ᠡᠸ᠋ᠨᠩᠬᠢ ᠬᠤᠰᠢᠭᠤᠨ ᠤ ᠠᠯᠠᠰᠢᠨ ᠬᠤᠨᠢ ᠶᠢᠨ ᠠᠵᠣ ᠦᠢᠯᠡᠰ ᠦᠭᠡᠷᠡᠴᠢᠯᠡᠯᠲᠡ ᠶᠢᠨ ᠶᠠᠪᠣᠴᠠ ᠳᠤ ᠰᠢᠨ᠎ᠡ ᠬᠦᠭᠵᠢᠯᠲᠡ ᠲᠠᠢ ᠪᠣᠯᠪᠠ
ᠨᠡᠶᠢᠲᠡᠯᠡᠭᠰᠡᠨ ᠴᠠᠭ᠄
2019/1/14
   ᠦᠬᠡᠷᠡᠴᠢᠯᠡᠯᠲᠡ ᠨᠡᠬᠡᠬᠡᠯᠲᠡ ᠬᠢᠭᠰᠡᠨ 40 ᠵᠢᠯ ᠤᠨ ᠲᠣᠷᠰᠢ᠂ ᠡᠸ᠋ᠨᠩᠬᠢ ᠬᠤᠰᠢᠭᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠣᠳᠣᠷᠢᠳᠣᠮᠵᠢ ᠪᠣᠯᠭᠠᠵᠣ᠂ ᠬᠦᠭᠵᠢᠯᠲᠡ ᠶᠢᠨ ᠳᠣᠮᠳᠠ ᠲᠣᠬᠢᠷᠠᠭᠤᠯᠣᠯᠲᠠ ᠬᠢᠵᠦ᠂ ᠲᠣᠬᠢᠷᠠᠭᠤᠯᠣᠯᠲᠠ ᠶᠢᠨ ᠶᠠᠪᠣᠴᠠ ᠳᠤ ᠰᠢᠯᠢᠳᠡᠭᠵᠢᠬᠦᠯᠬᠦ᠂ ᠰᠢᠯᠢᠳᠡᠭᠵᠢᠬᠦᠯᠬᠦ ᠶᠠᠪᠣᠴᠠ ᠳᠤ ᠳᠡᠭᠡᠭᠰᠢᠯᠡᠬᠦᠯᠬᠦ ᠠᠷᠭ᠎ᠠ ᠬᠡᠯᠪᠡᠷᠢ ᠶᠢ ᠬᠡᠷᠡᠭᠵᠢᠬᠦᠯᠦᠭᠰᠡᠨ ᠢᠶᠠᠷ ᠠᠯᠠᠰᠢᠨ ᠬᠤᠨᠢ ᠶᠢᠨ ᠠᠵᠣ ᠦᠢᠯᠡᠰ ᠲᠤᠭ᠎ᠠ ᠬᠡᠮᠵᠢᠶ᠎ᠡ ᠶᠢ ᠴᠢᠬᠤᠯᠠᠴᠢᠯᠠᠵᠣ ᠪᠠᠶᠢᠭᠰᠠᠨ ᠠᠴᠠ ᠪᠠᠨ ᠶᠠᠰᠣ ᠴᠢᠨᠠᠷ ᠪᠠ ᠦᠷ᠎ᠡ ᠠᠰᠢᠭ ᠣᠯᠬᠤ ᠶᠢ ᠴᠢᠬᠤᠯᠠᠴᠢᠯᠠᠬᠤ ᠬᠤᠪᠢᠷᠠᠯᠲᠠ ᠶᠢ ᠪᠡᠶᠡᠯᠡᠬᠦᠯᠦᠭᠰᠡᠨ ᠪᠠᠶᠢᠨ᠎ᠠ᠃ ᠨᠡᠩ ᠢᠯᠠᠩᠭᠤᠶ᠎ᠠ ᠣᠶᠢᠷ᠎ᠠ ᠶᠢᠨ ᠵᠢᠯ ᠲᠣᠷᠰᠢ᠂ ᠡᠸ᠋ᠨᠩᠬᠢ ᠬᠤᠰᠢᠭᠤ ᠣᠷᠣᠨ ᠨᠣᠲᠤᠭ  ᠤᠨ ᠢᠶᠠᠨ ᠠᠯᠠᠰᠢᠨ ᠬᠤᠨᠢ ᠶᠢᠨ ᠰᠠᠶᠢᠨ ᠡᠬᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠨᠡᠬᠡᠬᠡᠨ ᠠᠰᠢᠭᠯᠠᠬᠤ ᠳᠡᠭᠡᠷ᠎ᠡ ᠬᠦᠴᠦ ᠲᠠᠯᠪᠢᠵᠣ᠂ ᠣᠷᠣᠨ ᠨᠣᠲᠤᠭ ᠤᠨ ᠰᠢᠨ᠎ᠡ ᠡᠬᠦᠯᠳᠡᠷ ᠪᠣᠯᠬᠤ ︽ᠲᠠᠯ᠎ᠠ ᠨᠣᠲᠤᠭ ᠤᠨ ᠣᠬᠤᠷ ᠰᠡᠬᠦᠯᠳᠦ ᠬᠤᠨᠢ︾ ᠢ ᠴᠢᠷᠮᠠᠶᠢᠨ ᠪᠣᠶᠢᠵᠢᠭᠤᠯᠵᠣ᠂ ᠦᠷ᠎ᠡ ᠠᠰᠢᠭ ᠢᠶᠠᠷ ᠦᠨᠳᠦᠷ ᠮᠠᠯ ᠠᠵᠣ ᠠᠬᠤᠢ ᠶᠢᠨ ᠬᠦᠭᠵᠢᠯᠲᠡ ᠶᠢᠨ ᠵᠠᠮ ᠢᠶᠠᠷ ᠵᠠᠮᠨᠠᠵᠣ ᠪᠣᠢ᠃     ᠣᠶᠢᠷ᠎ᠠ ᠶᠢᠨ ᠵᠢᠯ ᠲᠣᠷᠰᠢ᠂ ᠡᠸ᠋ᠨᠩᠬᠢ ᠬᠤᠰᠢᠭᠤ᠂ ᠬᠦᠢᠳᠡᠨ ᠳᠤ ᠲᠡᠰᠪᠦᠷᠢᠲᠡᠢ᠂ ᠲᠡᠵᠢᠬᠡᠨ ᠠᠷᠠᠴᠢᠯᠠᠬᠤ ᠳᠤ ᠬᠢᠯᠪᠠᠷ᠂ ᠦᠰᠦᠯᠲᠡ ᠲᠦᠷᠬᠡᠨ᠂ ᠮᠢᠬᠠᠨ ᠤ ᠭᠠᠷᠣᠯᠲᠠ ᠦᠨᠳᠦᠷ᠂ ᠵᠣᠬᠢᠴᠠᠬᠤ ᠴᠢᠳᠠᠪᠣᠷᠢ ᠢᠶᠠᠷ ᠰᠠᠶᠢᠲᠠᠢ ᠣᠬᠤᠷ ᠰᠡᠬᠦᠯᠳᠦ ᠬᠤᠨᠢ ᠶᠢ ᠰᠣᠩᠭᠤᠨ ᠪᠣᠶᠢᠵᠢᠭᠤᠯᠬᠤ ᠪᠠᠷ ᠬᠠᠨᠳᠣᠰᠢ ᠪᠣᠯᠭᠠᠵᠣ᠂ ︽ᠲᠠᠯ᠎ᠠ ᠨᠣᠲᠤᠭ ᠤᠨ ᠣᠬᠤᠷ ᠰᠡᠬᠦᠯᠳᠦ ᠬᠤᠨᠢ︾ ᠶᠢᠨ ᠭᠤᠣᠯᠯᠠᠭᠴᠢ ᠰᠦᠷᠦᠭ ᠪᠠ ᠰᠠᠶᠢᠨ ᠡᠬᠦᠯᠳᠡᠷ ᠤᠨ ᠬᠤᠨᠢ ᠶᠢ ᠦᠷᠡᠵᠢᠬᠦᠯᠬᠦ ᠰᠢᠰᠲ᠋ᠧᠮ ᠢ ᠵᠠᠯᠭᠠᠪᠣᠷ ᠪᠠᠶᠢᠭᠤᠯᠵᠣ᠂ ︽ᠲᠠᠯ᠎ᠠ ᠨᠣᠲᠤᠭ ᠤᠨ ᠣᠬᠤᠷ ᠰᠡᠬᠦᠯᠳᠦ ᠬᠤᠨᠢ︾ ᠶᠢ ᠰᠣᠩᠭᠤᠨ ᠦᠷᠡᠵᠢᠬᠦᠯᠬᠦ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠪᠠ᠃ ᠬᠠᠮᠠᠭᠠᠯᠠᠯᠲᠠ ᠶᠢᠨ ᠣᠷᠣᠨ ᠳᠤ ︽ ᠲᠠᠯ᠎ᠠ ᠨᠣᠲᠤᠭ ᠤᠨ ᠣᠬᠤᠷ ᠰᠡᠬᠦᠯᠳᠦ ᠬᠤᠨᠢ︾ ᠶᠢᠨ ᠴᠡᠪᠡᠷ ᠡᠬᠦᠯᠳᠡᠷ ᠢ ᠦᠷᠡᠵᠢᠬᠦᠯᠬᠦ ᠮᠡᠷᠭᠡᠵᠢᠯ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠣᠷᠢᠵᠢᠭᠤᠯᠵᠣ᠂ ᠪᠣᠰᠣᠳ ᠡᠬᠦᠯᠳᠡᠷ ᠤᠨ ᠬᠤᠨᠢ ᠶᠢ ᠬᠡᠷᠡᠭᠯᠡᠬᠦ ᠶᠢ ᠬᠢᠵᠠᠭᠠᠷᠯᠠᠵᠣ᠂ ᠪᠣᠰᠣᠳ ᠡᠬᠦᠯᠳᠡᠷ ᠤᠨ ᠬᠤᠨᠢ ᠶᠢ ᠪᠦᠬᠦᠨ ᠢ ᠰᠢᠷᠪᠢᠭᠳᠡᠬᠦᠯᠪᠡ᠃ ᠡᠬᠦᠨ ᠤ ᠬᠠᠮᠳᠣ ᠠᠯᠠᠰᠢᠨ ᠬᠤᠨᠢ ᠶᠢᠨ ᠠᠵᠣ ᠦᠢᠯᠡᠰ ᠤᠨ ᠪᠠᠶᠢᠷᠢᠯᠠᠭᠤᠯᠣᠯᠲᠠ ᠶᠢ ᠦᠨᠳᠦᠰᠦᠯᠡᠨ ᠰᠢᠨᠡᠬᠡᠨ ᠪᠠᠷᠠᠭᠤᠨ ᠰᠣᠮᠣ ᠶᠢᠨ ᠳᠦᠷᠪᠡᠨ ᠭᠠᠴᠠᠭ᠎ᠠ ᠵᠢᠴᠢ ᠰᠢᠨᠡᠬᠡᠨ ᠵᠡᠬᠦᠨ ᠰᠣᠮᠣ᠂ ᠢᠮᠢᠨ ᠰᠣᠮᠣ᠂ ᠬᠤᠢ ᠰᠣᠮᠣ ᠶᠢᠨ ᠬᠡᠰᠡᠭ ᠭᠠᠴᠠᠭ᠎ᠠ ᠶᠢ ︽ᠲᠠᠯ᠎ᠠ ᠨᠣᠲᠤᠭ ᠤᠨ ᠣᠬᠤᠷ ᠰᠡᠬᠦᠯᠳᠦ ᠬᠤᠨᠢ︾ ᠶᠢᠨ ᠠᠵᠣ ᠦᠢᠯᠡᠰ ᠤᠨ ᠲᠣᠭᠤᠷᠢᠭ ᠢᠶᠠᠷ ᠲᠣᠭᠲᠠᠭᠠᠵᠣ᠂ ᠡᠬᠦᠯᠳᠡᠷ ᠰᠣᠩᠭᠤᠨ ᠦᠷᠡᠵᠢᠬᠦᠯᠬᠦ ᠠᠵᠢᠯ ᠢ ᠶᠡᠬᠡᠪᠡᠷ ᠦᠷᠨᠢᠬᠦᠯᠬᠦ ᠠᠷᠭ᠎ᠠ ᠬᠡᠯᠪᠡᠷᠢ ᠶᠢ ᠬᠡᠷᠡᠭᠯᠡᠭᠰᠡᠨ ᠢᠶᠠᠷ ᠰᠣᠩᠭᠤᠨ ᠪᠣᠶᠢᠵᠢᠭᠤᠯᠣᠭᠰᠠᠨ ᠭᠤᠣᠯᠯᠠᠭᠴᠢ ᠰᠦᠷᠦᠭ ᠤᠨ ᠲᠣᠮᠣ ᠡᠬᠦᠯᠳᠡᠷ ᠤᠨ ᠬᠤᠨᠢ ᠶᠢᠨ ᠪᠡᠶ᠎ᠡ ᠶᠢᠨ ᠬᠦᠨᠳᠦᠴᠡ ᠨᠢ 1.5 ᠺᠢᠯᠣᠭ᠍ᠷᠠᠮ ᠨᠡᠮᠡᠭᠳᠡᠵᠦ᠂ ᠰᠠᠭᠤᠷᠢ ᠡᠬᠡ ᠬᠤᠨᠢ  ᠶᠢᠨ ᠬᠦᠨᠳᠦᠴᠡ ᠨᠢ 1.0 ᠺᠢᠯᠣᠭ᠍ᠷᠠᠮ ᠨᠡᠮᠡᠭᠳᠡᠪᠡ᠃     ᠣᠳᠣᠬᠠᠨ ᠳᠤ᠂ ᠡᠸ᠋ᠨᠩᠬᠢ ᠬᠤᠰᠢᠭᠤᠨ ᠤ ᠬᠢᠯᠢ ᠳᠣᠳᠣᠷ᠎ᠠ ᠲᠡᠵᠢᠭᠡᠵᠦ ᠪᠠᠶᠢᠭ᠎ᠠ ᠣᠬᠤᠷ ᠰᠡᠬᠦᠯᠳᠦ ᠬᠤᠨᠢ 25 ᠲᠦᠮᠡᠨ ᠲᠤᠭ᠎ᠠ ᠲᠣᠯᠣᠭᠠᠢ ᠬᠦᠷᠴᠦ᠂ ︽ ᠡᠬᠦᠯᠳᠡᠷ ᠤᠨ ᠬᠤᠨᠢ ᠶᠢᠨ ᠲᠠᠯᠠᠪᠣᠷ ᠢᠶᠠᠷ ᠲᠦᠪ ᠪᠣᠯᠭᠠᠵᠣ᠂ ᠲᠡᠵᠢᠬᠡᠨ ᠦᠷᠡᠵᠢᠬᠦᠯᠬᠦ ᠲᠠᠯᠠᠪᠣᠷ ᠢᠶᠠᠷ ᠭᠤᠣᠯ ᠪᠣᠯᠭᠠᠵᠣ᠂ ᠰᠠᠶᠢᠨ ᠡᠬᠦᠯᠳᠡᠷ ᠢ ᠦᠷᠡᠵᠢᠬᠦᠯᠬᠦ ᠭᠤᠣᠯᠯᠠᠭᠴᠢ ᠡᠷᠦᠬᠡ  ᠪᠠᠷ ᠰᠠᠭᠤᠷᠢ ᠪᠣᠯᠭᠠᠭᠰᠠᠨ︾ ᠰᠣᠪᠣᠷᠭ᠎ᠠ ᠬᠡᠯᠪᠡᠷᠢ ᠶᠢᠨ ᠠᠯᠠᠰᠢᠨ ᠬᠤᠨᠢ ᠶᠢᠨ ᠰᠠᠶᠢᠨ ᠡᠬᠦᠯᠳᠡᠷ ᠢ ᠲᠡᠵᠢᠬᠡᠨ ᠦᠷᠡᠵᠢᠬᠦᠯᠬᠦ ᠰᠢᠰᠲ᠋ᠧᠮ ᠢ ᠪᠦᠷᠢᠯᠳᠦᠬᠦᠯᠵᠦ᠂ ᠡᠬᠦᠯᠳᠡᠷ ᠤᠨ ᠬᠤᠨᠢ ᠲᠡᠵᠢᠭᠡᠬᠦ ᠭᠤᠣᠯᠯᠠᠭᠴᠢ ᠡᠷᠦᠬᠡ ᠳᠤ ᠨᠠᠶᠢᠳᠠᠮ  ᠳᠤᠨᠢ AI ᠮᠡᠷᠭᠡᠵᠢᠯ ᠢᠶᠠᠷ ᠡᠬᠦᠯᠳᠡᠷ ᠤᠨ ᠬᠤᠨᠢ ᠲᠡᠵᠢᠬᠡᠨ ᠦᠷᠡᠵᠢᠬᠦᠯᠵᠦ᠂ ᠲᠡᠵᠢᠬᠡᠨ ᠦᠷᠡᠵᠢᠬᠦᠯᠬᠦ ᠲᠠᠯᠠᠪᠣᠷ ᠨᠢ ᠵᠠᠬ᠎ᠠ ᠳᠡᠯᠭᠡᠭᠦᠷ ᠤᠨ ᠦᠨ᠎ᠡ ᠶᠢᠨ 20% ᠠᠴᠠ ᠳᠡᠭᠡᠭᠰᠢ ᠦᠨ᠎ᠡ ᠪᠠᠷ ᠭᠤᠣᠯᠯᠠᠭᠴᠢ ᠡᠷᠦᠬᠡ ᠶᠢᠨ ᠰᠠᠶᠢᠨ ᠡᠬᠦᠯᠳᠡᠷ ᠤᠨ ᠣᠬᠤᠷ ᠰᠡᠬᠦᠯᠳᠦ ᠬᠤᠨᠢ ᠶᠢ ᠬᠤᠳᠠᠯᠳᠣᠨ ᠠᠪᠣᠵᠣ ᠪᠣᠢ᠃     ᠳᠠᠷᠠᠭ᠎ᠠ ᠪᠠᠷ 7 ᠵᠢᠯ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠬᠤ ᠪᠠᠷ ᠳᠠᠮᠵᠢᠨ᠂ ᠡᠸ᠋ᠨᠩᠬᠢ ᠬᠤᠰᠢᠭᠤ ᠨᠢᠬᠡᠨᠳᠡ 180 ᠠᠯᠠᠰᠢᠨ ᠬᠤᠨᠢ ᠶᠢ ᠡᠷᠡᠬᠦᠯ ᠢᠶᠠᠷ ᠠᠷᠠᠴᠢᠯᠠᠨ ᠲᠡᠵᠢᠬᠡᠬᠦ ᠬᠡᠷ ᠪᠦᠯᠢ ᠶᠢᠨ ᠲᠠᠯᠠᠪᠠᠢ᠂ 12 ᠵᠢᠱᠢᠶ᠎ᠡ ᠦᠵᠡᠬᠦᠯᠬᠦ ᠬᠦᠷᠢᠶᠡᠯᠡᠩ ᠲᠣᠭᠤᠷᠢᠭ ᠪᠠ 1 ᠣᠯᠣᠰ ᠤᠨ ᠲᠣᠳᠣᠭᠠᠳᠣ ᠶᠢᠨ ᠲᠡᠷᠢᠬᠦᠨ ᠤ ᠳᠡᠰ ᠤᠨ ᠰᠠᠶᠢᠨ ᠡᠬᠦᠯᠳᠡᠷ ᠤᠨ  ᠠᠯᠠᠰᠢᠨ ᠤ ᠬᠤᠨᠢ ᠦᠷᠡᠵᠢᠬᠦᠯᠦᠨ ᠲᠡᠵᠢᠭᠡᠬᠦ ᠲᠦᠪ ᠢ ᠪᠠᠶᠢᠭᠤᠯᠵᠣ᠂ ᠠᠯᠠᠰᠢᠨ ᠬᠤᠨᠢ ᠶᠢᠨ ᠣᠳᠣᠬᠢᠴᠢᠯᠠᠬᠤ ᠦᠢᠯᠡᠳᠪᠦᠷᠢᠯᠡᠯ ᠤᠨ ᠰᠢᠰᠲ᠋ᠧᠮ ᠢ ᠠᠩᠬ᠎ᠠ ᠠᠯᠬᠤᠮ ᠪᠦᠷᠢᠯᠳᠦᠬᠦᠯᠪᠡ᠃     ᠦᠭᠡᠷᠡᠴᠢᠯᠡᠯᠲᠡ ᠨᠡᠬᠡᠬᠡᠯᠲᠡ ᠬᠢᠭᠰᠡᠨ 40 ᠵᠢᠯ ᠤᠨ ᠲᠣᠷᠰᠢ᠂ ᠲᠣᠬᠠᠢ ᠶᠢᠨ ᠭᠠᠵᠠᠷ ᠤᠨ ᠰᠠᠶᠢᠨ ᠡᠬᠦᠯᠳᠡᠷ  ᠤᠨ ᠡᠬᠢ ᠪᠠᠶᠠᠯᠢᠭ ᠢ ᠬᠠᠮᠠᠭᠠᠯᠠᠬᠤ ᠪᠠ ᠨᠡᠬᠡᠬᠡᠨ ᠠᠰᠢᠭᠯᠠᠬᠤ ᠠᠴᠠ ︽ ᠲᠠᠯ᠎ᠠ ᠨᠣᠲᠤᠭ ᠤᠨ ᠣᠬᠤᠷ ᠰᠡᠬᠦᠯᠳᠦ ᠬᠤᠨᠢ︾ ᠶᠢᠨ ᠣᠷᠣᠨ ᠨᠣᠲᠤᠭ ᠤᠨ ᠰᠢᠨ᠎ᠡ ᠡᠬᠦᠯᠳᠡᠷ ᠤᠨ ᠲᠦᠷᠦᠯ ᠵᠦᠢᠯ ᠢ ᠪᠣᠶᠢᠵᠢᠭᠤᠯᠵᠣ᠂ ᠬᠦᠯᠦᠨ ᠪᠣᠶᠢᠷ  ᠤᠨ ᠲᠠᠯ᠎ᠠ ᠨᠣᠲᠤᠭ ᠤᠨ ᠠᠯᠠᠰᠢᠨ ᠬᠤᠨᠢ ᠶᠢᠨ ᠲᠦᠷᠦᠯ ᠳᠡᠮᠳᠡᠭᠲᠦ ᠶᠢ ᠡᠬᠦᠳᠴᠦ᠂ ᠡᠸ᠋ᠨᠩᠬᠢ ᠬᠤᠰᠢᠭᠤᠨ ᠤ ᠠᠯᠠᠰᠢᠨ ᠬᠤᠨᠢ ᠶᠢᠨ ᠠᠵᠣ ᠦᠢᠯᠡᠰ ᠣᠯᠠᠮᠵᠢᠯᠠᠯᠲᠣ ᠬᠡᠯᠪᠡᠷᠢ ᠠᠴᠠ ᠪᠠᠨ ᠣᠳᠣᠬᠢᠴᠢᠯᠠᠭᠰᠠᠨ ᠬᠤᠪᠢᠰᠣᠯᠲᠠ ᠶᠢ ᠪᠡᠶᠡᠯᠡᠬᠦᠯᠵᠦ᠂ ᠦᠨᠳᠦᠷ ᠭᠠᠷᠣᠯᠲᠠ ᠲᠠᠢ ᠦᠨᠳᠦᠷ ᠦᠷ᠎ᠡ ᠠᠰᠢᠭ ᠲᠠᠢ ᠮᠠᠯ ᠠᠵᠣ ᠠᠬᠤᠢ ᠶᠢᠨ ᠬᠦᠭᠵᠢᠯᠲᠡ ᠶᠢᠨ ᠵᠠᠮ ᠢᠶᠠᠷ ᠵᠠᠮᠨᠠᠵᠣ ᠪᠣᠢ᠃    
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号