂ ᠴᠠᠭ ᠲᠣᠬᠠᠢ ᠳᠤᠨᠢ ᠵᠦᠪ ᠣᠨᠣᠪᠴᠢᠲᠠᠢ ᠲᠣᠰᠬᠠᠵᠣ᠂ ᠵᠠᠰᠠᠭ ᠤᠨ ᠣᠷᠳᠣᠨ ᠤ ᠪᠦᠬᠦ ᠲᠠᠯ᠎ᠠ ᠪᠠᠷ ᠡᠬᠦᠷᠭᠡ ᠴᠢᠳᠠᠪᠬᠢ ᠪᠠᠨ ᠬᠦᠢᠴᠡᠳᠬᠡᠬᠦ ᠳᠤ ᠦᠢᠯᠡᠴᠢᠯᠡᠭᠡ ᠬᠠᠩᠭᠠᠨ᠎ᠠ᠃     ︵ ᠨᠢᠬᠡ︶ ᠠᠵᠣ ᠠᠬᠤᠢ ᠶᠢᠨ ᠪᠦᠲᠦᠭᠡᠨ ᠪᠠᠶᠢᠭᠤᠯᠣᠯᠲᠠ᠂ ᠣᠯᠣᠰ ᠲᠦᠷᠦ ᠶᠢᠨ ᠪᠠᠶᠢᠭᠤᠯᠣᠯᠲᠠ᠂ ᠰᠣᠶᠣᠯ  ᠤᠨ ᠪᠠᠶᠢᠭᠤᠯᠣᠯᠲᠠ᠂ ᠨᠡᠶᠢᠬᠡᠮ ᠤᠨ ᠪᠦᠲᠦᠭᠡᠨ ᠪᠠᠶᠢᠭᠤᠯᠣᠯᠲᠠ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ  ᠶᠢ ᠲᠦᠯᠬᠢᠨ ᠠᠬᠢᠭᠤᠯᠬᠤ ᠳᠤ ᠣᠯᠣᠭᠰᠠᠨ ᠰᠢᠨ᠎ᠡ ᠦᠷ᠎ᠡ ᠪᠦᠲᠦᠮᠵᠢ ᠰᠢᠨ᠎ᠡ ᠲᠣᠷᠰᠢᠯᠭ᠎ᠠ᠂ ᠲᠣᠯᠭᠠᠷᠠᠵᠣ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠪᠣᠰᠣᠳᠴᠢ ᠪᠠᠷ ᠳᠣᠰᠬᠠᠵᠣ᠂  ᠰᠢᠨ᠎ᠡ ᠰᠡᠳᠬᠢᠴᠡ ᠰᠢᠨ᠎ᠡ ᠰᠠᠨᠠᠭᠤᠯᠭ᠎ᠠ ᠳᠣᠷᠠᠳᠣᠨ᠎ᠠ᠃    ︵ ᠬᠤᠶᠠᠷ︶ ᠠᠵᠣ ᠠᠬᠤᠢ ᠶᠢᠨ ᠠᠵᠢᠯᠯᠠᠭᠠᠨ ᠤ ᠪᠠᠶᠢᠳᠠᠯ ᠢ ᠮᠦᠷᠳᠡᠨ ᠳᠠᠭᠠᠵᠣ᠂ ᠠᠵᠣ ᠠᠬᠤᠢ ᠶᠢᠨ ᠲᠣᠬᠢᠷᠠᠭᠤᠯᠣᠯᠲᠠ ᠶᠢᠨ ᠶᠠᠪᠣᠴᠠ ᠳᠤ ᠲᠣᠬᠢᠶᠠᠯᠳᠣᠭᠰᠠᠨ ᠵᠦᠷᠢᠴᠡᠯ ᠪᠠ ᠠᠰᠠᠭᠤᠳᠠᠯ ᠢ ᠳᠣᠰᠬᠠᠨ᠎ᠠ᠃     ︵ ᠭᠤᠷᠪᠠ︶ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢᠨ ᠪᠠᠶᠢᠭᠤᠯᠣᠯᠲᠠ ᠪᠠ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠵᠢᠷᠣᠮᠵᠢᠭᠤᠯᠣᠭᠰᠠᠠ ᠪᠠᠶᠢᠳᠠᠯ ᠢ ᠠᠩᠬᠠᠷᠣᠨ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠶᠠᠪᠣᠴᠠ  ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠳᠣᠰᠬᠠᠨ᠎ᠠ᠃     ︵ ᠳᠦᠷᠪᠡ︶ ᠨᠡᠶᠢᠬᠡᠮ ᠤᠨ ᠬᠠᠮᠢᠶᠠᠷᠣᠯᠲᠠ ᠶᠢᠨ ᠠᠵᠢᠯ ᠤᠨ ᠲᠣᠭᠤᠷᠢᠨ ᠳᠤ᠂ ᠡᠶ᠎ᠡ ᠵᠣᠬᠢᠴᠠᠩᠭᠤᠢ ᠨᠡᠶᠢᠬᠡᠮ ᠂ ᠨᠡᠶᠢᠬᠡᠮ ᠤᠨ ᠡᠮᠬᠢ ᠲᠢᠭᠯᠢᠮ᠂ ᠨᠡᠶᠢᠬᠡᠮ ᠤᠨ ᠲᠦᠪ ᠭᠤᠣᠯᠴᠢ ᠪᠠ ᠨᠡᠶᠢᠬᠡᠮ ᠤᠨ ᠲᠣᠭᠲᠠᠭᠤᠨ ᠢ ᠨᠦᠯᠦᠬᠡᠯᠡᠵᠦ ᠮᠡᠳᠡᠬᠦ ᠪᠠᠶᠢᠳᠠᠯ ᠪᠠ ᠠᠰᠠᠭᠤᠳᠠᠯ ᠢ ᠲᠣᠰᠬᠠᠨ᠎ᠠ᠃ ᠢᠨᠲ᠋ᠧᠷ ᠰᠦᠯᠵᠢᠶ᠎ᠡ ᠵᠡᠷᠭᠡ ᠰᠢᠨ᠎ᠡ ᠪᠠᠷ ᠬᠦᠭᠵᠢᠵᠦ ᠪᠠᠶᠢᠭ᠎ᠠ ᠵᠠᠭᠤᠴᠢᠯᠠᠭᠤᠷ ᠤᠨ ᠮᠡᠳᠡᠭᠡ ᠵᠠᠩᠬᠢ ᠭᠠᠷᠭᠠᠬᠤ ᠪᠠ ᠳᠠᠮᠵᠢᠭᠤᠯᠬᠤ ᠠᠷᠭ᠎ᠠ ᠬᠡᠯᠪᠡᠷᠢ ᠶᠢᠨ ᠯᠣᠲᠣ ᠶᠡᠭᠡ ᠬᠤᠪᠢᠷᠠᠯᠲᠠ  ᠶᠢ ᠢᠳᠡᠪᠬᠢᠲᠡᠢ ᠠᠷᠭᠠᠴᠠᠵᠣ᠂ ᠲᠣᠣᠷ ᠰᠦᠯᠵᠢᠶᠡᠨ ᠤ ᠶᠠᠷᠢᠶᠠᠨ ᠤ ᠲᠠᠪᠴᠠᠩ᠂ ᠰᠢᠭᠤᠳ ᠳᠠᠮᠵᠢᠭᠤᠯᠬᠤ ᠪᠠᠭᠠᠵᠢ᠂ ᠭᠠᠷ ᠣᠳᠠᠰᠣ ᠶᠢᠨ ᠴᠠᠬᠢᠮ ᠮᠡᠳᠡᠭᠡ ᠵᠢᠴᠢ  ᠳᠠᠭᠤᠨ ᠤ ᠪᠠ ᠬᠠᠷᠠᠭᠠᠨ ᠲᠠᠪᠳᠠᠮᠵᠢ ᠵᠡᠷᠭᠡ ᠪᠠᠷ ᠳᠠᠮᠵᠢᠭᠤᠯᠬᠤ ᠮᠡᠳᠡᠭᠡ ᠵᠠᠩᠬᠢ ᠠᠴᠠ ᠲᠣᠣᠷ ᠰᠦᠯᠵᠢᠶ᠎ᠡ ᠶᠢᠨ ᠬᠡᠶᠢᠰᠪᠦᠷᠢ ᠴᠢᠨᠠᠷᠲᠠᠢ ᠨᠡᠶᠢᠬᠡᠮ ᠤᠨ ᠬᠦᠳᠡᠯᠬᠡᠬᠡᠨ ᠤ ᠬᠦᠳᠡᠯᠦᠰᠢ ᠪᠠᠶᠢᠳᠠᠯ ᠢ ᠠᠩᠬᠠᠷᠴᠣ᠂ ᠣᠳᠣᠬᠢ ᠨᠡᠶᠢᠬᠡᠮ ᠨᠡᠩ ᠢᠯᠠᠩᠭᠤᠶ᠎ᠠ ᠨᠡᠶᠢᠬᠡᠮ ᠤᠨ ᠲᠣᠭᠲᠠᠭᠤᠨ ᠢ ᠨᠦᠯᠦᠬᠡᠯᠡᠬᠦ ᠡᠬᠦᠰᠦᠯ ᠤᠨ ᠴᠢᠨᠠᠷᠲᠠᠢ᠂ ᠬᠡᠯᠪᠡᠶᠢᠬᠦ ᠴᠢᠨᠠᠷᠲᠠᠢ᠂ ᠠᠵᠢᠯᠯᠠᠭᠠᠨ ᠤ ᠴᠢᠨᠠᠷᠲᠠᠢ ᠮᠡᠳᠡᠭᠡ ᠵᠠᠩᠬᠢ ᠶᠢ ᠲᠡᠷᠡ ᠳᠠᠷᠣᠢ ᠳᠤᠨᠢ ᠴᠣᠭᠯᠠᠭᠤᠯᠵᠣ ᠮᠡᠳᠡᠬᠦᠯᠦᠨ ᠬᠦᠷᠭᠡᠬᠦ ᠬᠡᠷᠡᠭᠲᠡᠢ᠃    ︵ ᠲᠠᠪᠤ︶ ᠠᠷᠠᠳ ᠣᠯᠠᠨ ᠤ ᠣᠯᠠᠨ ᠨᠡᠶᠢᠲᠡ ᠶᠢᠨ ᠬᠡᠷᠡᠭᠴᠡᠭᠡ ᠱᠠᠭᠠᠷᠳᠠᠯᠭ᠎ᠠ ᠶᠢ ᠠᠩᠬᠠᠷᠴᠣ᠂ ᠣᠯᠠᠨ ᠨᠡᠶᠢᠲᠡ ᠶᠢᠨ ᠦᠢᠯᠡᠴᠢᠯᠡᠭᠡ ᠪᠠ ᠣᠯᠠᠨ ᠨᠡᠶᠢᠲᠡ ᠶᠢᠨ ᠦᠢᠯᠡᠳᠬᠦᠨ ᠬᠠᠩᠭᠠᠵᠣ ᠪᠠᠶᠢᠬᠤ ᠪᠠᠶᠢᠳᠠᠯ ᠪᠠ ᠣᠷᠣᠰᠢᠵᠣ ᠪᠠᠶᠢᠭ᠎ᠠ ᠠᠰᠠᠭᠤᠳᠠᠯ ᠢ ᠳᠣᠰᠬᠠᠨ᠎ᠠ᠃     ︵ ᠵᠢᠷᠭᠤᠭ᠎ᠠ︶ ᠵᠠᠰᠠᠭ ᠤᠨ ᠣᠷᠳᠣᠨ ᠤ ᠡᠬᠦᠷᠭᠡ ᠴᠢᠳᠠᠪᠬᠢ ᠶᠢ ᠬᠤᠪᠢᠷᠠᠭᠤᠯᠬᠤ ᠲᠣᠭᠤᠷᠢᠨ ᠳᠤ᠂ ᠦᠬᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠤᠨ ᠠᠬᠢᠴᠠ ᠶᠢᠨ ᠪᠠᠶᠢᠳᠠᠯ ᠳᠤ ᠮᠦᠷᠳᠡᠯᠳᠡ ᠬᠢᠵᠦ ᠳᠣᠰᠬᠠᠨ᠎ᠠ᠃     ︵ ᠳᠣᠯᠤᠭ᠎ᠠ︶ ᠡᠬᠢ ᠪᠠᠶᠠᠯᠢᠭ ᠢ ᠠᠷᠪᠢᠯᠠᠬᠤ ᠮᠠᠶ᠋ᠢᠭ ᠤᠨ᠂ ᠣᠷᠴᠢᠨ ᠲᠣᠭᠤᠷᠢᠨ ᠨᠦᠬᠦᠷᠰᠡᠭ ᠮᠠᠶ᠋ᠢᠭ ᠤᠨ ᠨᠡᠶᠢᠬᠡᠮ ᠢ ᠪᠦᠲᠦᠭᠡᠨ ᠪᠠᠶᠢᠭᠤᠯᠬᠤ ᠲᠣᠭᠤᠷᠢᠨ ᠳᠤ᠂ ᠬᠠᠮᠢᠶ᠎ᠠ ᠪᠦᠬᠦᠢ ᠠᠵᠢᠯ ᠤᠨ ᠣᠯᠣᠭᠰᠠᠨ ᠠᠮᠵᠢᠯᠲᠠ ᠪᠠ ᠣᠷᠣᠰᠢᠵᠣ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠳᠣᠰᠬᠠᠨ᠎ᠠ᠃      ︵ ᠨᠠᠢᠮᠠ︶ ᠵᠠᠰᠠᠭ ᠤᠨ ᠣᠷᠳᠣᠨ ᠤ ᠠᠵᠢᠯ ᠲᠠᠢ ᠨᠢᠬᠳᠠ ᠬᠠᠷᠢᠴᠠᠭ᠎ᠠ ᠪᠦᠬᠦᠢ ᠪᠣᠰᠣᠳ ᠴᠢᠬᠤᠯᠠ ᠪᠠᠶᠢᠳᠠᠯ  ᠢ ᠳᠣᠰᠬᠠᠨ᠎ᠠ᠃      ᠠᠷᠪᠠ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠨᠢ ᠵᠠᠰᠠᠭ ᠤᠨ ᠣᠷᠳᠣᠨ ᠤ ᠰᠢᠨᠵᠢᠯᠡᠬᠦ ᠣᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠨ᠎ᠠ᠃      ︵ ᠨᠢᠬᠡ︶ ᠦᠭᠡᠷᠡᠴᠢᠯᠡᠯᠲᠡ ᠬᠦᠭᠵᠢᠯᠲᠡ ᠲᠣᠭᠲᠠᠭᠤᠨ ᠤ ᠶᠡᠭᠡ ᠪᠠᠶᠢᠳᠠᠯ ᠤᠨ ᠭᠤᠣᠯᠳᠠᠯᠭ᠎ᠠ ᠲᠠᠢ ᠠᠰᠠᠭᠤᠳᠠᠯ᠂ ᠪᠡᠷᠭᠡ ᠠᠰᠠᠭᠤᠳᠠᠯ᠂ ᠬᠠᠯᠠᠮᠰᠢᠯ ᠠᠰᠠᠭᠤᠳᠠᠯ ᠢ ᠠᠩᠬᠠᠷᠣᠨ ᠬᠠᠯᠠᠮᠵᠢᠯᠠᠵᠣ᠂ ᠬᠡᠯᠪᠡᠶᠢᠬᠦ  ᠴᠢᠨᠠᠷᠲᠠᠢ᠂  ᠴᠣᠬᠤᠶᠢᠬᠤ ᠴᠢᠨᠠᠷᠲᠠᠢ ᠪᠠᠶᠢᠳᠠᠯ ᠢ ᠢᠯᠡᠷᠡᠬᠦᠯᠦᠨ ᠭᠠᠷᠭᠠᠨ᠎ᠠ᠃      ︵ ᠬᠤᠶᠠᠷ︶ ᠦᠨᠳᠦᠰᠦᠲᠡᠨ ᠱᠠᠲᠣᠨ ᠳᠤ ᠬᠠᠨᠳᠣᠭᠤᠯᠣᠨ᠂ ᠪᠣᠳᠠᠳᠠᠢ ᠳᠤ ᠬᠦᠨᠵᠡᠭᠡᠶᠢᠷᠡᠵᠦ᠂ ᠪᠠᠶᠢᠴᠠᠭᠠᠨ ᠰᠣᠳᠣᠯᠬᠤ᠂ ᠬᠦᠨᠵᠡᠭᠡᠢ ᠵᠠᠳᠠᠯᠣᠯᠲᠠ ᠬᠢᠬᠦ ᠪᠠ ᠶᠡᠷᠦᠩᠭᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠣ᠂ ᠠᠰᠠᠭᠤᠳᠠᠯ  ᠢ ᠡᠷᠢᠨ ᠭᠠᠷᠭᠠᠵᠣ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠪᠣᠯᠭᠠᠵᠣ ᠪᠣᠯᠣᠮᠠᠷ ᠰᠠᠨᠠᠭᠤᠯᠭ᠎ᠠ ᠳᠣᠷᠠᠳᠬᠤ ᠬᠡᠷᠡᠭᠲᠡᠢ᠃      ︵ ᠭᠤᠷᠪᠠ︶ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ ᠶᠢᠨ ᠲᠣᠭᠤᠷᠢᠨ ᠳᠤ᠂ ᠦᠨᠳᠦᠰᠦᠲᠡᠨ ᠱᠠᠲᠣᠨ ᠤ ᠺᠠᠳ᠋ᠷ ᠣᠯᠠᠨ ᠲᠦᠮᠡᠨ ᠤ ᠳᠣᠰᠬᠠᠯ ᠪᠠ ᠡᠷᠳᠡᠮᠳᠡᠨ ᠮᠡᠷᠭᠡᠳ ᠤᠨ ᠰᠠᠨᠠᠯ ᠰᠠᠨᠠᠭᠤᠯᠭ᠎ᠠ ᠶᠢ ᠴᠣᠭᠯᠠᠭᠤᠯᠬᠤ ᠬᠡᠷᠡᠭᠲᠡᠢ᠃      ︵ ᠳᠦᠷᠪᠡ︶ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠪᠠ ᠣᠳᠣᠷᠢᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠮᠡᠳᠡᠭᠡ ᠵᠠᠩᠬᠢ ᠶᠢᠨ ᠲᠣᠬᠠᠢ ᠲᠣᠰᠬᠠᠢ ᠪᠠᠶᠢᠴᠠᠭᠠᠨ ᠰᠣᠳᠣᠯᠣᠯᠲᠠ ᠶᠢ ᠬᠦᠨᠵᠡᠭᠡᠢ ᠦᠷᠨᠢᠬᠦᠯᠦᠨ᠎ᠡ᠃      ᠠᠷᠪᠠᠨ ᠨᠢᠬᠡ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠳᠤ ᠵᠠᠰᠠᠭ ᠤᠨ ᠣᠷᠳᠣᠨ ᠤ ᠬᠠᠣᠯᠢ ᠳᠦᠷᠢᠮ ᠤᠨ ᠪᠠᠶᠢᠭᠤᠯᠣᠯᠲᠠ ᠶᠢ ᠲᠡᠬᠦᠯᠳᠡᠷᠵᠢᠬᠦᠯᠬᠦ᠂ ᠬᠠᠣᠯᠢ ᠶᠣᠰᠣᠭᠠᠷ ᠵᠠᠰᠠᠭ ᠶᠠᠪᠣᠭᠤᠯᠬᠤ ᠠᠬᠢᠴᠠ ᠶᠢ ᠠᠬᠢᠭᠤᠯᠬᠤ ᠶᠢ ᠠᠩᠬᠠᠷᠴᠣ᠂ ᠠᠵᠢᠯ ᠤᠨ ᠳᠣᠮᠳᠠ ᠲᠣᠬᠢᠶᠠᠯᠳᠣᠭᠰᠠᠨ ᠪᠠᠶᠢᠳᠠᠯ ᠪᠠ ᠠᠰᠠᠭᠤᠳᠠᠯ ᠢ ᠲᠣᠰᠬᠠᠵᠣ᠂ ᠬᠠᠣᠯᠢ ᠳᠦᠷᠢᠮᠲᠦ ᠵᠠᠰᠠᠭ ᠤᠨ ᠣᠷᠳᠣᠨ ᠢ ᠪᠦᠲᠦᠭᠡᠨ ᠪᠠᠶᠢᠭᠤᠯᠬᠤ ᠳᠤ ᠦᠢᠯᠡᠴᠢᠯᠡᠭᠡ ᠬᠠᠩᠭᠠᠨ᠎ᠠ᠃      ᠠᠷᠪᠠᠨ ᠬᠤᠶᠠᠷ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠳᠤ ᠵᠠᠰᠠᠭ ᠤᠨ ᠣᠷᠳᠣᠨ ᠤ ᠳᠣᠳᠣᠭᠠᠳᠣ ᠶᠢᠨ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠪᠠᠶᠢᠳᠠᠯ ᠢ ᠳᠣᠰᠬᠠᠵᠣ᠂ ᠢᠨᠲ᠋ᠧᠷ ᠰᠦᠯᠵᠢᠶ᠎ᠡ ᠪᠠ ᠰᠣᠨᠢᠨ ᠮᠡᠳᠡᠬᠡᠨ ᠤ ᠵᠠᠭᠤᠴᠢᠯᠠᠭᠤᠷ ᠢ ᠠᠰᠢᠭᠯᠠᠨ ᠨᠡᠶᠢᠬᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠳᠣᠰᠬᠠᠬᠤ ᠶᠢ ᠠᠩᠬᠠᠷᠴᠣ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢ ᠴᠢᠩᠭᠠᠳᠬᠠᠬᠤ ᠪᠠ ᠵᠠᠰᠠᠭ ᠤᠨ ᠶᠠᠪᠣᠳᠠᠯ ᠢ ᠢᠯᠡ ᠪᠣᠯᠭᠠᠬᠤ ᠳᠤ ᠦᠢᠯᠡᠴᠢᠯᠡᠭᠡ ᠬᠠᠩᠭᠠᠨ᠎ᠠ᠃     ᠠᠷᠪᠠᠨ ᠭᠤᠷᠪᠠ᠂ ᠵᠠᠰᠠᠭ ᠤᠨ ᠶᠣᠪᠣᠳᠠᠯ ᠤᠨ ᠮᠡᠳᠡᠭᠡ ᠵᠠᠩᠬᠢ ᠶᠢᠨ ᠠᠵᠢᠯ ᠳᠤ ᠪᠠᠶᠢᠳᠠᠯ ᠢᠶᠠᠨ ᠬᠠᠷᠢᠯᠴᠠᠨ ᠣᠶᠢᠯᠠᠭᠠᠯᠴᠠᠬᠤ᠂ ᠵᠢᠯᠣᠭᠤᠳᠬᠤ ᠠᠵᠢᠯ ᠤᠨ ᠦᠢᠯᠡᠳᠦᠯ ᠢ ᠬᠦᠢᠴᠡᠳ ᠪᠠᠳᠠᠷᠠᠭᠤᠯᠵᠣ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠦᠷ᠎ᠡ ᠠᠰᠢᠭ ᠢᠶᠠᠨ ᠳᠡᠭᠡᠭᠰᠢᠯᠡᠬᠦᠯᠬᠦ ᠳᠤ ᠦᠢᠯᠡᠴᠢᠯᠡᠭᠡ ᠬᠠᠩᠭᠠᠨ᠎ᠠ᠃     ︵ ᠨᠢᠭᠡ︶ ᠳᠣᠣᠷᠠᠳᠣ ᠱᠠᠲᠣᠨ ᠤ ᠵᠠᠰᠠᠭ ᠤᠨ ᠣᠷᠳᠣᠨ ᠪᠠ ᠰᠠᠯᠠᠭ᠎ᠠ ᠮᠦᠴᠢᠷ ᠨᠢ ᠳᠡᠭᠡᠳᠦ ᠱᠠᠲᠣᠨ ᠤ ᠵᠠᠰᠠᠭ ᠤᠨ ᠣᠷᠳᠣᠨ ᠪᠠ ᠰᠠᠯᠠᠭ᠎ᠠ ᠮᠦᠴᠢᠷ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ᠂ ᠴᠢᠬᠤᠯᠠ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠣᠳᠣᠷᠢᠳᠣᠯᠭ᠎ᠠ ᠶᠢᠨ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠲᠣᠣᠱᠯᠠᠭᠤᠯᠣᠨ ᠨᠠᠶᠢᠳᠠᠪᠣᠷᠢᠵᠢᠭᠤᠯᠵᠣ ᠪᠠᠶᠢᠬᠤ ᠪᠠᠶᠢᠳᠠᠯ ᠢᠶᠠᠨ ᠴᠠᠭ ᠲᠣᠬᠠᠢ ᠳᠤᠨᠢ ᠳᠣᠰᠬᠠᠨ᠎ᠠ      ︵ ᠬᠤᠶᠠᠷ︶ ᠳᠣᠣᠷᠠᠳᠣ ᠱᠠᠲᠣᠨ ᠤ ᠵᠠᠰᠠᠭ ᠤᠨ ᠣᠷᠳᠣᠨ ᠪᠠ ᠰᠠᠯᠠᠭ᠎ᠠ ᠮᠦᠴᠢᠷ ᠨᠢ ᠳᠡᠭᠡᠳᠦ ᠱᠠᠲᠣᠨ ᠤ ᠵᠠᠰᠠᠭ ᠤᠨ ᠣᠷᠳᠣᠨ ᠪᠠ ᠰᠠᠯᠠᠭ᠎ᠠ ᠮᠦᠴᠢᠷ ᠲᠤ ᠲᠣᠰ ᠭᠠᠵᠠᠷ ᠣᠷᠣᠨ᠂ ᠲᠣᠰ ᠰᠢᠰᠲ᠋ᠧᠮ ᠤᠨ ᠴᠢᠬᠤᠯᠠ ᠠᠵᠢᠯ  ᠤᠨ ᠱᠠᠲᠣᠴᠢ ᠴᠢᠨᠠᠷᠲᠠᠢ ᠠᠬᠢᠴᠠ ᠶᠢᠨ ᠪᠠᠶᠢᠳᠠᠯ ᠢᠶᠠᠨ ᠴᠠᠭ ᠲᠣᠬᠠᠢ ᠳᠤᠨᠢ ᠳᠣᠰᠬᠠᠨ᠎ᠠ᠃      ︵ ᠭᠤᠷᠪᠠ︶ ᠡᠯ᠎ᠡ ᠱᠠᠲᠣᠨ ᠤ ᠵᠠᠰᠠᠭ ᠤᠨ ᠣᠷᠳᠣᠨ ᠪᠠ ᠰᠠᠯᠠᠭ᠎ᠠ ᠮᠦᠴᠢᠷ ᠤᠳ ᠵᠠᠰᠠᠭ ᠤᠨ ᠶᠠᠪᠣᠳᠠᠯ  ᠤᠨ ᠮᠡᠳᠡᠭᠡ ᠵᠠᠩᠬᠢ ᠶᠢᠨ ᠰᠡᠳᠬᠦᠯ ᠢ ᠠᠰᠢᠭᠯᠠᠨ᠂ ᠠᠵᠢᠯ ᠤᠨ ᠳᠣᠮᠳᠠ ᠪᠠᠨ ᠳᠡᠯᠭᠡᠷᠡᠬᠦᠯᠦᠨ ᠬᠡᠷᠡᠭᠯᠡᠵᠦ ᠪᠣᠯᠬᠤ ᠦᠨ᠎ᠡ ᠦᠷᠳᠡᠭ ᠲᠠᠢ ᠲᠣᠷᠰᠢᠯᠭ᠎ᠠ ᠪᠠ ᠠᠷᠭ᠎ᠠ ᠬᠢᠳᠡᠯ ᠢᠶᠠᠨ ᠳ᠋ᠦᠩᠨᠡᠨ ᠰᠣᠯᠢᠯᠴᠠᠬᠤ ᠬᠡᠷᠡᠭᠲᠡᠢ᠃     ︵ ᠳᠦᠷᠪᠡ︶ ᠡᠯ᠎ᠡ ᠱᠠᠲᠣᠨ ᠤ ᠵᠠᠰᠠᠭ ᠤᠨ ᠣᠷᠳᠣᠨ ᠪᠠ ᠰᠠᠯᠠᠭ᠎ᠠ ᠮᠦᠴᠢᠷ ᠤᠳ ᠬᠠᠣᠯᠢ ᠶᠣᠰᠣᠭᠠᠷ ᠨᠢᠭᠤᠴᠠ ᠶᠢ ᠬᠠᠮᠠᠭᠠᠯᠠᠬᠤ ᠪᠠ ᠬᠠᠮᠢᠶ᠎ᠠ ᠪᠦᠬᠦᠢ ᠠᠵᠢᠯ ᠤᠨ ᠳᠦᠷᠢᠮ ᠲᠣᠭᠲᠠᠭᠠᠯ ᠢ ᠵᠦᠷᠢᠴᠡᠬᠦ ᠦᠭᠡᠢ ᠪᠠᠶᠢᠳᠠᠯ ᠳᠣᠣᠷ᠎ᠠ᠂ ᠬᠡᠷᠡᠭᠴᠡᠭᠡ ᠪᠠᠨ ᠦᠨᠳᠦᠰᠦᠯᠡᠨ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠣ ᠪᠠᠷ ᠡᠳ᠋ᠯᠡᠬᠦ ᠶᠢ ᠪᠡᠶᠡᠯᠡᠬᠦᠯᠬᠦ ᠬᠡᠷᠡᠭᠲᠡᠢ᠃      ᠳᠦᠷᠪᠡᠳᠦᠭᠡᠷ ᠪᠦᠯᠦᠭ      ᠠᠵᠢᠯ ᠤᠨ ᠱᠠᠭᠠᠷᠳᠠᠯᠭ᠎ᠠ     ᠠᠷᠪᠠᠨ ᠳᠦᠷᠪᠡ      ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠳᠤ ᠲᠣᠰ ᠱᠠᠲᠣᠨ ᠤ ᠵᠠᠰᠠᠭ  ᠤᠨ ᠣᠷᠳᠣᠨ ᠳᠤ ᠦᠢᠯᠡᠴᠢᠯᠡᠬᠦ ᠪᠠᠷ ᠭᠤᠣᠯᠳᠠᠯᠭ᠎ᠠ ᠪᠣᠯᠭᠠᠬᠤ ᠬᠡᠷᠡᠭᠲᠡᠢ᠃ ᠳᠣᠣᠷᠠᠳᠣ ᠱᠠᠳᠣᠨ ᠤ ᠵᠠᠰᠠᠭ ᠤᠨ ᠣᠷᠳᠣᠨ ᠨᠢ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠪᠠᠨ ᠳᠡᠭᠡᠳᠦ ᠱᠠᠲᠣᠨ ᠤ ᠵᠠᠰᠠᠭ ᠤᠨ ᠣᠷᠳᠣᠨ ᠳᠤ ᠴᠠᠭ ᠲᠣᠬᠠᠢ ᠳᠤᠨᠢ ᠮᠡᠳᠡᠬᠦᠯᠦᠨ ᠬᠦᠷᠭᠡᠵᠦ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠤᠳ ᠵᠠᠰᠠᠭ ᠤᠨ ᠶᠠᠪᠣᠳᠠᠯ  ᠤᠨ ᠮᠡᠳᠡᠭᠡ ᠵᠠᠩᠬᠢ ᠪᠠᠨ ᠲᠣᠰ ᠱᠠᠲᠣᠨ ᠤ ᠵᠠᠰᠠᠭ ᠤᠨ ᠣᠷᠳᠣᠨ ᠪᠠ ᠳᠡᠭᠡᠳᠦ ᠱᠠᠲᠣᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ ᠴᠠᠭ ᠲᠣᠬᠠᠢ ᠳᠤᠨᠢ ᠮᠡᠳᠡᠬᠦᠯᠦᠨ ᠬᠦᠷᠭᠡᠬᠦ ᠬᠡᠷᠡᠭᠲᠡᠢ᠃     ᠠᠷᠪᠠᠨ ᠲᠠᠪᠤ᠂ ᠳᠡᠭᠡᠳᠦ ᠱᠠᠲᠣᠨ ᠤ ᠵᠠᠰᠠᠭ ᠤᠨ ᠣᠷᠳᠣᠨ ᠪᠠ ᠰᠠᠯᠠᠭ᠎ᠠ ᠮᠦᠴᠢᠷ ᠨᠢ ᠠᠵᠢᠯ ᠤᠨ ᠬᠡᠷᠡᠭᠴᠡᠭᠡ  ᠪᠠᠨ ᠦᠨᠳᠦᠰᠦᠯᠡᠵᠦ᠂ ᠳᠣᠣᠷᠠᠳᠣ ᠱᠠᠲᠣᠨ ᠤ ᠵᠠᠰᠠᠭ ᠤᠨ ᠣᠷᠳᠣᠨ ᠪᠠ ᠰᠠᠯᠠᠭ᠎ᠠ ᠮᠦᠴᠢᠷ ᠢᠶᠠᠷ ᠬᠠᠮᠢᠶ᠎ᠠ ᠪᠦᠬᠦᠢ ᠮᠡᠳᠡᠭᠡ ᠵᠠᠩᠬᠢ ᠪᠠᠨ ᠬᠦᠷᠭᠡᠯᠭᠡᠵᠦ᠂ ᠳᠣᠣᠷᠠᠳᠣ ᠱᠠᠲᠣᠨ ᠤ ᠵᠠᠰᠠᠭ ᠤᠨ ᠣᠷᠳᠣᠨ ᠪᠠ ᠰᠠᠯᠠᠭ᠎ᠠ ᠮᠦᠴᠢᠷ ᠨᠢ ᠡᠷᠬᠡᠪᠰᠢ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠣᠨ ᠮᠡᠳᠡᠬᠦᠯᠦᠨ ᠬᠦᠷᠭᠡᠵᠦ᠂ ᠮᠡᠳᠡᠬᠦᠯᠦᠨ ᠬᠦᠷᠭᠡᠬᠦ ᠬᠡᠪᠴᠢᠶ᠎ᠡ  ᠶᠢ ᠳᠣᠷ᠎ᠠ ᠪᠠᠷ ᠦᠷᠭᠡᠳᠬᠡᠵᠦ ᠪᠣᠯᠬᠤ ᠦᠭᠡᠢ᠃     ᠠᠷᠪᠠᠨ ᠵᠢᠷᠭᠤᠭ᠎ᠠ᠂ ᠳᠡᠭᠡᠳᠦ ᠱᠠᠲᠣᠨ ᠤ ᠵᠠᠰᠠᠭ ᠤᠨ ᠣᠷᠳᠣᠨ ᠪᠣᠶᠣ ᠰᠠᠯᠠᠭ᠎ᠠ ᠮᠦᠴᠢᠷ ᠲᠤ ᠮᠡᠳᠡᠬᠦᠯᠦᠨ ᠬᠦᠷᠭᠡᠬᠦ ᠮᠡᠳᠡᠭᠡ ᠵᠠᠩᠬᠢ ᠶᠢ ᠡᠷᠬᠡᠪᠰᠢ ᠲᠣᠰ ᠪᠠᠶᠢᠭᠤᠯᠭ᠎ᠠ ᠨᠢᠬᠡᠴᠡ ᠶᠢᠨ ᠬᠤᠪᠢᠳᠠᠨ ᠬᠠᠮᠢᠶᠠᠷᠬᠤ ᠣᠳᠣᠷᠢᠳᠣᠯᠭ᠎ᠠ  ᠠᠴᠠ ᠬᠢᠨᠠᠨ ᠬᠠᠷᠭᠤᠭᠤᠯᠵᠣ᠂ ᠭᠠᠷ ᠤᠨ ᠦᠰᠦᠭ ᠵᠢᠷᠣᠵᠣ ᠲᠠᠷᠬᠠᠭᠠᠬᠤ ᠬᠡᠷᠡᠭᠲᠡᠢ︔ ᠴᠢᠬᠤᠯᠠᠲᠠᠢ ᠦᠶᠡᠰ᠂ ᠭᠤᠣᠯ ᠣᠳᠣᠷᠢᠳᠣᠯᠭ᠎ᠠ ᠬᠢᠨᠠᠨ ᠬᠠᠷᠭᠤᠭᠤᠯᠵᠣ᠂ ᠭᠠᠷ ᠤᠨ ᠦᠰᠦᠭ ᠵᠢᠷᠣᠭᠤᠯᠵᠣ ᠮᠡᠳᠡᠬᠦᠯᠬᠦ ᠬᠡᠷᠡᠭᠲᠡᠢ᠃     ᠠᠷᠪᠠᠨ ᠳᠣᠯᠤᠭ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠤᠨ ᠣᠳᠣᠷᠢᠳᠣᠯᠭ᠎ᠠ ᠪᠠᠨ ᠴᠢᠩᠭᠠᠳᠬᠠᠵᠣ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠢ ᠡᠳᠦᠷ ᠳᠣᠳᠣᠮ ᠤᠨ ᠵᠦᠪᠯᠡᠬᠦ ᠵᠦᠢᠯ ᠳᠡᠭᠡᠨ ᠦᠨᠡᠨᠬᠦ ᠣᠷᠣᠭᠤᠯᠵᠣ᠂ ᠲᠦᠯᠦᠪᠯᠡᠭᠡ ᠲᠠᠢ᠂ ᠰᠣᠳᠣᠯᠣᠯᠲᠠ  ᠲᠠᠢ᠂ ᠪᠠᠶᠢᠴᠠᠭᠠᠯᠲᠠ ᠲᠠᠢ ᠪᠠᠶᠢᠬᠤ ᠶᠢ ᠪᠡᠶᠡᠯᠡᠬᠦᠯᠬᠦ ᠬᠡᠷᠡᠭᠲᠡᠢ᠃ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠤᠨ ᠳᠦᠷᠢᠮ ᠢ ᠪᠦᠷᠢᠨᠰᠢᠬᠦᠯᠵᠦ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠡᠯ᠎ᠡ ᠵᠦᠢᠯ ᠤᠨ ᠠᠵᠢᠯ  ᠳᠤ ᠦᠵᠡᠬᠦᠯᠬᠦ ᠲᠣᠰᠠᠯᠠᠮᠵᠢ ᠶᠢᠨ ᠦᠢᠯᠡᠳᠦᠯ ᠢ ᠨᠢ ᠬᠦᠢᠴᠡᠳ ᠪᠠᠳᠠᠷᠠᠭᠤᠯᠬᠤ ᠬᠡᠷᠡᠭᠲᠡᠢ᠃      ᠠᠷᠪᠠᠨ ᠨᠠᠢᠮᠠ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠶᠠᠰᠣ ᠴᠢᠨᠠᠷ ᠤᠨ ᠲᠣᠬᠠᠢ ᠱᠠᠭᠠᠷᠳᠠᠯᠭ᠎ᠠ᠄      ︵ ᠨᠢᠬᠡ︶ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠴᠢᠨᠠᠷ ᠴᠢᠨᠰᠠᠭ᠎ᠠ ᠨᠢ ᠡᠷᠬᠡᠪᠰᠢ ᠪᠦᠬᠦ ᠲᠠᠯ᠎ᠠ  ᠶᠢᠨ᠂ ᠴᠠᠭ ᠲᠣᠬᠠᠢ ᠳᠠᠭᠠᠨ᠂ ᠵᠦᠪ ᠣᠨᠣᠪᠴᠢᠲᠠᠢ᠂ ᠵᠢᠷᠣᠮᠵᠢᠭᠰᠠᠨ ᠪᠠᠶᠢᠬᠤ ᠬᠡᠷᠡᠭᠲᠡᠢ᠃    ︵ ᠬᠤᠶᠠᠷ︶ ᠬᠡᠷᠡᠭ ᠣᠴᠢᠷ ᠤᠨ ᠲᠣᠶᠢᠮᠣ ᠪᠠᠶᠢᠳᠠᠯ ᠪᠠ ᠬᠦᠭᠵᠢᠯᠲᠡ ᠶᠢᠨ ᠬᠠᠨᠳᠣᠰᠢ ᠶᠢ ᠪᠦᠬᠦ ᠲᠠᠯ᠎ᠠ ᠪᠠᠷ ᠳᠣᠰᠬᠠᠵᠣ᠂ ᠬᠡᠷᠡᠭ ᠣᠴᠢᠷ ᠤᠨ ᠲᠣᠳᠣᠭᠠᠳᠣᠬᠢ ᠬᠠᠷᠢᠴᠠᠭ᠎ᠠ ᠶᠢ ᠢᠯᠡᠷᠡᠬᠦᠯᠵᠦ᠂ ᠬᠡᠷᠡᠭ ᠶᠠᠪᠣᠳᠠᠯ ᠤᠨ ᠬᠦᠭᠵᠢᠯᠲᠡ  ᠶᠢᠨ ᠪᠦᠬᠦ ᠶᠠᠪᠣᠴᠠ ᠶᠢ ᠬᠠᠷᠠᠭᠤᠯᠣᠭᠰᠠᠨ ᠪᠠᠶᠢᠬᠤ ᠬᠡᠷᠡᠭᠲᠡᠢ᠃      ︵ ᠭᠤᠷᠪᠠ︶ ᠬᠤᠯᠪᠣᠭᠳᠠᠭᠰᠠᠨ ᠪᠠᠶᠢᠳᠠᠯ᠂ ᠲᠤᠭ᠎ᠠ ᠪᠠᠷᠢᠮᠲᠠ ᠨᠢ ᠴᠠᠭ ᠬᠤᠭᠤᠴᠠᠭᠠᠳᠣ ᠴᠢᠨᠠᠷ ᠪᠠ ᠠᠳᠠᠯᠢᠳᠬᠠᠵᠣ ᠪᠣᠯᠬᠤ ᠴᠢᠨᠠᠷ ᠲᠠᠢ ᠪᠠᠶᠢᠬᠤ᠃     ︵ ᠳᠦᠷᠪᠡ︶ ᠳᠣᠰᠬᠠᠭᠰᠠᠨ ᠬᠡᠷᠡᠭ ᠣᠴᠢᠷ ᠨᠢ ᠦᠨᠡᠨ ᠪᠦᠬᠡᠳ ᠨᠠᠶᠢᠳᠠᠪᠣᠷᠢᠲᠠᠢ᠂ ᠡᠰᠢ ᠪᠠᠷᠢᠮᠲᠠ ᠲᠠᠢ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠬᠡᠷᠡᠭ ᠤᠨ ᠵᠢᠱᠢᠶ᠎ᠡ᠂ ᠲᠤᠭ᠎ᠠ ᠪᠠ ᠨᠢᠬᠡᠴᠡ ᠨᠢ ᠦᠨᠡᠨ ᠪᠣᠳᠠᠳᠠᠢ ᠪᠠᠶᠢᠬᠤ ᠶᠢ ᠱᠠᠭᠠᠷᠳᠠᠨ᠎ᠠ᠃     ︵ ᠲᠠᠪᠤ︶ ᠶᠠᠪᠣᠭᠤᠯᠬᠤ ᠪᠢᠴᠢᠭ ᠮᠠᠲ᠋ᠧᠷᠢᠶᠠᠯ ᠤᠨ ᠭᠤᠣᠯ ᠰᠡᠳᠦᠪ ᠨᠢ ᠳᠣᠳᠣᠷᠬᠠᠢ᠂ ᠰᠡᠳᠦᠪ ᠪᠠ ᠠᠭᠤᠯᠭ᠎ᠠ  ᠨᠢ ᠬᠠᠷᠢᠯᠴᠠᠨ ᠨᠡᠶᠢᠴᠡᠭᠰᠡᠨ ᠪᠠᠶᠢᠬᠤ᠂ ᠦᠬᠡ ᠦᠬᠦᠯᠡᠪᠦᠷᠢ ᠨᠢ ᠣᠬᠤᠷ ᠠᠪᠰᠠᠷᠬᠠᠨ᠂ ᠦᠬᠡ ᠦᠰᠦᠭ ᠨᠢ ᠵᠢᠷᠣᠮᠵᠢᠭᠰᠠᠨ᠂ ᠭᠤᠣᠯ ᠬᠦᠴᠦᠨ ᠵᠦᠢᠯ ᠨᠢ ᠪᠦᠷᠢᠨ ᠲᠦᠬᠦᠷ᠂ ᠯᠣᠬᠢᠭ ᠴᠢᠨᠠᠷ ᠢᠶᠠᠷ ᠴᠢᠩᠭ᠎ᠠ᠂ ᠵᠦᠢᠯ ᠵᠣᠷᠪᠣᠰ  ᠨᠢ ᠲᠣᠳᠣᠷᠬᠠᠢ ᠪᠠᠶᠢᠬᠤ᠃     ︵ ᠵᠢᠷᠭᠤᠭ᠎ᠠ︶ ᠳᠣᠰᠬᠠᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ᠂ ᠰᠢᠨ᠎ᠡ ᠰᠡᠳᠬᠢᠴᠡ᠂ ᠰᠢᠨ᠎ᠡ ᠠᠷᠭ᠎ᠠ ᠠᠪᠴᠠᠯ᠂ ᠰᠢᠨ᠎ᠡ ᠲᠣᠷᠰᠢᠯᠭ᠎ᠠ ᠨᠢ ᠡᠷᠬᠡᠪᠰᠢ ᠰᠢᠨ᠎ᠡ ᠣᠳᠬ᠎ᠠ ᠰᠠᠨᠠᠭ᠎ᠠ ᠲᠠᠢ ᠪᠠᠶᠢᠬᠤ᠃     ︵ ᠳᠣᠯᠤᠭ᠎ᠠ︶ ᠠᠵᠢᠯ ᠢᠶᠠᠨ ᠲᠦᠯᠦᠪᠯᠡᠭᠡ ᠲᠠᠢ᠂ ᠰᠢᠰᠲ᠋ᠧᠮ ᠲᠠᠢ ᠪᠠ ᠵᠦᠩᠨᠡᠯᠲᠡ ᠲᠠᠢ ᠪᠠᠶᠢᠯᠭᠠᠬᠤ ᠶᠢ ᠴᠢᠩᠭᠠᠳᠬᠠᠵᠣ᠂ ᠣᠨ ᠤ ᠠᠵᠢᠯ ᠤᠨ ᠲᠣᠬᠢᠷᠠᠭᠤᠯᠣᠯᠲᠠ ᠪᠠᠨ ᠰᠠᠶᠢᠳᠣᠷ ᠬᠢᠵᠦ᠂ ᠪᠠᠶᠢᠳᠠᠯ ᠪᠠ ᠡᠬᠦᠷᠭᠡ ᠶᠢᠨ ᠬᠤᠪᠢᠷᠠᠯᠲᠠ ᠶᠢ ᠦᠨᠳᠦᠰᠦᠯᠡᠵᠦ ᠪᠠᠶᠢᠭᠠᠳ ᠠᠵᠢᠯ ᠢᠶᠠᠨ ᠴᠠᠭ ᠲᠣᠬᠠᠢ ᠳᠤᠨᠢ ᠲᠣᠬᠢᠷᠠᠭᠤᠯᠬᠤ ᠬᠡᠷᠡᠭᠲᠡᠢ᠃     ︵ ᠨᠠᠢᠮᠠ︶ ᠬᠦᠨᠵᠡᠭᠡᠢ ᠪᠠᠶᠢᠴᠠᠭᠠᠨ ᠰᠣᠳᠣᠯᠣᠯᠲᠠ ᠬᠢᠵᠦ᠂ ᠮᠡᠳᠡᠭᠡ ᠵᠠᠩᠬᠢ ᠶᠢ ᠪᠦᠬᠦ ᠲᠠᠯ᠎ᠠ ᠪᠠᠷ ᠴᠣᠭᠯᠠᠭᠤᠯᠵᠣ᠂ ᠦᠨᠡᠨ ᠠᠴᠠ ᠵᠦᠪ ᠢ ᠡᠷᠢᠵᠦ᠂ ᠠᠮᠵᠢᠯᠲᠠ ᠲᠠᠢ ᠲᠠᠯ᠎ᠠ ᠪᠠ ᠨᠠᠵᠠᠭᠠᠢ ᠲᠠᠯ᠎ᠠ ᠪᠠᠨ ᠦᠨᠠᠨ ᠮᠦᠨ  ᠢᠶᠠᠷ ᠳᠣᠰᠬᠠᠬᠤ ᠬᠡᠷᠡᠭᠲᠡᠢ᠃     ᠠᠷᠪᠠᠨ ᠶᠢᠰᠦ᠂ ᠡᠯ᠎ᠡ ᠱᠠᠲᠣᠨ ᠤ ᠵᠠᠰᠠᠭ ᠤᠨ ᠣᠷᠳᠣᠨ ᠪᠠ ᠡᠯ᠎ᠡ ᠰᠠᠯᠠᠭ᠎ᠠ ᠮᠦᠴᠢᠷ ᠤᠳ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠮᠡᠳᠡᠬᠦᠯᠦᠨ ᠬᠦᠷᠭᠡᠬᠦ ᠠᠷᠭ᠎ᠠ ᠵᠠᠮ ᠤᠨ ᠦᠢᠯᠡᠳᠦᠯ ᠢ ᠬᠦᠢᠴᠡᠳ ᠪᠠᠳᠠᠷᠠᠭᠤᠯᠵᠣ᠂ ᠡᠯ᠎ᠡ ᠰᠠᠯᠠᠭ᠎ᠠ ᠮᠦᠴᠢᠷ ᠤᠨ ᠲᠣᠪᠴᠢ ᠮᠡᠳᠡᠭᠡ᠂ ᠠᠵᠢᠯ ᠤᠨ ᠬᠦᠳᠡᠯᠦᠰᠢ ᠪᠠᠶᠢᠳᠠᠯ ᠵᠡᠷᠭᠡ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠰᠡᠳᠬᠦᠯ ᠢ ᠶᠡᠬᠡᠪᠡᠷ ᠴᠣᠮᠬᠠᠳᠬᠠᠵᠣ᠂ ᠱᠠᠲᠣ ᠲᠠᠪᠠᠵᠣ ᠳᠣᠷ᠎ᠠ ᠪᠠᠷ ᠮᠡᠳᠡᠬᠦᠯᠵᠦ ᠳᠣᠷ᠎ᠠ ᠲᠠᠷᠬᠠᠭᠠᠵᠣ ᠪᠣᠯᠬᠤ ᠦᠭᠡᠢ᠃      ᠲᠠᠪᠣᠳᠣᠭᠠᠷ ᠪᠦᠯᠦᠭ᠂ ᠳᠦᠷᠢᠮ ᠤᠨ ᠪᠠᠶᠢᠭᠤᠯᠣᠯᠲᠠ     ᠬᠤᠷᠢ᠂ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠵᠠᠰᠠᠭ ᠤᠨ ᠶᠠᠪᠣᠳᠠᠯ  ᠤᠨ ᠮᠡᠳᠡᠭᠡ ᠵᠠᠩᠬᠢ ᠶᠢᠨ ᠠᠵᠢᠯ ᠳᠠᠭᠠᠨ ᠳᠣᠣᠷᠠᠬᠢ ᠮᠡᠳᠦ ᠳᠦᠷᠢᠮ ᠢ ᠬᠡᠷᠡᠭᠵᠢᠬᠦᠯᠦᠨ᠎ᠡ᠄      ︵ ᠨᠢᠬᠡ︶ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠮᠡᠳᠡᠬᠦᠯᠦᠨ ᠬᠦᠷᠭᠡᠬᠦ ᠱᠠᠭᠠᠷᠳᠠᠯᠭ᠎ᠠ ᠶᠢ ᠨᠡᠶᠢᠲᠡᠯᠡᠬᠦ ᠳᠦᠷᠢᠮ᠃ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠬᠡᠰᠡᠭ ᠬᠤᠭᠤᠴᠠᠭᠠᠨ ᠤ ᠭᠤᠣᠯ ᠠᠵᠢᠯ ᠵᠢᠴᠢ ᠴᠢᠬᠤᠯᠠ ᠠᠵᠢᠯ ᠤᠨ ᠪᠠᠶᠢᠷᠢᠯᠠᠭᠤᠯᠣᠯᠲᠠ ᠪᠠᠨ ᠦᠨᠳᠦᠰᠦᠯᠡᠨ᠂ ᠪᠣᠳᠠᠳᠠᠢ ᠪᠠᠶᠢᠳᠠᠯ ᠲᠠᠢ ᠪᠠᠨ ᠣᠶᠠᠯᠳᠣᠭᠤᠯᠵᠣ ᠪᠠᠶᠢᠭᠠᠳ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠮᠡᠳᠡᠬᠦᠯᠦᠨ ᠬᠦᠷᠭᠡᠬᠦ ᠭᠤᠣᠯᠳᠠᠯᠭ᠎ᠠ ᠪᠠᠨ ᠲᠣᠭᠲᠠᠮᠠᠯ ᠪᠣᠰᠣ ᠬᠤᠭᠤᠴᠠᠭ᠎ᠠ ᠲᠠᠢ ᠨᠡᠶᠢᠲᠡᠯᠡᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠴᠣᠭᠯᠠᠭᠤᠯᠵᠣ ᠮᠡᠳᠡᠬᠦᠯᠦᠨ ᠬᠦᠷᠭᠡᠬᠦ ᠳᠤ ᠯᠠᠪᠯᠠᠯᠭ᠎ᠠ ᠬᠠᠩᠭᠠᠨ᠎ᠠ᠃     ︵ ᠬᠤᠶᠠᠷ︶ ᠪᠠᠶᠢᠴᠠᠭᠠᠨ ᠰᠣᠳᠣᠯᠬᠤ ᠰᠡᠳᠦᠪ ᠢ ᠳᠡᠬᠡᠭᠰᠢ ᠮᠡᠳᠡᠬᠦᠯᠬᠦ ᠳᠦᠷᠢᠮ᠃ ᠳᠡᠭᠡᠳᠦ ᠱᠠᠲᠣᠨ ᠤ ᠰᠠᠯᠠᠭ᠎ᠠ ᠮᠦᠴᠢᠷ ᠪᠠ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠣᠯᠲᠠ ᠵᠢᠴᠢ ᠠᠵᠢᠯ ᠤᠨ ᠪᠣᠳᠠᠳᠠᠢ ᠪᠠᠨ ᠦᠨᠳᠦᠰᠦᠯᠡᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠵᠢᠯ ᠤᠨ ᠡᠬᠢᠨ ᠳᠤ ᠪᠠᠶᠢᠴᠠᠭᠠᠨ ᠰᠣᠳᠣᠯᠬᠤ ᠰᠡᠳᠦᠪ ᠢᠶᠠᠨ ᠲᠣᠭᠲᠠᠭᠠᠵᠣ᠂ ᠰᠡᠳᠦᠪ ᠤᠨ ᠠᠭᠤᠯᠭ᠎ᠠ ᠳᠤ ᠪᠠᠶᠢᠴᠠᠭᠠᠨ ᠰᠣᠳᠣᠯᠬᠤ ᠭᠠᠷᠴᠠᠭ᠂ ᠪᠠᠶᠢᠴᠠᠭᠠᠨ ᠰᠣᠳᠣᠯᠬᠤ ᠬᠠᠷᠠᠯᠲᠠ᠂ ᠪᠠᠶᠢᠴᠠᠭᠠᠨ ᠰᠣᠳᠣᠯᠬᠤ ᠬᠦᠲᠦᠯᠪᠦᠷᠢ᠂ ᠪᠠᠶᠢᠴᠠᠭᠠᠨ ᠰᠣᠳᠣᠯᠬᠤ ᠲᠣᠬᠢᠷᠠᠭᠤᠯᠣᠯᠲᠠ᠂ ᠪᠠᠶᠢᠴᠠᠭᠠᠨ ᠰᠣᠳᠣᠯᠬᠤ ᠠᠵᠢᠯ ᠤᠨ ᠬᠠᠷᠢᠭᠤᠴᠠᠯᠭᠠᠳᠠᠨ ᠪᠠ ᠬᠠᠷᠢᠯᠴᠠᠭᠴᠢ ᠪᠠᠶᠢᠵᠣ᠂ ᠪᠠᠶᠢᠴᠠᠭᠠᠨ ᠰᠣᠳᠣᠯᠬᠤ ᠰᠡᠳᠦᠪ ᠢ ᠭᠤᠣᠯ ᠬᠠᠷᠢᠭᠤᠴᠠᠯᠭᠠᠲᠠᠨ ᠠᠴᠠ ᠬᠢᠨᠡᠨ ᠲᠣᠭᠲᠠᠭᠠᠭᠰᠠᠨ ᠤ ᠳᠠᠷᠠᠭ᠎ᠠ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ ᠵᠠᠩᠬᠢ ᠪᠠᠶᠢᠴᠠᠭᠠᠨ ᠰᠣᠳᠣᠯᠬᠤ ᠠᠯᠪᠠᠨ ᠬᠡᠷ ᠲᠤ ᠮᠡᠳᠡᠬᠦᠯᠵᠦ ᠳᠠᠩᠰᠠᠯᠠᠭᠤᠯᠬᠤ ᠶᠢᠨ ᠬᠠᠮᠳᠣ ᠪᠠᠶᠢᠴᠠᠭᠠᠨ ᠰᠣᠳᠣᠯᠣᠯᠲᠠ ᠶᠢᠨ ᠠᠵᠢᠯ ᠢᠶᠠᠨ ᠦᠷᠨᠢᠬᠦᠯᠬᠦ ᠬᠡᠷᠡᠭᠲᠡᠢ᠃      ︵ ᠭᠤᠷᠪᠠ︶ ᠵᠠᠰᠠᠭ ᠤᠨ ᠶᠠᠪᠣᠳᠠᠯ ᠤᠨ ᠴᠢᠬᠤᠯᠠ ᠮᠡᠳᠡᠭᠡ ᠵᠠᠩᠬᠢ ᠶᠢᠨ ᠡᠬᠡ ᠪᠢᠴᠢᠭ ᠪᠣᠯᠵᠣᠬᠤ ᠳᠦᠷᠢᠮ᠃ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠬᠡᠷᠡᠭᠴᠡᠭᠡ ᠪᠠ ᠳᠡᠭᠡᠳᠦ ᠱᠠᠲᠣᠨ ᠤ ᠰᠠᠯᠠᠭ᠎ᠠ ᠮᠦᠴᠢᠷ ᠤᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ  ᠶᠢᠨ ᠡᠬᠡ ᠪᠢᠴᠢᠭ ᠪᠣᠯᠵᠣᠬᠤ ᠠᠷᠭ᠎ᠠ ᠬᠡᠯᠪᠡᠷᠢ ᠪᠠᠷ ᠳᠠᠮᠵᠢᠭᠤᠯᠣᠨ᠂ ᠬᠠᠮᠢᠶ᠎ᠠ ᠪᠦᠬᠦᠢ ᠭᠠᠵᠠᠷ ᠣᠷᠣᠨ ᠪᠠ ᠪᠠᠶᠢᠭᠤᠯᠭ᠎ᠠ ᠨᠢᠬᠡᠴᠡ ᠳᠤ ︽ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠡᠬᠡ ᠪᠢᠴᠢᠭ ᠪᠣᠯᠵᠣᠬᠤ ᠬᠠᠭᠤᠳᠠᠰᠣ ︾ ᠲᠠᠷᠬᠠᠭᠠᠵᠣ᠂ ᠡᠬᠡ ᠪᠢᠴᠢᠭ ᠪᠣᠯᠵᠣᠬᠤ ᠮᠡᠳᠡᠭᠡ ᠵᠠᠩᠬᠢ ᠶᠢᠨ ᠠᠭᠤᠯᠭ᠎ᠠ᠂ ᠲᠣᠭᠤᠷᠪᠢᠨ ᠪᠢᠴᠢᠬᠦ ᠱᠠᠭᠠᠷᠳᠠᠯᠭ᠎ᠠ ᠪᠠ ᠮᠡᠳᠡᠬᠦᠯᠬᠦ ᠬᠦᠷᠭᠡᠬᠦ ᠴᠠᠭ ᠬᠤᠭᠤᠴᠠᠭ᠎ᠠ ᠶᠢ ᠳᠣᠷᠠᠳᠣᠨ ᠭᠠᠷᠭᠠᠨ᠎ᠠ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠪᠠᠶᠢᠭᠤᠯᠭ᠎ᠠ ᠨᠢᠬᠡᠴᠡ ᠤᠳ ᠱᠠᠭᠠᠷᠳᠠᠯᠭ᠎ᠠ ᠶᠣᠰᠣᠭᠠᠷ ᠲᠣᠰᠬᠠᠢ ᠠᠵᠢᠯᠳᠠᠨ ᠢ ᠵᠣᠬᠢᠶᠠᠨ ᠪᠠᠶᠢᠭᠤᠯᠣᠨ ᠮᠠᠲ᠋ᠧᠷᠢᠶᠠᠯ ᠴᠣᠭᠯᠠᠭᠤᠯᠬᠤ᠂ ᠬᠦᠨᠵᠡᠭᠡᠢ ᠪᠠᠶᠢᠴᠠᠭᠠᠨ ᠰᠣᠳᠣᠯᠣᠯᠲᠠ ᠬᠢᠬᠦ᠂ ᠮᠡᠳᠡᠭᠡ ᠵᠠᠩᠬᠢ ᠨᠠᠶᠢᠷᠠᠭᠤᠯᠣᠨ ᠪᠢᠴᠢᠬᠦ ᠶᠢᠨ ᠬᠠᠮᠳᠣ ᠴᠠᠭ ᠲᠤᠨᠢ ᠳᠡᠭᠡᠭᠰᠢ ᠮᠡᠳᠡᠬᠦᠯᠬᠦ ᠬᠡᠷᠡᠭᠲᠡᠢ᠃     ︵ ᠳᠦᠷᠪᠡ︶ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠬᠡᠷᠡᠭᠯᠡᠭᠰᠡᠨ ᠪᠠᠶᠢᠳᠠᠯ ᠢ ᠮᠡᠳᠡᠬᠡᠯᠡᠬᠦ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ᠃ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠭᠠᠰ ᠵᠢᠯ ᠪᠣᠯᠬᠤ ᠪᠦᠷᠢ ᠪᠦᠬᠦ ᠬᠤᠰᠢᠭᠤᠨ ᠤ ᠡᠯ᠎ᠡ ᠭᠠᠵᠠᠷ ᠣᠷᠣᠨ᠂ ᠰᠠᠯᠠᠭ᠎ᠠ ᠮᠦᠴᠢᠷ ᠤᠨ ᠮᠡᠳᠡᠬᠦᠯᠦᠨ ᠬᠦᠷᠭᠡᠭᠰᠡᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠪᠠ ᠵᠠᠰᠠᠭ ᠤᠨ ᠶᠠᠪᠣᠳᠠᠯ ᠤᠨ ᠮᠡᠳᠡᠭᠡ ᠵᠠᠩᠬᠢ  ᠶᠢ ᠬᠡᠷᠡᠭᠯᠡᠭᠰᠡᠨ ᠪᠠᠶᠢᠳᠠᠯ ᠢ ᠨᠢᠬᠡ ᠣᠳᠠᠭ᠎ᠠ ᠮᠡᠳᠡᠭᠡᠯᠡᠨ᠎ᠡ᠃ ᠵᠠᠯᠭᠠᠭᠠᠳ 3 ᠰᠠᠷ᠎ᠠ ᠠᠴᠠ ᠳᠡᠭᠡᠭᠰᠢ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠪᠠᠨ ᠮᠡᠳᠡᠬᠦᠯᠦᠬᠡᠳᠦᠢ ᠪᠠᠶᠢᠭᠤᠯᠭ᠎ᠠ ᠨᠢᠬᠡᠴᠡ᠂ ᠣᠨᠴᠠᠭᠠᠶᠢᠯᠠᠨ ᠴᠢᠬᠤᠯᠠ ᠮᠡᠳᠡᠭᠡ ᠵᠠᠩᠬᠢ ᠶᠢ ᠳᠣᠳᠠᠭᠤ ᠮᠡᠳᠡᠬᠦᠯᠬᠦ᠂ ᠪᠣᠷᠣᠭᠤ ᠮᠡᠳᠡᠬᠦᠯᠬᠦ᠂ ᠬᠤᠶᠢᠰᠢᠯᠠᠭᠤᠯᠣᠨ ᠮᠡᠳᠡᠬᠦᠯᠬᠦ᠂ ᠨᠢᠭᠤᠭᠠᠳ ᠮᠡᠳᠡᠬᠦᠯᠬᠦ ᠦᠭᠡᠢ᠂ ᠮᠡᠳᠡᠭᠡ ᠵᠠᠩᠬᠢ ᠶᠢ ᠬᠠᠭᠤᠯᠪᠣᠷᠢᠯᠠᠵᠣ ᠠᠪᠣᠭᠠᠳ ᠳᠡᠭᠡᠭᠰᠢ ᠮᠡᠳᠡᠬᠦᠯᠬᠦ ᠪᠠ ᠳᠠᠬᠢᠨ ᠳᠠᠪᠳᠠᠨ ᠮᠡᠳᠡᠬᠦᠯᠬᠦ᠂ ᠡᠬᠡ ᠪᠢᠴᠢᠭ ᠪᠣᠯᠵᠣᠬᠤ ᠡᠬᠦᠷᠭᠡ ᠪᠠᠨ ᠰᠠᠶᠢᠳᠣᠷ ᠪᠡᠶᠡᠯᠡᠬᠦᠯᠦᠭᠰᠡᠨ ᠦᠭᠡᠢ᠂ ᠪᠠᠶᠢᠴᠠᠭᠠᠨ ᠰᠣᠳᠣᠯᠣᠯᠲᠠ ᠬᠢᠬᠦ ᠦᠭᠡᠢ ᠂ ᠪᠠᠶᠢᠴᠠᠭᠠᠨ ᠰᠣᠳᠣᠯᠣᠯᠲᠠ ᠶᠢᠨ ᠮᠠᠲ᠋ᠧᠷᠢᠶᠠᠯ ᠨᠢ ᠪᠣᠳᠠᠳᠠᠢ ᠪᠢᠰᠢ ᠪᠠᠶᠢᠭᠤᠯᠭ᠎ᠠ ᠨᠢᠬᠡᠴᠡ ᠶᠢ ᠡᠸ᠋ᠨᠩᠬᠢ ᠬᠤᠰᠢᠭᠤᠨ  ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠪᠠᠶᠢᠳᠠᠯ ᠢ ᠨᠢ ᠦᠨᠳᠦᠰᠦᠯᠡᠵᠦ ᠪᠠᠶᠢᠭᠠᠳ ᠮᠡᠳᠡᠬᠡᠯᠡᠨ ᠰᠢᠬᠦᠮᠵᠢᠯᠡᠨ᠎ᠡ᠃ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯᠳᠠᠨ ᠤ ᠴᠢᠬᠤᠯᠠ ᠮᠡᠳᠡᠭᠡ ᠵᠠᠩᠬᠢ ᠶᠢ ᠨᠢᠭᠤᠭᠠᠳ ᠮᠡᠳᠡᠬᠦᠯᠬᠦ ᠦᠭᠡᠢ᠂ ᠬᠤᠳᠠᠯ ᠢᠶᠠᠷ ᠮᠡᠳᠡᠬᠦᠯᠬᠦ᠂ ᠳᠡᠬᠡᠳᠦ ᠱᠠᠲᠣᠨ ᠤ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠪᠠᠶᠢᠴᠠᠭᠠᠨ ᠬᠢᠨᠠᠨ ᠬᠠᠷᠭᠤᠭᠤᠯᠬᠤ ᠳᠤ ᠬᠠᠮᠵᠢᠯᠴᠠᠬᠤ ᠦᠭᠡᠢ᠂ ᠴᠢᠬᠤᠯᠠ ᠮᠡᠳᠡᠭᠡ ᠵᠠᠩᠬᠢ ᠶᠢ ᠰᠢᠢᠳᠪᠦᠷᠢᠯᠡᠬᠦ ᠳᠤ ᠡᠬᠦᠷᠭᠡ ᠲᠣᠰᠢᠶᠠᠯ ᠳᠠᠭᠠᠨ ᠣᠰᠣᠯᠳᠣᠬᠤ᠂ ᠠᠵᠢᠯ ᠳᠠᠭᠠᠨ ᠠᠯᠮᠠᠶᠢᠷᠠᠬᠤ ᠠᠴᠠ ᠪᠣᠯᠵᠣ ᠬᠦᠨᠳᠦ ᠨᠣᠴᠢᠲᠠᠢ ᠦᠷ᠎ᠡ ᠳ᠋ᠦᠩ ᠢ ᠪᠣᠢ ᠪᠣᠯᠭᠠᠭᠰᠠᠳ ᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃     ︵ ᠲᠠᠪᠤ︶ ᠳᠡᠭᠡᠭᠰᠢ ᠮᠡᠳᠡᠬᠦᠯᠬᠦ ᠮᠡᠳᠡᠭᠡ ᠵᠠᠩᠬᠢ ᠶᠢ ᠬᠢᠨᠠᠨ ᠲᠣᠭᠲᠠᠭᠠᠬᠤ᠂ ᠬᠢᠨᠠᠨ ᠰᠢᠯᠭᠠᠬᠤ ᠳᠦᠷᠢᠮ᠃ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠬᠦ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠪᠠ ᠮᠡᠳᠡᠭᠡ ᠵᠠᠩᠬᠢ ᠶᠢ ᠬᠡᠷᠡᠭᠯᠡᠭᠰᠡᠨ ᠪᠠᠶᠢᠳᠠᠯ ᠢ ᠨᠢᠬᠡᠳᠦᠯᠳᠡᠢ ᠬᠤᠪᠢ ᠳᠡᠮᠳᠡᠭᠯᠡᠬᠦ ᠠᠷᠭ᠎ᠠ ᠪᠠᠷ ᠬᠢᠨᠠᠨ ᠲᠣᠭᠲᠠᠭᠠᠵᠣ ᠰᠠᠶᠢᠰᠢᠶᠠᠨ ᠬᠦᠬᠢᠬᠦᠯᠬᠦ ᠶᠢᠨ ᠬᠠᠮᠳᠣ᠂ ᠡᠯ᠎ᠡ ᠵᠠᠰᠠᠭ ᠤᠨ ᠣᠷᠳᠣᠨ ᠤ ᠲᠦᠷᠦᠯ  ᠤᠨ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠨᠢᠬᠡᠴᠡ ᠶᠢᠨ ᠮᠡᠳᠡᠭᠡ ᠵᠠᠩᠬᠢ ᠶᠢᠨ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠣᠨ ᠤ ᠠᠮᠵᠢᠯᠲᠠ ᠪᠦᠲᠦᠮᠵᠢ ᠶᠢᠨ ᠬᠠᠷᠠᠯᠳᠠᠳᠣ ᠬᠢᠨᠠᠨ ᠰᠢᠯᠭᠠᠬᠤ ᠠᠵᠢᠯ ᠳᠤ ᠣᠷᠣᠭᠤᠯᠣᠨ᠎ᠠ᠃     ︵ ᠵᠢᠷᠭᠤᠭ᠎ᠠ︶ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯᠳᠠᠨ ᠢ ᠳᠠᠩᠰᠠᠯᠠᠬᠤ ᠳᠦᠷᠢᠮ᠃ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯᠳᠠᠨ ᠢ ᠳᠠᠩᠰᠠᠯᠠᠨ ᠪᠦᠷᠢᠳᠬᠡᠵᠦ᠂ ᠡᠯ᠎ᠡ ᠰᠣᠮᠣ ᠰᠢᠶᠠᠩ ᠪᠠᠯᠭᠠᠰᠣ᠂ ᠡᠯ᠎ᠡ ᠰᠠᠯᠠᠭ᠎ᠠ ᠮᠦᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠬᠢᠴᠢᠨ ᠢ  ᠰᠣᠯᠢᠬᠤ ᠳᠤ ᠬᠦᠷᠪᠡᠯ ᠰᠣᠯᠢᠭᠰᠠᠨ ᠠᠵᠢᠯᠳᠠᠨ ᠤ ᠪᠠᠨ ᠪᠠᠶᠢᠳᠠᠯ ᠢ ᠳᠡᠷᠡ ᠳᠠᠷᠣᠢ ᠳᠤᠨᠢ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ ᠵᠠᠩᠬᠢ ᠪᠠᠶᠢᠴᠠᠭᠠᠨ ᠰᠣᠳᠣᠯᠬᠤ ᠲᠠᠰᠤᠭ ᠲᠤ ᠮᠡᠳᠡᠬᠦᠯᠦᠨ ᠬᠦᠷᠭᠡᠬᠦ ᠬᠡᠷᠡᠭᠲᠡᠢ᠃     ︵ ᠳᠣᠯᠤᠭ᠎ᠠ︶ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯᠳᠠᠨ ᠢ ᠪᠣᠯᠪᠠᠰᠣᠷᠠᠭᠤᠯᠬᠤ ᠪᠠ ᠡᠬᠡᠯᠵᠢᠯᠡᠨ ᠪᠣᠯᠪᠠᠰᠣᠷᠠᠭᠤᠯᠬᠤ ᠳᠦᠷᠢᠮ᠃ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠣᠯᠠᠨ ᠠᠷᠭ᠎ᠠ ᠬᠡᠯᠪᠡᠷᠢ ᠪᠠᠷ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯᠳᠠᠨ ᠢ ᠵᠣᠬᠢᠶᠠᠨ ᠪᠠᠶᠢᠭᠤᠯᠣᠨ ᠲᠣᠬᠠᠶᠢᠯᠠᠭᠰᠠᠨ ᠠᠵᠢᠯ ᠤᠨ ᠪᠣᠯᠪᠠᠰᠣᠷᠠᠯ ᠬᠦᠷᠳᠡᠬᠡᠬᠦ ᠶᠢᠨ ᠬᠠᠮᠳᠣ ᠡᠬᠡᠯᠵᠢᠯᠡᠨ ᠪᠣᠯᠪᠠᠰᠣᠷᠠᠭᠤᠯᠬᠤ ᠳᠦᠷᠢᠮ ᠲᠣᠭᠲᠠᠭᠠᠵᠣ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ  ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠤᠨ ᠭᠤᠣᠯᠯᠠᠭᠴᠢ ᠬᠦᠴᠦᠨ ᠢ ᠰᠢᠯᠢᠨ ᠲᠣᠮᠢᠯᠠᠵᠣ᠂ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ ᠵᠠᠩᠬᠢ ᠶᠢ ᠪᠠᠶᠢᠴᠠᠭᠠᠨ ᠰᠣᠳᠣᠯᠬᠤ ᠳᠠᠰᠤᠭ ᠲᠤ ᠡᠬᠡᠯᠵᠢᠯᠡᠨ ᠪᠣᠯᠪᠠᠰᠣᠷᠠᠭᠤᠯᠣᠨ᠎ᠠ᠃ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠰᠢᠯᠢᠳᠡᠭ ᠠᠵᠢᠯᠳᠠᠨ ᠢ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ ᠵᠠᠩᠬᠢ ᠶᠢ ᠪᠠᠶᠢᠴᠠᠭᠠᠨ ᠰᠣᠳᠣᠯᠬᠤ ᠰᠠᠯᠠᠭ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠡ ᠵᠠᠩᠬᠢ ᠶᠢ ᠪᠠᠶᠢᠴᠠᠭᠠᠨ ᠰᠣᠳᠣᠯᠬᠤ ᠭᠠᠵᠠᠷ ᠲᠤ ᠣᠴᠢᠭᠤᠯᠵᠣ ᠡᠬᠡᠯᠵᠢᠯᠡᠨ ᠪᠣᠯᠪᠠᠰᠣᠷᠠᠭᠤᠯᠣᠨ᠎ᠠ᠃     ︵ᠨᠠᠢᠮᠠ︶ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠤᠨ ᠬᠤᠷᠠᠯ ᠤᠨ ᠳᠦᠷᠢᠮ᠃ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠪᠠᠶᠢᠭᠤᠯᠣᠮᠵᠢ ᠶᠢᠨ ᠬᠠᠷᠢᠭᠤᠴᠠᠯᠭᠠᠳᠠᠨ ᠵᠢᠴᠢ ᠬᠤᠪᠢᠳᠠᠨ ᠬᠠᠮᠢᠶᠠᠷᠬᠤ ᠣᠳᠣᠷᠢᠳᠣᠯᠭ᠎ᠠ ᠠᠴᠠ ᠣᠷᠣᠯᠴᠠᠭᠰᠠᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠤᠨ ᠬᠤᠷᠠᠯ ᠪᠣᠶᠣ ᠰᠠᠭᠤᠳᠠᠯ ᠤᠨ ᠬᠤᠷᠠᠯ ᠢ ᠲᠣᠭᠲᠠᠮᠠᠯ ᠪᠣᠰᠣ ᠬᠤᠭᠤᠴᠠᠭ᠎ᠠ ᠲᠠᠢ ᠪᠠᠷ ᠬᠤᠷᠠᠯᠳᠣᠭᠤᠯᠵᠣ᠂ ᠪᠠᠶᠢᠳᠠᠯ ᠢ ᠮᠡᠳᠡᠬᠡᠯᠡᠬᠦ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠢ ᠰᠣᠳᠣᠯᠣᠨ ᠪᠠᠶᠢᠷᠢᠯᠠᠭᠤᠯᠵᠣ᠂ ᠲᠣᠷᠰᠢᠯᠭ᠎ᠠ ᠪᠠᠨ ᠰᠣᠯᠢᠯᠴᠠᠨ᠎ᠠ᠃      ᠵᠢᠷᠭᠤᠳᠣᠭᠠᠷ ᠪᠦᠯᠦᠭ      ᠰᠢᠶᠠᠩ ᠪᠠᠯᠭᠠᠰᠣ ᠶᠢᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠰᠢᠭᠤᠳ ᠮᠡᠳᠡᠬᠦᠯᠬᠦ   ᠤᠨ ᠴᠢᠭ ᠤᠨ ᠬᠠᠮᠢᠶᠠᠷᠣᠯᠲᠠ ᠶᠢᠨ ᠳᠦᠷᠢᠮ      ᠬᠤᠷᠢᠨ ᠨᠢᠬᠡ᠂ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠪᠦᠬᠦ ᠬᠤᠰᠢᠭᠤᠨ ᠤ ᠪᠣᠳᠠᠳᠠᠢ ᠪᠠᠶᠢᠳᠠᠯ ᠲᠠᠢ ᠣᠶᠠᠯᠳᠣᠭᠤᠯᠵᠣ᠂ ᠮᠠᠨ ᠤ ᠬᠤᠰᠢᠭᠤᠨ ᠤ ᠬᠡᠰᠡᠭ ᠰᠣᠮᠣ ᠰᠢᠶᠠᠩ ᠪᠠᠯᠭᠠᠰᠣ ᠶᠢ ᠰᠣᠩᠭᠤᠨ ᠵᠠᠰᠠᠭ ᠤᠨ ᠶᠠᠪᠣᠳᠠᠯ  ᠤᠨ ᠮᠡᠳᠡᠭᠡ ᠵᠠᠩᠬᠢ ᠶᠢ ᠰᠢᠭᠤᠳ ᠮᠡᠳᠡᠬᠦᠯᠬᠦ ᠴᠡᠭ ᠪᠣᠯᠭᠠᠨ᠎ᠠ᠃     ᠬᠤᠷᠢᠨ ᠬᠤᠶᠠᠷ᠂ ᠮᠠᠨ ᠤ ᠬᠤᠰᠢᠭᠤᠨ ᠤ ᠰᠣᠮᠣ ᠰᠢᠶᠠᠩ ᠪᠠᠯᠭᠠᠰᠣ ᠶᠢᠨ ᠠᠵᠣ ᠠᠬᠤᠢ ᠶᠢᠨ ᠶᠡᠷᠥᠩᠭᠡᠢ ᠬᠡᠮᠵᠢᠶ᠎ᠡ᠂ ᠬᠦᠮᠦᠨ ᠠᠮᠠ ᠵᠢᠴᠢ ᠣᠷᠣᠨ ᠪᠦᠰᠡ ᠶᠢᠨ ᠣᠨᠴᠠᠯᠢᠭ ᠢ ᠦᠨᠳᠦᠰᠦᠯᠡᠵᠦ᠂ ᠰᠣᠮᠣ ᠰᠢᠶᠠᠩ ᠪᠠᠯᠭᠠᠰᠣ  ᠶᠢᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠰᠢᠭᠤᠳ ᠮᠡᠳᠡᠬᠦᠯᠬᠦ‍ ᠴᠢᠭ ᠢ ᠲᠣᠭᠲᠠᠭᠠᠨ᠎ᠠ᠃      ᠬᠤᠷᠢᠨ ᠭᠤᠷᠪᠠ᠂ ᠰᠣᠮᠣ ᠰᠢᠶᠠᠩ ᠪᠠᠯᠭᠠᠰᠣ ᠶᠢᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠰᠢᠭᠤᠳ ᠮᠡᠳᠡᠬᠦᠯᠬᠦ‍ ᠴᠢᠭ ᠪᠣᠯᠬᠤ ᠪᠠᠶᠢᠭᠤᠯᠭ᠎ᠠ ᠨᠢᠬᠡᠴᠡ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ  ᠠᠴᠠ ᠰᠣᠩᠭᠤᠵᠣ᠂ 1 — 4 ᠪᠠᠶᠢᠭᠤᠯᠭ᠎ᠠ ᠨᠢᠬᠡᠴᠡ ᠶᠢ ᠴᠢᠭ ᠢᠶᠠᠷ ᠲᠣᠭᠲᠠᠭᠠᠵᠣ᠂ ᠬᠦᠯᠦᠨ ᠪᠣᠶᠢᠷ ᠬᠤᠲᠠ  ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠳᠠᠩᠰᠠᠯᠠᠭᠤᠯᠣᠨ᠎ᠠ᠃      ᠬᠤᠷᠢᠨ ᠳᠦᠷᠪᠡ᠂ ᠡᠯ᠎ᠡ ᠰᠣᠮᠣ ᠰᠢᠶᠠᠩ ᠪᠠᠯᠭᠠᠰᠣ ᠶᠢᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠰᠢᠭᠤᠳ ᠮᠡᠳᠡᠬᠦᠯᠬᠦ‍ ᠴᠢᠭ ᠤᠳ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠮᠡᠳᠡᠬᠦᠯᠦᠨ ᠬᠦᠷᠭᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠳᠡᠭᠡᠭᠰᠢ ᠮᠡᠳᠡᠬᠦᠯᠬᠦ ᠠᠵᠢᠯ  ᠢ ᠲᠣᠰᠬᠠᠢ ᠬᠦᠮᠦᠨ ᠢᠶᠠᠷ ᠬᠠᠷᠢᠭᠤᠴᠠᠭᠤᠯᠣᠨ᠎ᠠ᠃      ᠬᠤᠷᠢᠨ ᠲᠠᠪᠤ᠂ ᠰᠣᠮᠣ ᠰᠢᠶᠠᠩ ᠪᠠᠯᠭᠠᠰᠣ ᠶᠢᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠰᠢᠭᠤᠳ ᠮᠡᠳᠡᠬᠦᠯᠬᠦ‍ ᠴᠢᠭ ᠲᠤ ᠣᠨ ᠤ ᠬᠦᠳᠡᠯᠦᠩᠬᠦᠢ ᠬᠠᠮᠢᠶᠠᠷᠣᠯᠲᠠ ᠬᠢᠬᠦ᠂ ᠠᠳᠠᠭ ᠲᠤ ᠣᠷᠣᠭᠰᠠᠨ ᠰᠢᠷᠪᠢᠭᠳᠡᠬᠦᠯᠬᠦ ᠳᠦᠷᠢᠮ ᠢ ᠬᠡᠷᠡᠭᠵᠢᠬᠦᠯᠦᠨ᠎ᠡ᠃ ᠪᠦᠬᠦ ᠵᠢᠯ ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠮᠡᠳᠡᠬᠦᠯᠦᠨ ᠬᠦᠷᠭᠡᠬᠦ ᠰᠢᠯᠭᠠᠨ ᠲᠣᠭᠲᠠᠭᠠᠯᠲᠠ ᠳᠤ ᠬᠠᠮᠤᠭ ᠰᠡᠭᠦᠯᠴᠢ ᠶᠢᠨ ᠭᠤᠷᠪᠠᠨ ᠨᠡᠷᠡᠰ ᠲᠤ ᠵᠢᠬᠰᠠᠭᠠᠭᠳᠠᠭᠰᠠᠨ ᠰᠣᠮᠣ ᠰᠢᠶᠠᠩ ᠪᠠᠯᠭᠠᠰᠣ ᠶᠢᠨ ᠰᠢᠭᠤᠳ ᠮᠡᠳᠡᠬᠦᠯᠬᠦ‍ ᠴᠢᠭ ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠰᠢᠭᠤᠳ ᠮᠡᠳᠡᠬᠦᠯᠬᠦ ᠴᠢᠭ ᠪᠣᠯᠬᠤ ᠬᠢᠷᠢ ᠬᠡᠮ ᠢ ᠨᠢ ᠬᠠᠰᠣᠨ᠎ᠠ᠃     ᠳᠣᠯᠣᠳᠣᠭᠠᠷ ᠪᠦᠯᠦᠭ      ᠠᠵᠢᠯ ᠤᠨ ᠪᠠᠳᠣᠯᠠᠭ᠎ᠠ     ᠬᠤᠷᠢᠨ ᠵᠢᠷᠭᠤᠭ᠎ᠠ᠂ ᠡᠯ᠎ᠡ ᠱᠠᠲᠣᠨ ᠤ ᠵᠠᠰᠠᠭ ᠤᠨ ᠣᠷᠳᠣᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠤᠨ ᠮᠡᠳᠡᠭᠡ ᠵᠠᠩᠬᠢᠵᠢᠯᠲᠠ ᠶᠢᠨ ᠪᠦᠲᠦᠭᠡᠨ ᠪᠠᠶᠢᠭᠤᠯᠣᠯᠲᠠ ᠶᠢ ᠵᠠᠰᠠᠭ ᠤᠨ ᠣᠷᠳᠣᠨ ᠤ ᠰᠢᠰᠲ᠋ᠧᠮ ᠤᠨ ᠮᠡᠳᠡᠭᠡ ᠵᠠᠩᠬᠢᠵᠢᠯᠲᠠ ᠶᠢᠨ ᠪᠦᠲᠦᠭᠡᠨ ᠪᠠᠶᠢᠭᠤᠯᠣᠯᠲᠠ ᠶᠢᠨ ᠲᠦᠯᠦᠪᠵᠢᠬᠦᠯᠬᠡ ᠳᠤ ᠣᠷᠣᠭᠤᠯᠵᠣ᠂ ᠮᠡᠳᠡᠭᠡ ᠵᠠᠩᠬᠢ ᠳᠠᠮᠵᠢᠭᠤᠯᠣᠨ ᠬᠦᠷᠭᠡᠬᠦ ᠲᠣᠣᠷ ᠰᠦᠯᠵᠢᠶ᠎ᠡ ᠶᠢ ᠲᠡᠬᠦᠯᠳᠡᠷᠵᠢᠬᠦᠯᠵᠦ᠂ ᠮᠡᠳᠡᠭᠡ ᠵᠠᠩᠬᠢ ᠳᠠᠮᠵᠢᠭᠤᠯᠣᠨ ᠬᠦᠷᠭᠡᠵᠦ ᠰᠢᠢᠳᠪᠦᠷᠢᠯᠡᠬᠦ ᠲᠣᠭᠠᠴᠢᠯᠠᠭᠰᠠᠨ᠂ ᠲᠣᠣᠷᠵᠢᠭᠰᠠᠨ᠂ ᠨᠢᠬᠡ ᠴᠣᠭᠴᠠᠵᠢᠭᠰᠠᠨ ᠲᠠᠪᠴᠠᠩ ᠢ ᠪᠠᠶᠢᠭᠤᠯᠬᠤ ᠬᠡᠷᠡᠭᠲᠡᠢ᠃ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠤᠨ ᠵᠠᠷᠣᠳᠠᠯ ᠢ ᠠᠳᠠᠯᠢ ᠱᠠᠲᠣᠨ ᠤ ᠡᠳ᠋ ᠤᠨ ᠵᠠᠰᠠᠭ ᠤᠨ ᠲᠦᠰᠦᠪ ᠲᠤ ᠣᠷᠣᠭᠤᠯᠬᠤ ᠶᠢᠨ ᠬᠠᠮᠳᠣ ᠠᠵᠣ ᠠᠬᠤᠢ ᠶᠢᠨ ᠬᠦᠭᠵᠢᠯᠲᠡ ᠶᠢ ᠳᠠᠭᠠᠯᠳᠣᠨ᠂ ᠡᠳ᠋ ᠤᠨ ᠵᠠᠰᠠᠭ ᠠᠴᠠ ᠡᠬᠦᠨ ᠤ ᠲᠣᠬᠠᠢ ᠵᠠᠷᠣᠳᠠᠯ ᠢ ᠵᠣᠬᠢᠰᠲᠠᠢ ᠨᠡᠮᠡᠭᠳᠡᠬᠦᠯᠵᠦ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠰᠠᠯᠠᠭ᠎ᠠ ᠮᠦᠴᠢᠷ ᠤᠨ ᠣᠳᠣ ᠦᠶ᠎ᠡ ᠶᠢᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠯᠡᠨ ᠰᠢᠨ᠎ᠡ ᠶᠢ ᠡᠬᠦᠳᠬᠦ ᠦᠢᠯᠡᠴᠢᠯᠡᠬᠡᠨ ᠤ ᠠᠭᠤᠯᠭ᠎ᠠ ᠪᠠ ᠠᠴᠢᠶᠠᠯᠠᠪᠣᠷᠢ ᠪᠣᠯᠭᠠᠬᠤ ᠶᠢ ᠳᠡᠮᠵᠢᠨ᠎ᠡ᠃     ᠬᠤᠷᠢᠨ ᠳᠣᠯᠤᠭ᠎ᠠ᠂ ᠡᠯ᠎ᠡ ᠱᠠᠲᠣᠨ ᠤ ᠵᠠᠰᠠᠭ ᠤᠨ ᠣᠷᠳᠣᠨ ᠪᠠ ᠡᠯ᠎ᠡ ᠰᠠᠯᠠᠭ᠎ᠠ ᠮᠦᠴᠢᠷ ᠤᠳ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠪᠠᠶᠢᠭᠤᠯᠣᠯᠲᠠ ᠪᠠᠨ ᠴᠢᠩᠭᠠᠳᠬᠠᠵᠣ᠂ ᠮᠡᠳᠡᠭᠡ ᠵᠠᠩᠬᠢ ᠶᠢᠨ ᠠᠵᠢᠯ ᠤᠨ ᠮᠡᠷᠭᠡᠵᠢᠯ ᠤᠨ ᠬᠦᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠬᠤ ᠮᠡᠳᠡᠭᠡ ᠵᠠᠩᠬᠢ ᠶᠢ ᠬᠢᠨᠠᠨ ᠪᠠᠶᠢᠴᠠᠭᠠᠬᠤ᠂ ᠮᠡᠳᠡᠭᠡ ᠵᠠᠩᠬᠢ ᠴᠣᠭᠯᠠᠭᠤᠯᠬᠤ᠂ ᠡᠬᠡ ᠪᠢᠴᠢᠭ ᠪᠣᠯᠭᠠᠬᠤ ᠮᠡᠷᠭᠡᠵᠢᠯ ᠤᠨ ᠠᠷᠭ᠎ᠠ ᠪᠠᠷᠢᠯ ᠢ ᠲᠦᠷᠭᠡᠭᠡᠨ ᠲᠡᠬᠦᠯᠳᠡᠷᠵᠢᠬᠦᠯᠬᠦ ᠬᠡᠷᠡᠭᠲᠡᠢ᠃ ᠮᠡᠳᠡᠭᠡ ᠵᠠᠩᠬᠢ ᠶᠢᠨ ᠡᠬᠢ ᠪᠠᠶᠠᠯᠢᠭ ᠤᠨ ᠳ᠋ᠠᠶᠢᠲ᠋ᠠ ᠬᠦᠮᠦᠷᠬᠡ ᠵᠢᠴᠢ ᠬᠠᠮᠢᠶᠠᠷᠣᠯᠲᠠ ᠶᠢᠨ ᠰᠢᠰᠲ᠋ᠧᠮ ᠢ ᠠᠭᠠᠵᠢᠮ ᠢᠶᠠᠷ ᠪᠠᠶᠢᠭᠤᠯᠣᠨ ᠪᠦᠷᠢᠨᠰᠢᠬᠦᠯᠵᠦ᠂ ᠮᠡᠳᠡᠭᠡ ᠵᠠᠩᠬᠢ ᠶᠢ ᠠᠮᠣᠷ ᠲᠦᠪᠰᠢᠨ᠂ ᠵᠦᠪ ᠣᠨᠣᠪᠴᠢᠲᠠᠢ᠂ ᠳᠠᠷᠣᠢ ᠲᠦᠷᠭᠡᠨ ᠰᠢᠢᠳᠪᠦᠷᠢᠯᠡᠬᠦ᠂ ᠳᠠᠮᠵᠢᠭᠤᠯᠬᠤ ᠪᠠ ᠨᠦᠬᠡᠴᠡᠯᠡᠬᠦ ᠶᠢ ᠪᠡᠶᠡᠯᠡᠬᠦᠯᠦᠨ᠎ᠡ᠃     ᠬᠤᠷᠢᠨ ᠨᠠᠢᠮᠠ᠂ ᠡᠯ᠎ᠡ ᠱᠠᠲᠣᠨ ᠤ ᠵᠠᠰᠠᠭ ᠤᠨ ᠣᠷᠳᠣᠨ ᠪᠠ ᠡᠯ᠎ᠡ ᠰᠠᠯᠠᠭ᠎ᠠ ᠮᠦᠴᠢᠷ ᠤᠳ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯᠳᠠᠨ ᠳᠤ ᠴᠢᠬᠤᠯᠠ ᠪᠦᠬᠦᠢ ᠠᠵᠢᠯ ᠤᠨ ᠪᠠᠳᠣᠯᠠᠭ᠎ᠠ ᠬᠠᠩᠭᠠᠵᠣ᠂ ᠠᠵᠢᠯᠯᠠᠬᠤ ᠨᠦᠬᠦᠴᠡᠯ ᠢ ᠨᠢ ᠲᠠᠰᠣᠷᠠᠯᠲᠠ ᠦᠭᠡᠢ ᠰᠠᠶᠢᠵᠢᠷᠠᠭᠤᠯᠵᠣ᠂ ᠠᠵᠢᠯ ᠤᠨ ᠠᠷᠭ᠎ᠠ ᠪᠠᠷᠢᠯ ᠢ ᠰᠠᠶᠢᠵᠢᠷᠠᠭᠤᠯᠬᠤ ᠬᠡᠷᠡᠭᠲᠡᠢ᠃ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠢ ᠡᠷᠬᠢᠯᠡᠵᠦ ᠪᠠᠶᠢᠬᠤ ᠪᠠᠶᠢᠭᠤᠯᠣᠮᠵᠢ ᠲᠣᠰᠬᠠᠢ ᠺᠣᠮᠫᠢᠥ᠋ᠲ᠋ᠧᠷ ᠵᠢᠴᠢ ᠲᠣᠣᠷ ᠰᠦᠯᠵᠢᠶᠡᠨ ᠤ ᠪᠡᠯᠡᠳᠬᠡᠮᠵᠢ ᠲᠣᠬᠢᠷᠠᠭᠤᠯᠵᠣ᠂ ᠮᠡᠳᠡᠭᠡ ᠵᠠᠩᠬᠢ  ᠶᠢᠨ ᠪᠠᠴᠢᠮ ᠪᠠᠶᠢᠳᠠᠯ ᠢ ᠠᠷᠭᠠᠴᠠᠵᠣ ᠰᠢᠢᠳᠪᠦᠷᠢᠯᠡᠬᠦ ᠲᠦᠭᠦᠭᠡᠷᠦᠮᠵᠢ ᠲᠣᠬᠢᠷᠠᠭᠤᠯᠬᠤ ᠶᠢ ᠴᠢᠩᠭᠠᠳᠬᠠᠵᠣ᠂ ᠪᠠᠴᠢᠮ ᠣᠨᠴᠠᠭᠠᠢ ᠪᠠᠶᠢᠳᠠᠯ ᠳᠣᠣᠷ᠎ᠠ ᠮᠡᠳᠡᠭᠡ ᠵᠠᠩᠬᠢ ᠳᠠᠮᠵᠢᠭᠤᠯᠬᠤ ᠠᠷᠭ᠎ᠠ ᠵᠠᠮ ᠤᠨ ᠨᠡᠪᠳᠡᠷᠬᠡᠢ᠂ ᠦᠨᠳᠦᠷ ᠦᠷ᠎ᠡ ᠠᠰᠢᠭ  ᠲᠠᠢ᠂ ᠨᠢᠭᠤᠴᠠ ᠶᠢ ᠬᠠᠮᠠᠭᠠᠯᠠᠬᠤ᠂ ᠠᠮᠣᠷ ᠲᠦᠪᠰᠢᠨ ᠪᠠᠶᠢᠬᠤ ᠶᠢ ᠪᠠᠳᠣᠯᠠᠬᠤ ᠬᠡᠷᠡᠭᠲᠡᠢ᠃     ᠬᠤᠷᠢ ᠶᠢᠰᠦ᠂ ᠡᠯ᠎ᠡ ᠱᠠᠲᠣᠨ ᠤ ᠵᠠᠰᠠᠭ ᠤᠨ ᠣᠷᠳᠣᠨ ᠪᠠ ᠡᠯ᠎ᠡ ᠰᠠᠯᠠᠭ᠎ᠠ ᠮᠦᠴᠢᠷ ᠤᠳ ᠬᠤᠷᠠᠯ ᠳᠤ ᠣᠷᠣᠯᠴᠠᠬᠤ᠂ ᠪᠢᠴᠢᠭ ᠮᠠᠲ᠋ᠧᠷᠢᠶᠠᠯ ᠦᠵᠡᠬᠦ᠂ ᠪᠠᠶᠢᠴᠠᠭᠠᠨ ᠰᠣᠳᠣᠯᠬᠤ ᠵᠡᠷᠭᠡ ᠲᠠᠯ᠎ᠠ ᠪᠠᠷ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯᠳᠠᠨ ᠳᠤ ᠢᠳᠡᠪᠬᠢᠲᠡᠢ ᠪᠠᠷ ᠨᠦᠬᠦᠴᠡᠯ ᠪᠦᠷᠢᠯᠳᠦᠬᠦᠯᠦᠨ ᠦᠭᠴᠦ᠂ ᠳᠡᠳᠡᠨᠣᠰ ᠤᠨ ᠠᠵᠢᠯ ᠤᠨ ᠢᠳᠡᠪᠬᠢᠵᠢᠯ ᠢ ᠨᠢ ᠳᠠᠶᠢᠴᠢᠯᠠᠵᠣ᠂ ᠳᠡᠳᠡᠨᠣᠰ ᠲᠤ ᠠᠭᠤᠵᠢᠮ ᠰᠠᠶᠢᠬᠠᠨ ᠠᠵᠢᠯ ᠤᠨ ᠣᠷᠴᠢᠨ ᠨᠦᠬᠦᠴᠡᠯ  ᠢ ᠡᠬᠦᠳᠴᠦ ᠦᠭᠬᠦ ᠬᠡᠷᠡᠭᠲᠡᠢ᠃    ᠭᠤᠴᠢ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯᠳᠠᠨ ᠢ ᠬᠦᠮᠦᠵᠢᠬᠦᠯᠬᠦ ᠬᠡᠷᠡᠭᠯᠡᠬᠦ ᠬᠦᠴᠦᠯᠡᠴᠡ  ᠪᠠᠨ ᠨᠡᠮᠡᠭᠳᠡᠬᠦᠯᠵᠦ᠂ ᠲᠣᠰᠬᠠᠢ ᠰᠡᠳᠦᠪ ᠢᠶᠠᠷ ᠪᠣᠯᠪᠠᠰᠣᠷᠠᠭᠤᠯᠬᠤ᠂ ᠲᠣᠬᠠᠶᠢᠯᠠᠭᠰᠠᠨ ᠠᠵᠢᠯ ᠤᠨ ᠲᠣᠬᠠᠢ ᠪᠠᠶᠢᠴᠠᠭᠠᠨ ᠰᠣᠳᠣᠯᠬᠤ᠂ ᠬᠠᠮᠳᠣᠷᠠᠨ ᠪᠠᠶᠢᠴᠠᠭᠠᠨ ᠰᠣᠳᠣᠯᠬᠤ ᠵᠡᠷᠭᠡ ᠠᠷᠭ᠎ᠠ ᠬᠡᠯᠪᠡᠷᠢ ᠪᠠᠷ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯᠳᠠᠨ ᠤ ᠶᠡᠷᠥᠩᠬᠡᠢ ᠬᠡᠪ ᠪᠣᠯᠪᠠᠰᠣᠷᠠᠯ ᠢ ᠨᠢ ᠳᠡᠭᠡᠭᠰᠢᠯᠡᠬᠦᠯᠵᠦ᠂ ᠮᠣᠷᠠᠯ ᠴᠢᠳᠠᠪᠣᠷᠢ ᠬᠤᠣᠰᠯᠠᠭᠰᠠᠨ ᠂ ᠳᠣᠪᠣᠶᠢᠮ᠎ᠠ ᠠᠮᠵᠢᠯᠲᠠ ᠣᠯᠣᠭᠰᠠᠨ ᠺᠠᠳ᠋ᠷ ᠢ ᠴᠢᠬᠤᠯᠠᠴᠢᠯᠠᠨ ᠬᠡᠷᠡᠭᠯᠡᠬᠦ ᠬᠡᠷᠡᠭᠲᠡᠢ᠃ ᠦᠨᠡᠨᠬᠦ ᠪᠦᠲᠦᠮᠵᠢᠲᠡᠢ ᠠᠷᠭ᠎ᠠ ᠬᠡᠮᠵᠢᠶ᠎ᠡ ᠠᠪᠴᠣ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠤᠨ ᠰᠢᠰᠲ᠋ᠧᠮ ᠤᠨ ᠲᠣᠳᠣᠭᠠᠳᠣᠬᠢ ᠬᠠᠷᠢᠯᠴᠠᠨ ᠨᠡᠪᠳᠡᠷᠡᠯᠴᠡᠬᠦ ᠪᠠᠨ ᠴᠢᠩᠭᠠᠳᠬᠠᠵᠣ᠂ ᠬᠠᠷᠢᠯᠴᠠᠨ ᠰᠣᠷᠣᠯᠴᠠᠨ ᠰᠣᠯᠢᠯᠴᠠᠬᠤ ᠲᠣᠭᠲᠠᠴᠠ ᠶᠢ ᠪᠠᠶᠢᠭᠤᠯᠣᠨ ᠲᠡᠬᠦᠯᠳᠡᠷᠵᠢᠬᠦᠯᠬᠦ ᠬᠡᠷᠡᠭᠲᠡᠢ᠃                                          ᠡᠸ᠋ᠨᠩᠬᠢ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ                ᠶᠠᠪᠣᠳᠠᠯ   ᠤᠨ   ᠮᠡᠳᠡᠭᠡ   ᠵᠠᠩᠬᠢ   ᠶᠢ  ᠰᠢᠯᠭᠠᠨ  ᠲᠣᠭᠲᠠᠭᠠᠬᠤ  ᠠᠷᠭ᠎ᠠ           ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠮᠡᠳᠡᠬᠦᠯᠦᠨ ᠬᠦᠷᠭᠡᠬᠦ ᠪᠠ ᠨᠠᠶᠢᠷᠠᠭᠤᠯᠣᠨ ᠪᠢᠴᠢᠬᠦ ᠠᠵᠢᠯ ᠢ ᠠᠯᠬᠤᠮ ᠴᠢᠨᠠᠭᠰᠢᠲᠠ ᠴᠢᠩᠭᠠᠳᠬᠠᠵᠣ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠦᠨᠡᠯᠡᠨ ᠲᠣᠭᠲᠠᠭᠠᠬᠤ ᠵᠦᠢ ᠵᠣᠬᠢᠰᠲᠠᠢ ᠪᠠᠷᠢᠮᠵᠢᠶ᠎ᠠ ᠶᠢ ᠲᠣᠭᠲᠠᠭᠠᠵᠣ᠂ ᠵᠠᠰᠠᠭ  ᠤᠨ ᠶᠠᠪᠣᠳᠠᠯ ᠤᠨ ᠮᠡᠳᠡᠭᠡ ᠵᠠᠩᠬᠢ ᠶᠢᠨ ᠦᠢᠯᠡᠴᠢᠯᠡᠬᠡᠨ ᠤ ᠶᠠᠰᠣ ᠴᠢᠨᠠᠷ ᠪᠠ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠬᠦ ᠶᠢᠨ ᠲᠦᠯᠦᠭᠡ᠂ ᠲᠣᠰ ᠠᠷᠭ᠎ᠠ ᠶᠢ ᠣᠨᠴᠠᠭᠠᠶᠢᠯᠠᠨ ᠲᠣᠭᠲᠠᠭᠠᠪᠠ᠃      ᠨᠢᠬᠡ᠂ ᠰᠢᠯᠭᠠᠨ ᠲᠣᠭᠲᠠᠭᠠᠬᠤ ᠡᠳᠡᠬᠡᠳ ︵ᠳ᠋ᠦᠢᠰᠢᠶᠠᠩ︶      ᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ︔ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠃      ᠬᠤᠶᠠᠷ᠂ ᠰᠢᠯᠭᠠᠨ ᠲᠣᠭᠲᠠᠭᠠᠬᠤ ᠠᠭᠤᠯᠭ᠎ᠠ     ︵ ᠨᠢᠬᠡ︶ ᠳᠡᠭᠡᠭᠰᠢ ᠮᠡᠳᠡᠬᠦᠯᠦᠭᠰᠡᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠨᠢ ᠲᠦᠷᠦ ᠶᠢᠨ ᠶᠠᠪᠣᠳᠠᠯ  ᠤᠨ ᠬᠤᠷᠢᠶᠠᠨ ᠤ ᠠᠯᠪᠠᠨ ᠲᠢᠩᠬᠢᠮ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ᠂ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠵᠢᠴᠢ ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠬᠡᠷᠡᠭᠯᠡᠭᠳᠡᠭᠰᠡᠨ ᠪᠠᠶᠢᠳᠠᠯ︔     ︵ ᠬᠤᠶᠠᠷ︶ ᠪᠠᠶᠢᠴᠠᠭᠠᠨ ᠰᠣᠳᠣᠯᠬᠤ᠂ ᠪᠣᠯᠵᠣᠭᠰᠠᠨ ᠡᠬᠡ ᠪᠢᠴᠢᠭ ᠤᠨ ᠡᠬᠦᠷᠭᠡ ᠪᠠᠨ ᠪᠡᠶᠡᠯᠡᠬᠦᠯᠦᠭᠰᠡᠨ ᠪᠠᠶᠢᠳᠠᠯ︔     ︵ ᠭᠤᠷᠪᠠ︶ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠮᠡᠳᠡᠬᠦᠯᠦᠨ ᠬᠦᠷᠭᠡᠬᠦ ᠪᠠᠶᠢᠭᠤᠯᠭ᠎ᠠ ᠨᠢᠭᠡᠴᠡ  ᠶᠢᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠢᠶᠠᠨ ᠦᠷᠨᠢᠬᠦᠯᠦᠭᠰᠡᠨ ᠪᠠᠶᠢᠳᠠᠯ︔      ᠭᠤᠷᠪᠠ᠂ ᠰᠢᠯᠭᠠᠨ ᠲᠣᠭᠲᠠᠭᠠᠬᠤ ᠪᠠᠷᠢᠮᠵᠢᠶ᠎ᠠ      ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠰᠢᠯᠭᠠᠨ ᠲᠣᠭᠲᠠᠭᠠᠬᠤ ᠠᠵᠢᠯ ᠢ ᠣᠨ ᠢᠶᠠᠷ ᠶᠠᠪᠣᠭᠳᠠᠭᠤᠯᠵᠣ᠂ ᠰᠢᠯᠭᠠᠨ ᠲᠣᠭᠲᠠᠭᠠᠬᠤ ᠳᠤ ᠮᠡᠳᠡᠭᠡ ᠵᠠᠩᠬᠢ ᠶᠢᠨ ᠬᠡᠷᠡᠭᠯᠡᠭᠳᠡᠭᠰᠡᠨ ᠲᠤᠭ᠎ᠠ ᠪᠠᠷ ᠬᠤᠪᠢ ᠳᠡᠮᠳᠡᠭᠯᠡᠬᠦ ᠬᠢᠬᠡᠳ ᠮᠡᠳᠡᠭᠡ ᠵᠠᠩᠬᠢ ᠶᠢᠨ ᠠᠵᠢᠯ ᠢ ᠦᠷᠨᠢᠬᠦᠯᠦᠭᠰᠡᠨ ᠪᠠᠶᠢᠳᠠᠯ ᠢᠶᠠᠷ ᠬᠤᠪᠢ ᠲᠣᠭᠲᠠᠭᠠᠵᠣ ᠰᠢᠯᠭᠠᠨ ᠲᠣᠭᠲᠠᠭᠠᠯᠲᠠ ᠶᠢᠨ ᠬᠤᠶᠠᠷ ᠵᠦᠢᠯ ᠤᠨ ᠨᠡᠶᠢᠯᠡᠪᠦᠷᠢ ᠬᠤᠪᠢ ᠪᠠᠷ ᠦᠨᠡᠯᠡᠨ ᠰᠢᠯᠭᠠᠬᠤ ᠬᠤᠪᠢ ᠶᠢ ᠲᠣᠭᠲᠠᠭᠠᠬᠤ ᠠᠷᠭ᠎ᠠ ᠶᠢ ᠬᠡᠷᠡᠭᠯᠡᠨ᠎ᠡ᠃     ︵ ᠨᠢᠬᠡ︶ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠬᠡᠷᠡᠭᠯᠡᠭᠰᠡᠨ ᠪᠠᠶᠢᠳᠠᠯ     ᠮᠡᠳᠡᠬᠦᠯᠦᠨ ᠬᠦᠷᠭᠡᠭᠰᠡᠨ ᠲᠤᠭ᠎ᠠ ᠬᠡᠳᠡᠭ ᠨᠢ ᠳᠠᠷᠣᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠡ ᠵᠠᠩᠬᠢ ᠶᠢ ᠪᠠᠶᠢᠴᠠᠭᠠᠨ ᠰᠣᠳᠣᠯᠬᠤ ᠳᠠᠰᠤᠭ ᠲᠤ ᠮᠡᠳᠡᠬᠦᠯᠦᠨ ᠬᠦᠷᠭᠡᠭᠰᠡᠨ ᠮᠡᠳᠡᠭᠡ ᠵᠠᠩᠬᠢ  ᠶᠢᠨ ᠲᠤᠭ᠎ᠠ ᠶᠢ ᠵᠢᠭᠠᠵᠣ ᠪᠣᠢ᠂ ᠬᠦᠷᠭᠡᠭᠰᠡᠨ ᠮᠡᠳᠡᠭᠡ ᠵᠠᠩᠬᠢ ᠨᠢᠬᠡᠪᠦᠷᠢ ᠶᠢ 1 ᠬᠤᠪᠢ ᠪᠠᠷ ᠪᠣᠳᠣᠨ᠎ᠠ︔ ᠬᠤᠰᠢᠭᠤᠨ ᠤ ᠬᠡᠷᠡᠭᠯᠡᠭᠰᠡᠨ ᠲᠤᠭ᠎ᠠ ᠬᠡᠳᠡᠭ ᠨᠢ ᠳᠠᠷᠣᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ ᠵᠠᠩᠬᠢ ᠪᠠᠶᠢᠴᠠᠭᠠᠨ ᠰᠣᠳᠣᠯᠬᠤ ᠳᠠᠰᠤᠭ ᠲᠤ ᠬᠡᠷᠡᠭᠯᠡᠭᠳᠡᠭᠰᠡᠨ ᠲᠤᠭ᠎ᠠ ᠶᠢ ᠵᠢᠭᠠᠵᠣ ᠪᠣᠢ᠂ ᠮᠡᠳᠡᠭᠡ ᠵᠠᠩᠬᠢ ᠨᠢᠬᠡᠪᠦᠷᠢ ᠶᠢ 5 ᠬᠤᠪᠢ ᠪᠠᠷ ᠪᠣᠳᠣᠨ᠎ᠠ︔ ᠬᠤᠲᠠ ᠶᠢᠨ ᠬᠡᠷᠡᠭᠯᠡᠭᠰᠡᠨ ᠲᠤᠭ᠎ᠠ ᠬᠡᠳᠡᠭ ᠨᠢ ᠳᠠᠷᠣᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠡ ᠵᠠᠩᠬᠢ ᠪᠠᠶᠢᠴᠠᠭᠠᠨ ᠰᠣᠳᠣᠯᠬᠤ ᠰᠠᠯᠠᠭ᠎ᠠ ᠳᠤ ᠬᠡᠷᠡᠭᠯᠡᠭᠳᠡᠭᠰᠡᠨ ᠮᠡᠳᠡᠭᠡ ᠵᠠᠩᠬᠢ ᠵᠢᠭᠠᠵᠣ ᠪᠣᠢ᠂ ᠬᠡᠷᠡᠭᠯᠡᠭᠳᠡᠭᠰᠡᠨ ᠮᠡᠳᠡᠭᠡ ᠵᠠᠩᠬᠢ ᠨᠢᠬᠡᠪᠦᠷᠢ ᠶᠢ 10 ᠬᠤᠪᠢ ᠪᠠᠷ ᠪᠣᠳᠣᠨ᠎ᠠ︔ ᠣᠷᠣᠨ ᠤ ᠬᠡᠷᠡᠭᠯᠡᠭᠰᠡᠨ ᠲᠤᠭ᠎ᠠ ᠬᠡᠳᠡᠭ ᠨᠢ ᠳᠠᠷᠣᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠡ ᠵᠠᠩᠬᠢ ᠪᠠᠶᠢᠴᠠᠭᠠᠨ ᠰᠣᠳᠣᠯᠬᠤ ᠭᠠᠵᠠᠷ ᠲᠤ ᠬᠡᠷᠡᠭᠯᠡᠭᠳᠡᠭᠰᠡᠨ ᠮᠡᠳᠡᠭᠡ ᠵᠠᠩᠬᠢ ᠶᠢᠨ ᠲᠤᠭ᠎ᠠ ᠶᠢ ᠵᠢᠭᠠᠵᠣ ᠪᠣᠢ᠂ ᠬᠡᠷᠡᠭᠯᠡᠭᠳᠡᠭᠰᠡᠨ ᠮᠠᠳᠡᠭᠡ ᠵᠠᠩᠬᠢ ᠨᠢᠬᠡᠪᠦᠷᠢ ᠶᠢ 20 ᠬᠤᠪᠢ ᠪᠠᠷ ᠪᠣᠳᠣᠨ᠎ᠠ︔ ᠲᠦᠷᠦ ᠶᠢᠨ ᠶᠠᠪᠣᠳᠠᠯ ᠤᠨ ᠬᠤᠷᠢᠶᠠᠨ ᠳᠤ ᠬᠡᠷᠡᠭᠯᠡᠭᠰᠡᠨ ᠲᠤᠭ᠎ᠠ ᠬᠡᠳᠡᠭ ᠨᠢ ᠳᠠᠷᠣᠢ ᠲᠦᠷᠦ ᠶᠢᠨ ᠶᠠᠪᠣᠳᠠᠯ ᠤᠨ ᠬᠤᠷᠢᠶᠠᠨ ᠤ ᠠᠯᠪᠠᠨ ᠲᠢᠩᠬᠢᠮ ᠳᠤ ᠬᠡᠷᠡᠭᠯᠡᠭᠳᠡᠭᠰᠡᠨ ᠮᠡᠳᠡᠭᠡ ᠵᠠᠩᠬᠢ ᠶᠢᠨ ᠲᠤᠭ᠎ᠠ ᠶᠢ ᠵᠢᠭᠠᠵᠣ ᠪᠣᠢ᠂ ᠬᠡᠷᠡᠭᠯᠡᠭᠳᠡᠭᠰᠡᠨ ᠮᠡᠳᠡᠭᠡ ᠵᠠᠩᠬᠢ ᠨᠢᠬᠡᠪᠦᠷᠢ ᠶᠢ 30 ᠬᠤᠪᠢ ᠪᠠᠷ ᠪᠣᠳᠣᠨ᠎ᠠ᠃     ᠠᠳᠠᠯᠢ ᠨᠢᠬᠡᠨ ᠮᠡᠳᠡᠭᠡ ᠵᠠᠩᠬᠢ ᠨᠢ ᠲᠦᠷᠦ ᠶᠢᠨ ᠶᠠᠪᠣᠳᠠᠯ ᠤᠨ ᠬᠤᠷᠢᠶᠠᠨ ᠤ ᠠᠯᠪᠠᠨ ᠲᠢᠩᠬᠢᠮ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠪᠠ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠲᠣᠰ ᠲᠣᠰ ᠬᠡᠷᠡᠭᠯᠡᠭᠳᠡᠭᠰᠡᠨ ᠪᠠᠶᠢᠪᠠᠯ ᠨᠡᠶᠢᠯᠡᠬᠦᠯᠦᠨ ᠬᠤᠪᠢ  ᠶᠢ ᠨᠢ ᠨᠡᠮᠡᠵᠦ ᠦᠭᠬᠦᠨ᠎ᠡ᠃     ︵ ᠬᠤᠶᠠᠷ︶ ᠪᠠᠶᠢᠴᠠᠭᠠᠨ ᠰᠣᠳᠣᠯᠣᠯᠲᠠ ᠶᠢᠨ ᠲᠣᠬᠠᠢ ᠮᠡᠳᠡᠭᠡ ᠵᠠᠩᠬᠢ ᠶᠢ ᠬᠡᠷᠡᠭᠯᠡᠭᠰᠡᠨ ᠪᠠᠶᠢᠳᠠᠯ     ᠮᠡᠳᠡᠬᠦᠯᠦᠨ ᠬᠦᠷᠭᠡᠭᠰᠡᠨ ᠲᠤᠭ᠎ᠠ ᠬᠡᠳᠡᠭ ᠨᠢ ᠳᠠᠷᠣᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠡ ᠵᠠᠩᠬᠢ ᠪᠠᠶᠢᠴᠠᠭᠠᠨ ᠰᠣᠳᠣᠯᠬᠤ ᠳᠠᠰᠤᠭ ᠲᠤ ᠮᠡᠳᠡᠬᠦᠯᠦᠨ ᠬᠦᠷᠭᠡᠭᠰᠡᠨ ᠮᠡᠳᠡᠭᠡ ᠵᠠᠩᠬᠢ  ᠶᠢᠨ ᠲᠤᠭ᠎ᠠ ᠶᠢ ᠵᠢᠭᠠᠵᠣ ᠪᠣᠢ᠂ ᠬᠦᠷᠭᠡᠭᠰᠡᠨ ᠮᠡᠳᠡᠭᠡ ᠵᠠᠩᠬᠢ ᠨᠢᠬᠡᠪᠦᠷᠢ ᠶᠢ 10 ᠬᠤᠪᠢ ᠪᠠᠷ ᠪᠣᠳᠣᠨ᠎ᠠ︔ ᠬᠤᠰᠢᠭᠤᠨ ᠤ ᠬᠡᠷᠡᠭᠯᠡᠭᠰᠡᠨ ᠲᠤᠭ᠎ᠠ ᠬᠡᠳᠡᠭ ᠨᠢ ᠳᠠᠷᠣᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ ᠵᠠᠩᠬᠢ ᠪᠠᠶᠢᠴᠠᠭᠠᠨ ᠰᠣᠳᠣᠯᠬᠤ ᠲᠠᠰᠤᠭ ᠤᠨ ᠬᠡᠷᠡᠭᠯᠡᠭᠰᠡᠨ ᠮᠡᠳᠡᠭᠡ ᠵᠠᠩᠬᠢ ᠶᠢᠨ ᠲᠤᠭ᠎ᠠ  ᠶᠢ ᠵᠢᠭᠠᠵᠣ ᠪᠣᠢ᠂ ᠬᠡᠷᠡᠭᠯᠡᠭᠳᠡᠭᠰᠡᠨ ᠮᠡᠳᠡᠭᠡ ᠵᠠᠩᠬᠢ ᠨᠢᠬᠡᠪᠦᠷᠢ ᠶᠢ 20 ᠬᠤᠪᠢ ᠪᠠᠷ ᠪᠣᠳᠣᠨ᠎ᠠ︔ ᠬᠤᠲᠠ ᠶᠢᠨ ᠬᠡᠷᠡᠭᠯᠡᠭᠰᠡᠨ ᠲᠤᠭ᠎ᠠ ᠬᠡᠳᠡᠭ ᠨᠢ ᠳᠠᠷᠣᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ ᠵᠠᠩᠬᠢ ᠬᠡᠷᠡᠭᠯᠡᠭᠰᠡᠨ ᠲᠤᠭ᠎ᠠ ᠶᠢ ᠵᠢᠭᠠᠵᠣ ᠪᠣᠢ᠂ ᠬᠡᠷᠡᠭᠯᠡᠭᠳᠡᠭᠰᠡᠨ ᠮᠡᠳᠡᠭᠡ ᠵᠠᠩᠬᠢ ᠨᠢᠬᠡᠪᠦᠷᠢ ᠶᠢ 30 ᠬᠤᠪᠢ  ᠪᠠᠷ ᠪᠣᠳᠣᠨ᠎ᠠ︔ ᠣᠷᠣᠨ ᠤ ᠬᠡᠷᠡᠭᠯᠡᠭᠰᠡᠨ ᠲᠤᠭ᠎ᠠ ᠬᠡᠳᠡᠭ ᠨᠢ ᠳᠠᠷᠣᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠡ ᠵᠠᠩᠬᠢ ᠪᠠᠶᠢᠴᠠᠭᠠᠨ ᠰᠣᠳᠣᠯᠬᠤ ᠭᠠᠵᠠᠷ ᠤᠨ ᠮᠡᠳᠡᠭᠡ ᠵᠠᠩᠬᠢ ᠬᠡᠷᠡᠭᠯᠡᠭᠰᠡᠨ ᠲᠤᠭ᠎ᠠ ᠶᠢ ᠵᠢᠭᠠᠵᠣ ᠪᠣᠢ᠂ ᠬᠡᠷᠡᠭᠯᠡᠭᠳᠡᠭᠰᠡᠨ ᠮᠡᠳᠡᠭᠡ ᠵᠠᠩᠬᠢ ᠨᠢᠬᠡᠪᠦᠷᠢ ᠶᠢ 40 ᠬᠤᠪᠢ ᠪᠠᠷ ᠪᠣᠳᠣᠨ᠎ᠠ︔ ᠲᠦᠷᠦ ᠶᠢᠨ ᠶᠠᠪᠣᠳᠠᠯ ᠤᠨ ᠬᠤᠷᠢᠶᠠᠨ ᠤ ᠬᠡᠷᠡᠭᠯᠡᠭᠰᠡᠨ ᠲᠤᠭ᠎ᠠ ᠬᠡᠳᠡᠭ ᠨᠢ ᠳᠠᠷᠣᠢ ᠲᠦᠷᠦ ᠶᠢᠨ ᠶᠠᠪᠣᠳᠠᠯ ᠤᠨ ᠬᠤᠷᠢᠶᠠᠨ ᠤ ᠠᠯᠪᠠᠨ ᠲᠢᠩᠬᠢᠮ ᠳᠤ ᠬᠡᠷᠡᠭᠯᠡᠭᠳᠡᠭᠰᠡᠨ ᠮᠡᠳᠡᠭᠡ ᠵᠠᠩᠬᠢ ᠶᠢᠨ ᠲᠤᠭ᠎ᠠ ᠶᠢ ᠵᠢᠭᠠᠵᠣ ᠪᠣᠢ᠂ ᠬᠡᠷᠡᠭᠯᠡᠭᠳᠡᠭᠰᠡᠨ ᠮᠡᠳᠡᠭᠡ ᠵᠠᠩᠬᠢ ᠨᠢᠬᠡᠪᠦᠷᠢ ᠶᠢ 50 ᠬᠤᠪᠢ ᠪᠠᠷ ᠪᠣᠳᠣᠨ᠎ᠠ᠃ ᠪᠦᠬᠦ ᠵᠢᠯ ᠤᠨ ᠮᠡᠳᠡᠬᠦᠯᠦᠨ ᠬᠦᠷᠭᠡᠬᠦ ᠪᠠᠶᠢᠴᠠᠭᠠᠨ ᠰᠣᠳᠣᠯᠣᠯᠲᠠ ᠶᠢᠨ ᠲᠣᠬᠠᠢ ᠮᠠᠲ᠋ᠧᠷᠢᠶᠠᠯ ᠢ 2 ᠬᠤᠪᠢ ᠠᠴᠠ  ᠴᠦᠬᠡᠨ ᠪᠠᠶᠢᠯᠭᠠᠬᠤ ᠦᠭᠡᠢ᠃ ᠪᠠᠷᠢᠮᠵᠢᠶᠠᠨ ᠳᠤ ᠬᠦᠷᠴᠦ ᠴᠢᠳᠠᠭᠰᠠᠨ ᠦᠭᠡᠢ ᠪᠣᠯ ᠮᠡᠳᠡᠬᠦᠯᠦᠨ ᠬᠦᠷᠭᠡᠬᠦ ᠮᠠᠲ᠋ᠧᠷᠢᠶᠠᠯ ᠨᠢ ᠨᠢᠬᠡ ᠬᠤᠪᠢ ᠳᠣᠳᠠᠪᠠᠯ 30 ᠬᠤᠪᠢ ᠬᠠᠰᠣᠨ᠎ᠠ᠃     ︵ ᠭᠤᠷᠪᠠ︶ ᠪᠣᠯᠵᠣᠭᠰᠠᠨ ᠡᠬᠡ ᠪᠢᠴᠢᠭ ᠢ ᠬᠡᠷᠡᠭᠯᠡᠭᠰᠡᠨ ᠪᠠᠶᠢᠳᠠᠯ     ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠡᠬᠡ ᠪᠢᠴᠢᠭ ᠪᠣᠯᠵᠣᠬᠤ ᠬᠠᠭᠤᠳᠠᠰᠣ︾ ᠶᠢ ᠡᠯ᠎ᠡ ᠰᠣᠮᠣ ᠰᠢᠶᠠᠩ ᠪᠠᠯᠭᠠᠰᠣ ᠪᠠ ᠰᠠᠯᠠᠭ᠎ᠠ ᠮᠦᠴᠢᠷ ᠲᠤ ᠲᠠᠷᠬᠠᠭᠠᠵᠣ ᠡᠬᠡ ᠪᠢᠴᠢᠭ ᠪᠣᠯᠵᠣᠬᠤ ᠡᠬᠦᠷᠭᠡ ᠶᠢ ᠪᠡᠶᠡᠯᠡᠬᠦᠯᠬᠦ ᠪᠠᠷ ᠳᠠᠮᠵᠢᠭᠤᠯᠣᠨ᠂ ᠳᠠᠭᠠᠭᠠᠨ ᠡᠷᠬᠢᠯᠡᠬᠦ ᠪᠠᠶᠢᠭᠤᠯᠭ᠎ᠠ ᠨᠢᠬᠡᠴᠡ ᠴᠠᠭ ᠲᠣᠬᠠᠢ ᠳᠤᠨᠢ ᠬᠢᠨᠠᠮᠠᠭᠠᠢ ᠪᠡᠶᠡᠯᠡᠬᠦᠯᠬᠦ ᠬᠡᠷᠡᠭᠲᠡᠢ᠃ ᠡᠯ᠎ᠡ ᠰᠣᠮᠣ ᠰᠢᠶᠠᠩ ᠪᠠᠯᠭᠠᠰᠣ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠨ ᠪᠣᠯᠵᠣᠭᠰᠠᠨ ᠡᠬᠡ ᠪᠢᠴᠢᠭ ᠤᠨ ᠡᠬᠦᠷᠭᠡ  ᠪᠠᠨ ᠴᠢᠨᠠᠷ ᠰᠠᠶᠢᠳᠠᠢ ᠪᠡᠶᠡᠯᠡᠬᠦᠯᠬᠦ ᠶᠢ ᠵᠣᠷᠢᠭᠵᠢᠭᠤᠯᠬᠤ ᠶᠢᠨ ᠲᠦᠯᠦᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠪᠠᠰᠠ ︽ ᠡᠬᠡ ᠪᠢᠴᠢᠭ ᠪᠣᠯᠵᠣᠬᠤ ᠳᠤ ᠬᠤᠪᠢ ᠨᠡᠮᠡᠵᠦ ᠦᠭᠬᠦ︾ ᠵᠡᠷᠭᠡ ᠬᠡᠯᠪᠡᠷᠢ ᠶᠢ ᠠᠰᠢᠭᠯᠠᠨ᠂ ᠨᠢᠬᠡ ᠬᠠᠭᠤᠳᠠᠰᠣ ᠡᠬᠡ ᠪᠢᠴᠢᠭ ᠪᠣᠯᠵᠣᠵᠣ ᠨᠠᠶᠢᠷᠠᠭᠤᠯᠣᠭᠰᠠᠨ ᠪᠦᠬᠡᠳ ᠬᠤᠰᠢᠭᠤᠨ ᠤ ᠮᠡᠳᠡᠭᠡ ᠵᠠᠩᠬᠢ  ᠶᠢᠨ ᠠᠯᠪᠠᠨ ᠭᠡᠷ ᠲᠤ ᠬᠡᠷᠡᠭᠯᠡᠭᠳᠡᠭᠰᠡᠨ ᠪᠠᠶᠢᠪᠠᠯ 20 ᠨᠡᠮᠡᠵᠦ ᠦᠭᠬᠦᠨ᠎ᠡ᠂ ᠴᠢᠨᠠᠷ ᠴᠢᠨᠰᠠᠭ᠎ᠠ ᠨᠢ ᠦᠨᠳᠦᠷ ᠪᠣᠯ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ ᠵᠠᠩᠬᠢ ᠶᠢ ᠪᠠᠶᠢᠴᠠᠭᠠᠨ ᠰᠣᠳᠣᠯᠬᠤ ᠭᠠᠵᠠᠷ ᠲᠤ ᠮᠡᠳᠡᠬᠦᠯᠦᠬᠡᠳ ᠬᠡᠷᠡᠭᠯᠡᠭᠳᠡᠭᠰᠡᠨ ᠪᠠᠶᠢᠪᠠᠯ ᠮᠡᠳᠡᠭᠡ ᠵᠠᠩᠬᠢ ᠪᠦᠷᠢ ᠶᠢ 40 ᠬᠤᠪᠢ ᠪᠠᠷ ᠪᠣᠳᠣᠨ᠎ᠠ᠂ ᠦᠪᠡᠷᠲᠡᠭᠡᠨ ᠵᠠᠰᠠᠬᠤ ᠣᠷᠣᠨ ᠳᠤ ᠬᠡᠷᠡᠭᠯᠡᠭᠳᠡᠭᠰᠡᠨ ᠪᠠᠶᠢᠳᠠᠯ ᠮᠡᠳᠡᠭᠡ ᠵᠠᠩᠬᠢ ᠨᠢᠬᠡᠪᠦᠷᠢ ᠳᠤ 50 ᠬᠤᠪᠢ ᠨᠡᠮᠡᠵᠦ ᠦᠭᠬᠦᠪᠡ᠃ ᠮᠡᠳᠡᠭᠡ ᠵᠠᠩᠬᠢ ᠶᠢᠨ ᠮᠠᠲ᠋ᠧᠷᠢᠶᠠᠯ ᠨᠢ ᠴᠢᠨᠠᠷ ᠴᠢᠨᠰᠠᠭ᠎ᠠ ᠪᠠᠷ ᠠᠨᠠᠢ ᠪᠣᠶᠣ ᠱᠠᠭᠠᠷᠳᠠᠯᠭ᠎ᠠ ᠶᠣᠰᠣᠭᠠᠷ ᠪᠣᠯᠵᠣᠭᠰᠠᠨ ᠡᠬᠡ ᠪᠢᠴᠢᠭ ᠤᠨ ᠡᠬᠦᠷᠭᠡ ᠪᠠᠨ ᠪᠡᠶᠡᠯᠡᠬᠦᠯᠦᠭᠰᠡᠨ ᠦᠭᠡᠢ ᠪᠠᠶᠢᠪᠠᠯ ᠬᠤᠪᠢ ᠨᠡᠮᠡᠵᠦ ᠦᠭᠬᠦ ᠦᠭᠡᠢ︔ ᠬᠤᠭᠤᠴᠠᠭ᠎ᠠ ᠨᠢ ᠦᠩᠬᠡᠷᠡᠭᠡᠳ 1 ᠡᠳᠦᠷ ᠢ ᠬᠡᠳᠦᠷᠡᠪᠡᠯ ᠴᠦᠮ ᠪᠣᠯᠵᠣᠭᠰᠠᠨ ᠡᠬᠡ ᠪᠢᠴᠢᠭ ᠤᠨ ᠡᠬᠦᠷᠭᠡ ᠪᠠᠨ ᠪᠡᠶᠡᠯᠡᠬᠦᠯᠦᠭᠰᠡᠨ ᠦᠭᠡᠢ ᠪᠠᠷ ᠪᠣᠳᠣᠵᠣ᠂ ᠳᠣᠬᠠᠢ ᠶᠢᠨ ᠰᠠᠷ᠎ᠠ ᠶᠢᠨ ᠶᠡᠷᠥᠩᠬᠡᠢ ᠬᠤᠪᠢ ᠠᠴᠠ ᠨᠢ ᠨᠢᠬᠡ ᠣᠳᠠᠭ᠎ᠠ ᠳᠤ 20 ᠬᠤᠪᠢ ᠬᠠᠰᠣᠨ᠎ᠠ᠃      ︵ ᠳᠦᠷᠪᠡ︶ ᠡᠬᠡᠯᠵᠢᠯᠡᠨ ᠪᠣᠯᠪᠠᠰᠣᠷᠠᠭᠤᠯᠬᠤ ᠠᠵᠢᠯ ᠢ ᠦᠷᠨᠢᠬᠦᠯᠦᠭᠰᠡᠨ ᠪᠠᠶᠢᠳᠠᠯ     ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ ᠵᠠᠩᠬᠢ ᠶᠢ ᠪᠠᠶᠢᠴᠠᠭᠠᠨ ᠰᠣᠳᠣᠯᠬᠤ ᠲᠠᠰᠤᠭ ᠤᠨ ᠨᠢᠬᠡᠳᠦᠯᠳᠡᠢ ᠲᠣᠬᠢᠷᠠᠭᠤᠯᠣᠯᠲᠠ ᠶᠣᠰᠣᠭᠠᠷ᠂ ᠡᠬᠡᠯᠵᠢᠯᠡᠨ ᠪᠣᠯᠪᠠᠰᠣᠷᠠᠭᠤᠯᠬᠤ ᠬᠢᠴᠢᠶᠡᠯ ᠳᠤ ᠢᠳᠡᠪᠬᠢᠲᠡᠢ ᠣᠷᠣᠯᠴᠠᠵᠣ ᠴᠠᠭ ᠤᠨ ᠱᠠᠭᠠᠷᠳᠠᠯᠭ᠎ᠠ ᠶᠢ ᠪᠡᠶᠡᠯᠡᠬᠦᠯᠪᠡᠯ᠂ ᠣᠳᠠᠭ᠎ᠠ ᠪᠦᠷᠢ ᠶᠢᠨ ᠪᠣᠯᠪᠠᠰᠣᠷᠠᠯ ᠤᠨ ᠬᠢᠴᠢᠶᠡᠯ ᠢ 50 ᠬᠤᠪᠢ ᠪᠠᠷ ᠪᠣᠳᠣᠵᠣ ᠵᠢᠯ ᠤᠨ ᠡᠴᠣᠰ ᠤᠨ ᠣᠯᠣᠭᠰᠠᠨ ᠶᠡᠷᠥᠩᠬᠡᠢ ᠬᠤᠪᠢ ᠳᠤ ᠣᠷᠣᠭᠤᠯᠣᠨ᠎ᠠ᠃ ᠡᠯ᠎ᠡ ᠰᠣᠮᠣ ᠰᠢᠶᠠᠩ ᠪᠠᠯᠭᠠᠰᠣ ᠪᠠ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ  ᠤᠨ ᠬᠦᠮᠦᠨ ᠨᠢᠬᠡᠪᠦᠷᠢ ᠶᠢᠨ ᠡᠬᠡᠯᠵᠢᠯᠡᠨ ᠪᠣᠯᠪᠠᠰᠣᠷᠠᠭᠤᠯᠬᠤ ᠬᠤᠭᠤᠴᠠᠭ᠎ᠠ ᠨᠢ 1 — 3 ᠰᠠᠷ᠎ᠠ ᠪᠣᠯᠣᠨ᠎ᠠ︔ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ ᠵᠠᠩᠬᠢ ᠪᠠᠶᠢᠴᠠᠭᠠᠨ ᠰᠣᠳᠣᠯᠬᠤ ᠠᠯᠪᠠᠨ ᠭᠡᠷ ᠤᠨ ᠡᠬᠡᠯᠵᠢᠯᠡᠨ ᠪᠣᠯᠪᠠᠰᠣᠷᠠᠭᠤᠯᠬᠤ ᠬᠢᠴᠢᠶᠡᠯ ᠳᠤ ᠢᠳᠡᠪᠬᠢᠲᠡᠢ ᠣᠷᠣᠯᠴᠠᠵᠣ ᠴᠠᠭ ᠤᠨ ᠱᠠᠭᠠᠷᠳᠠᠯᠭ᠎ᠠ ᠶᠢ ᠪᠡᠶᠡᠯᠡᠬᠦᠯᠪᠡᠯ᠂ ᠣᠳᠠᠭ᠎ᠠ ᠪᠦᠷᠢ ᠶᠢᠨ ᠬᠢᠴᠢᠶᠡᠯ ᠢ 100 ᠬᠤᠪᠢ ᠪᠠᠷ ᠪᠣᠳᠣᠵᠣ ᠵᠢᠯ ᠤᠨ ᠡᠴᠣᠰ  ᠤᠨ ᠶᠡᠷᠥᠩᠬᠡᠢ ᠬᠤᠪᠢ ᠳᠤ ᠪᠣᠳᠣᠵᠣ ᠣᠷᠣᠭᠤᠯᠣᠨ᠎ᠠ᠂ ᠬᠦᠮᠦᠨ ᠨᠢᠬᠡᠪᠦᠷᠢ ᠶᠢ ᠡᠬᠡᠯᠵᠢᠯᠡᠨ ᠪᠣᠯᠪᠠᠰᠣᠷᠠᠭᠤᠯᠬᠤ ᠬᠤᠭᠤᠴᠠᠭ᠎ᠠ ᠨᠢ 2— 3 ᠰᠠᠷ᠎ᠠ︔ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ ᠵᠠᠩᠬᠢ ᠪᠠᠶᠢᠴᠠᠭᠠᠨ ᠰᠣᠳᠣᠯᠬᠤ ᠭᠠᠵᠠᠷ ᠤᠨ ᠡᠬᠡᠯᠵᠢᠯᠡᠨ ᠪᠣᠯᠪᠠᠰᠣᠷᠠᠭᠤᠯᠬᠤ ᠬᠢᠴᠢᠶᠡᠯ ᠳᠤ ᠢᠳᠡᠪᠬᠢᠲᠡᠢ ᠣᠷᠣᠯᠴᠠᠵᠣ ᠴᠠᠭ ᠤᠨ ᠱᠠᠭᠠᠷᠳᠠᠯᠭ᠎ᠠ ᠶᠢ ᠪᠡᠶᠡᠯᠡᠬᠦᠯᠪᠡᠯ ᠣᠳᠠᠭ᠎ᠠ ᠪᠦᠷᠢ ᠶᠢᠨ ᠬᠢᠴᠢᠶᠡᠯ ᠢ 200 ᠬᠤᠪᠢ ᠪᠠᠷ ᠪᠣᠳᠣᠵᠣ ᠵᠢᠯ ᠤᠨ ᠡᠴᠣᠰ ᠤᠨ ᠶᠡᠷᠥᠩᠬᠡᠢ ᠬᠤᠪᠢ ᠳᠤᠨᠢ ᠪᠣᠳᠣᠵᠣ ᠣᠷᠣᠭᠤᠯᠣᠨ᠎ᠠ᠂ ᠬᠦᠮᠦᠨ ᠨᠢᠬᠡᠪᠦᠷᠢ ᠶᠢ ᠡᠬᠡᠯᠵᠢᠯᠡᠨ ᠪᠣᠯᠪᠠᠰᠣᠷᠠᠭᠤᠯᠬᠤ ᠬᠤᠭᠤᠴᠠᠭ᠎ᠠ ᠨᠢ 3 ᠰᠠᠷ᠎ᠠ ᠪᠣᠯᠣᠨ᠎ᠠ᠃      ᠳᠦᠷᠪᠡ᠂ ᠰᠢᠯᠭᠠᠨ ᠲᠣᠭᠲᠠᠭᠠᠬᠤ ᠳᠣᠭᠤᠶᠢᠯᠠᠩ ᠬᠤᠪᠢᠶᠠᠬᠤ     ︵ ᠨᠢᠬᠡ︶ ᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢ ᠨᠢᠬᠡ ᠳᠣᠭᠤᠶᠢᠯᠠᠩ ᠪᠣᠯᠵᠣ ᠰᠢᠯᠭᠠᠨ ᠦᠨᠡᠯᠡᠯᠲᠡ ᠭᠢᠨ᠎ᠡ᠂ ᠪᠦᠬᠦ ᠵᠢᠯ ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠮᠡᠳᠡᠬᠦᠯᠦᠨ ᠬᠦᠷᠬᠡᠬᠦ ᠲᠤᠭ᠎ᠠ ᠨᠢ 260 ᠬᠤᠪᠢ ᠠᠴᠠ ᠴᠦᠬᠡᠨ ᠪᠠᠶᠢᠯᠭᠠᠬᠤ ᠦᠭᠡᠢ᠂ ᠡᠬᠦᠷᠭᠡ ᠪᠠᠨ ᠪᠡᠶᠡᠯᠡᠬᠦᠯᠦᠭᠰᠡᠨ ᠦᠭᠡᠢ ᠪᠠᠶᠢᠪᠠᠯ ᠪᠦᠬᠦ ᠵᠢᠯ ᠤᠨ ᠶᠡᠷᠥᠩᠬᠡᠢ ᠬᠤᠪᠢ ᠠᠴᠠ ᠨᠢ 50 ᠬᠤᠪᠢ ᠬᠠᠰᠣᠨ᠎ᠠ᠃     ︵ ᠬᠤᠶᠠᠷ︶ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠨᠢ ᠨᠢᠬᠡ ᠳᠣᠭᠤᠶᠢᠯᠠᠩ ᠪᠣᠯᠵᠣ ᠰᠢᠯᠭᠠᠨ ᠦᠨᠡᠯᠡᠯᠲᠡ ᠬᠢᠨ᠎ᠡ᠂ ᠪᠦᠬᠦ ᠵᠢᠯ ᠤᠨ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠮᠡᠳᠡᠬᠦᠯᠦᠨ ᠬᠦᠷᠭᠡᠬᠦ ᠲᠤᠭ᠎ᠠ ᠶᠢ 150 ᠬᠤᠪᠢ ᠠᠴᠠ ᠴᠦᠬᠡᠨ ᠪᠠᠶᠢᠯᠭᠠᠬᠤ ᠦᠭᠡᠢ᠂ ᠡᠬᠦᠷᠭᠡ ᠪᠠᠨ ᠪᠡᠶᠡᠯᠡᠬᠦᠯᠦᠭᠰᠡᠨ ᠦᠭᠡᠢ ᠪᠠᠶᠢᠪᠠᠯ ᠪᠦᠬᠦ ᠵᠢᠯ ᠤᠨ ᠶᠡᠷᠥᠩᠬᠡᠢ ᠬᠤᠪᠢ ᠠᠴᠠ ᠨᠢ 50 ᠬᠤᠪᠢ ᠬᠠᠰᠣᠨ᠎ᠠ᠃      ᠲᠠᠪᠤ᠂ ᠰᠢᠯᠭᠠᠨ ᠲᠣᠭᠲᠠᠭᠠᠯᠲᠠ ᠶᠢ ᠬᠠᠷᠢᠭᠤ ᠳᠣᠰᠬᠠᠬᠤ    ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢ ᠬᠠᠭᠠᠰ ᠵᠢᠯ ᠪᠣᠯᠬᠤ ᠪᠦᠷᠢ ᠪᠢᠴᠢᠭ ᠮᠠᠲ᠋ᠧᠷᠢᠶᠠᠯ ᠲᠠᠷᠬᠠᠭᠠᠬᠤ ᠬᠡᠯᠪᠡᠷᠢ ᠪᠠᠷ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠮᠡᠳᠡᠬᠦᠯᠦᠨ ᠬᠦᠷᠭᠡᠭᠰᠡᠨ ᠪᠠᠶᠢᠭᠤᠯᠭ᠎ᠠ ᠨᠢᠬᠡᠴᠡ ᠶᠢᠨ ᠣᠯᠣᠭᠰᠠᠨ ᠬᠤᠪᠢ ᠪᠠ ᠶᠡᠷᠥᠩᠬᠡᠢ ᠬᠤᠪᠢ ᠶᠢᠨ ᠪᠠᠶᠢᠳᠠᠯ ᠢ ᠨᠡᠶᠢᠲᠡᠯᠡᠨ᠎ᠡ᠃ 12 ᠰᠠᠷ᠎ᠠ ᠳᠤ ᠣᠯᠣᠭᠰᠠᠨ ᠶᠡᠷᠥᠩᠬᠡᠢ ᠬᠤᠪᠢ ᠪᠠᠷ ᠵᠢᠯ ᠤᠨ ᠡᠴᠣᠰ ᠤᠨ ᠰᠢᠯᠭᠠᠨ ᠲᠣᠭᠲᠠᠭᠠᠯᠲᠠ ᠶᠢᠨ ᠦᠷ᠎ᠡ ᠳ᠋ᠦᠩ ᠪᠣᠯᠭᠠᠨ᠎ᠠ᠃ ᠵᠢᠯ ᠪᠦᠷᠢ ᠶᠢᠨ 1 ᠳ᠋ᠣᠭᠡᠷ ᠰᠠᠷ᠎ᠠ ᠳᠤ ᠡᠯ᠎ᠡ ᠪᠠᠶᠢᠭᠤᠯᠭ᠎ᠠ ᠨᠢᠬᠡᠴᠡ ᠶᠢᠨ ᠳᠡᠭᠡᠷ᠎ᠡ ᠨᠢᠬᠡ ᠵᠢᠯ  ᠤᠨ ᠡᠴᠦᠰ ᠤᠨ ᠣᠯᠣᠭᠰᠠᠨ ᠬᠤᠪᠢ ᠶᠢᠨ ᠪᠠᠶᠢᠳᠠᠯ ᠢ ᠨᠡᠶᠢᠲᠡᠯᠡᠨ᠎ᠡ᠃     ᠵᠢᠷᠭᠤᠭ᠎ᠠ᠂ ᠰᠠᠶᠢᠰᠢᠶᠠᠨ ᠬᠦᠬᠢᠬᠦᠯᠬᠦ    ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠵᠢᠯ ᠪᠦᠷᠢ ᠵᠠᠰᠠᠭ ᠤᠨ ᠶᠠᠪᠣᠳᠠᠯ  ᠤᠨ ᠮᠡᠳᠡᠭᠡ ᠵᠠᠩᠬᠢ ᠶᠢ ᠮᠡᠳᠡᠬᠦᠯᠦᠨ ᠬᠦᠷᠭᠡᠭᠰᠡᠨ ᠲᠡᠷᠢᠬᠦᠨ ᠤ ᠪᠠᠶᠢᠭᠤᠯᠭ᠎ᠠ ᠨᠢᠬᠡᠴᠡ ᠵᠢᠴᠢ ᠬᠤᠪᠢ ᠬᠦᠮᠦᠨ ᠢ ᠮᠡᠳᠡᠭᠡᠯᠡᠵᠦ ᠰᠠᠶᠢᠰᠢᠶᠠᠨ ᠬᠦᠬᠢᠬᠦᠯᠦᠨ᠎ᠡ᠃      ︵ ᠨᠢᠬᠡ︶ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠮᠡᠳᠡᠬᠦᠯᠦᠨ ᠬᠦᠷᠭᠡᠭᠰᠡᠨ ᠲᠡᠷᠢᠬᠦᠨ ᠤ ᠪᠠᠶᠢᠭᠤᠯᠭ᠎ᠠ ᠨᠢᠬᠡᠴᠡ ᠶᠢ ᠰᠢᠯᠭᠠᠨ ᠦᠨᠡᠯᠡᠬᠦ ᠨᠦᠬᠦᠴᠡᠯ     ᠨᠢᠬᠡ ᠳᠤ ᠣᠳᠣᠷᠢᠳᠣᠯᠭ᠎ᠠ ᠠᠴᠠ ᠲᠣᠰ ᠠᠵᠢᠯ ᠢ ᠴᠢᠬᠤᠯᠠᠴᠢᠯᠠᠵᠣ᠂ ᠲᠣᠰᠬᠠᠢ ᠠᠵᠢᠯᠳᠠᠨ ᠢᠶᠠᠷ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠢ ᠬᠤᠪᠢᠳᠠᠨ ᠬᠠᠮᠢᠶᠠᠷᠣᠭᠤᠯᠵᠣ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠮᠡᠳᠡᠬᠦᠯᠦᠨ ᠬᠦᠷᠭᠡᠬᠦ ᠠᠷᠭ᠎ᠠ ᠵᠠᠮ ᠨᠢ ᠰᠠᠭᠠᠳ ᠦᠭᠡᠢ᠂ ᠪᠠᠶᠢᠭᠤᠯᠣᠮᠵᠢ ᠨᠢ ᠪᠦᠷᠢᠨ ᠬᠦᠢᠴᠡᠳ ᠮᠦᠷᠳᠡᠬᠡᠨ ᠠᠵᠢᠯᠳᠠᠨ ᠢ ᠪᠣᠳᠠᠳᠠᠢ ᠳᠤ ᠨᠠᠶᠢᠳᠠᠪᠣᠷᠢᠵᠢᠭᠤᠯᠵᠣ᠂ ᠲᠣᠬᠠᠶᠢᠯᠠᠭᠰᠠᠨ ᠠᠵᠢᠯ ᠤᠨ ᠬᠡᠪ ᠤᠨ ᠠᠵᠢᠯᠯᠠᠭ᠎ᠠ  ᠶᠢ ᠪᠠᠳᠣᠯᠠᠵᠣ ᠴᠢᠳᠠᠬᠤ᠃     ᠬᠤᠶᠠᠷ ᠲᠤ ᠮᠡᠳᠡᠬᠦᠯᠦᠨ ᠬᠦᠷᠭᠡᠬᠦ ᠮᠡᠳᠡᠭᠡ ᠵᠠᠩᠬᠢ ᠨᠢ ᠴᠢᠨᠠᠷ ᠴᠢᠨᠰᠠᠭ᠎ᠠ ᠲᠠᠢ ᠪᠠᠶᠢᠬᠤ᠂ ᠲᠦᠷᠦ ᠶᠢᠨ ᠶᠠᠪᠣᠳᠠᠯ ᠤᠨ ᠬᠤᠷᠢᠶ᠎ᠠ᠂ ᠦᠪᠡᠷᠲᠡᠭᠡᠨ ᠵᠠᠰᠠᠬᠤ ᠣᠷᠣᠨ᠂ ᠬᠦᠯᠦᠨ ᠪᠣᠶᠢᠷ ᠬᠤᠲᠠ ᠪᠠ ᠬᠤᠰᠢᠭᠤᠨ ᠤ ᠵᠠᠰᠠᠭ ᠤᠨ ᠣᠷᠳᠣᠨ ᠠᠴᠠ ᠴᠣᠬᠤᠯᠠᠪᠣᠷᠢᠯᠠᠭᠰᠠᠨ ᠮᠡᠳᠡᠭᠡ ᠵᠠᠩᠬᠢ ᠨᠢ ᠨᠡᠯᠢᠶᠡᠳ ᠣᠯᠠᠨ᠂ ᠮᠡᠳᠡᠭᠡ ᠵᠠᠩᠬᠢ ᠨᠢ ᠨᠡᠯᠢᠶᠡᠳ ᠶᠡᠭᠡ ᠦᠨ᠎ᠡ ᠦᠷᠳᠡᠭ ᠲᠠᠢ ᠪᠠᠶᠢᠬᠤ᠃      ᠭᠤᠷᠪᠠ ᠳᠤ ᠬᠤᠶᠢᠰᠢᠭᠤᠯᠣᠨ ᠮᠡᠳᠡᠬᠦᠯᠬᠦ᠂ ᠳᠣᠳᠠᠭᠤ ᠮᠡᠳᠡᠬᠦᠯᠬᠦ᠂ ᠨᠢᠭᠤᠭᠠᠳ ᠮᠡᠳᠡᠬᠦᠯᠬᠦ ᠦᠭᠡᠢ᠂ ᠬᠤᠳᠠᠯ  ᠢᠶᠠᠷ ᠮᠡᠳᠡᠬᠦᠯᠬᠦ ᠦᠵᠡᠭᠳᠡᠯ ᠦᠭᠡᠢ ᠪᠠᠶᠢᠬᠤ᠂ ᠪᠣᠯᠵᠣᠭᠰᠠᠨ ᠡᠬᠡ ᠪᠢᠴᠢᠭ   ᠤᠨ ᠡᠬᠦᠷᠭᠡ ᠪᠠᠨ ᠨᠡᠯᠢᠶᠡᠳ ᠰᠠᠶᠢᠨ ᠪᠡᠶᠡᠯᠡᠬᠦᠯᠦᠭᠰᠡᠨ ᠪᠠᠶᠢᠬᠤ᠃      ︵ ᠬᠤᠶᠠᠷ︶ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠮᠡᠳᠡᠬᠦᠯᠦᠨ ᠬᠦᠷᠭᠡᠭᠰᠡᠨ ᠲᠡᠷᠢᠬᠦᠨ ᠤ ᠬᠤᠪᠢ ᠬᠦᠮᠦᠨ ᠢ ᠰᠢᠯᠭᠠᠨ ᠦᠨᠡᠯᠡᠬᠦ ᠨᠦᠬᠦᠴᠡᠯ      ᠨᠠᠮ᠂ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠ ᠨᠡᠯᠢᠶᠡᠳ ᠴᠢᠩᠭ᠎ᠠ ᠣᠯᠣᠰ ᠲᠦᠷᠦ ᠶᠢᠨ ᠰᠡᠷᠭᠡᠭ ᠴᠢᠨᠠᠷ ᠪᠠ ᠬᠠᠷᠢᠭᠤᠴᠠᠯᠭᠠᠳᠣ ᠰᠡᠳᠬᠢᠯᠬᠡ ᠲᠠᠢ ᠪᠠᠶᠢᠬᠤ᠂ ᠦᠨᠡᠨ ᠠᠴᠠ ᠵᠦᠪ ᠢ ᠡᠷᠢᠬᠦ ᠣᠪᠣᠷ ᠢᠶᠠᠷ ᠲᠣᠰ ᠪᠠᠶᠢᠭᠤᠯᠭ᠎ᠠ ᠨᠢᠬᠡᠴᠡ ᠶᠢᠨ ᠢᠶᠠᠨ ᠡᠯ᠎ᠡ ᠵᠦᠢᠯ ᠤᠨ ᠮᠡᠳᠡᠭᠡ ᠵᠠᠩᠬᠢ ᠶᠢ ᠮᠡᠳᠡᠬᠦᠯᠦᠨ ᠬᠦᠷᠭᠡᠵᠦ᠂ ᠠᠵᠢᠯ ᠳᠠᠭᠠᠨ ᠢᠳᠡᠪᠬᠢᠲᠡᠢ᠂ ᠲᠣᠬᠠᠶᠢᠯᠠᠭᠰᠠᠨ ᠠᠵᠢᠯ ᠢᠶᠠᠨ ᠪᠣᠯᠪᠠᠰᠣᠷᠠᠩᠭᠤᠢ ᠬᠢᠵᠦ ᠴᠢᠳᠠᠬᠤ᠂ ᠨᠡᠯᠢᠶᠡᠳ ᠴᠢᠨᠠᠷ ᠴᠢᠨᠰᠠᠭ᠎ᠠ ᠲᠠᠢ ᠮᠡᠳᠡᠭᠡ ᠵᠠᠩᠬᠢ ᠶᠢ ᠮᠡᠳᠡᠬᠦᠯᠦᠨ ᠬᠦᠷᠭᠡᠭᠰᠡᠨ᠂ ᠡᠬᠡ ᠪᠢᠴᠢᠭ ᠤᠨ ᠡᠬᠦᠷᠭᠡ ᠪᠠᠨ ᠨᠡᠯᠢᠶᠡᠳ ᠰᠠᠶᠢᠨ ᠢᠶᠠᠷ ᠪᠡᠶᠡᠯᠡᠬᠦᠯᠦᠭᠰᠡᠨ ᠪᠠᠶᠢᠬᠤ᠂ ᠬᠡᠷᠡᠭᠯᠡᠭᠳᠡᠭᠰᠡᠨ ᠮᠡᠳᠡᠭᠡ ᠵᠠᠩᠬᠢ ᠨᠢ ᠨᠡᠯᠢᠶᠡᠳ ᠣᠯᠠᠨ ᠪᠠᠶᠢᠬᠤ᠃       ᠳᠣᠯᠤᠭ᠎ᠠ᠂ ᠬᠠᠷᠢᠭᠤᠴᠠᠯᠭ᠎ᠠ ᠨᠡᠬᠡᠮᠵᠢᠯᠡᠬᠦ      ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯ ᠢ ᠰᠢᠨᠵᠢᠯᠡᠬᠦ ᠣᠬᠠᠭᠠᠨᠴᠢ ᠵᠦᠢ ᠵᠣᠬᠢᠰᠲᠠᠢ ᠰᠢᠯᠭᠠᠨ ᠦᠨᠡᠯᠡᠬᠦ ᠲᠣᠭᠲᠠᠴᠠ ᠶᠢ ᠪᠠᠶᠢᠭᠤᠯᠵᠣ᠂ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠬᠡᠷᠡᠭᠯᠡᠭᠰᠡᠨ ᠪᠠᠶᠢᠳᠠᠯ ᠢ ᠮᠡᠳᠡᠬᠡᠯᠡᠬᠦ ᠳᠦᠷᠢᠮ ᠪᠠ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠳᠦᠷᠢᠮ ᠢ ᠬᠡᠷᠡᠭᠵᠢᠬᠦᠯᠦᠨ᠎ᠡ᠃ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢ ᠮᠡᠳᠡᠬᠦᠯᠦᠨ ᠬᠦᠷᠭᠡᠬᠦ ᠶᠠᠪᠣᠴᠠ ᠳᠤ ᠮᠡᠳᠡᠭᠡ ᠵᠠᠩᠬᠢ ᠪᠠᠨ ᠬᠤᠶᠢᠰᠢᠯᠠᠭᠤᠯᠣᠨ ᠮᠡᠳᠡᠬᠦᠯᠬᠦ᠂ ᠳᠣᠳᠠᠭᠤ ᠮᠡᠳᠡᠬᠦᠯᠬᠦ᠂ ᠪᠣᠷᠣᠭᠤ ᠮᠡᠳᠡᠬᠦᠯᠬᠦ᠂ ᠨᠢᠭᠤᠭᠠᠳ ᠮᠡᠳᠡᠬᠦᠯᠬᠦ ᠦᠭᠡᠢ᠂ ᠮᠡᠳᠡᠭᠡ ᠵᠠᠩᠬᠢ ᠪᠠᠨ ᠬᠠᠭᠤᠯᠣᠨ ᠵᠣᠬᠢᠶᠠᠵᠣ ᠮᠡᠳᠡᠬᠦᠯᠬᠦ ᠪᠠ ᠳᠠᠪᠳᠠᠨ ᠮᠡᠳᠡᠬᠦᠯᠬᠦ ᠵᠢᠴᠢ ᠪᠣᠯᠵᠣᠭᠰᠠᠨ ᠡᠬᠡ ᠪᠢᠴᠢᠭ ᠤᠨ ᠡᠬᠦᠷᠭᠡ ᠪᠠᠨ ᠬᠦᠢᠴᠡᠳ ᠰᠠᠶᠢᠨ ᠪᠡᠶᠡᠯᠡᠬᠦᠯᠦᠭᠰᠡᠨ ᠦᠭᠡᠢ ᠪᠠᠶᠢᠪᠠᠯ ᠮᠡᠳᠡᠬᠡᠯᠡᠨ ᠰᠢᠬᠦᠮᠵᠢᠯᠡᠬᠦ ᠶᠢᠨ ᠬᠠᠮᠳᠣ ᠱᠠᠯᠠᠪᠳᠠᠭᠤᠯᠣᠨ ᠴᠡᠭᠴᠡᠯᠡᠨ ᠦᠭᠡᠷᠡᠴᠢᠯᠡᠬᠦᠯᠦᠨ᠎ᠡ︔ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠶᠢᠨ ᠠᠵᠢᠯᠳᠠᠨ ᠤ ᠵᠢᠭᠠᠪᠣᠷᠢ ᠪᠠᠷ ᠵᠠᠰᠠᠭ ᠤᠨ ᠶᠠᠪᠣᠳᠠᠯ ᠤᠨ ᠮᠡᠳᠡᠭᠡ ᠵᠠᠩᠬᠢ ᠪᠠᠨ ᠨᠢᠭᠤᠨ ᠳᠠᠷᠣᠵᠣ ᠮᠡᠳᠡᠬᠦᠯᠬᠦ ᠦᠭᠡᠢ᠂ ᠪᠣᠷᠣᠭᠤ ᠮᠡᠳᠡᠬᠦᠯᠬᠦ᠂ ᠵᠠᠰᠠᠭ  ᠤᠨ ᠶᠠᠪᠣᠳᠠᠯ ᠤᠨ ᠴᠢᠬᠤᠯᠠ ᠮᠡᠳᠡᠭᠡ ᠵᠠᠩᠬᠢ ᠶᠢ ᠰᠢᠢᠳᠪᠦᠷᠢᠯᠡᠬᠦ ᠶᠠᠪᠣᠴᠠ ᠳᠤ ᠡᠬᠦᠷᠭᠡ ᠲᠣᠰᠢᠶᠠᠯ ᠳᠠᠭᠠᠨ ᠣᠰᠣᠯᠳᠣᠬᠤ᠂ ᠬᠠᠷᠢᠭᠤᠴᠠᠯᠭ᠎ᠠ ᠪᠠᠨ ᠠᠯᠳᠠᠵᠣ ᠲᠣᠰᠢᠶᠠᠯ ᠢᠶᠠᠨ ᠭᠤᠳᠣᠭᠠᠬᠤ ᠠᠴᠠ ᠪᠣᠯᠵᠣ ᠬᠦᠨᠳᠦ ᠨᠣᠴᠢᠲᠠᠢ ᠮᠠᠭᠤ ᠦᠷ᠎ᠡ ᠳ᠋ᠦᠩ ᠢ ᠪᠣᠢ ᠪᠣᠯᠭᠠᠭᠰᠠᠨ ᠪᠠᠶᠢᠪᠠᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠬᠠᠷᠢᠭᠤᠴᠠᠯᠭᠠᠳᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号