ᠡᠧᠡᠩᠬᠢ ᠶᠢᠨ ᠲᠠᠯ᠎ᠠ ᠳᠤ ᠪᠢᠴᠢᠭᠯᠡᠭᠰᠡᠨ ᠮᠠᠯ ᠠᠵᠦ ᠠᠬᠤᠢ ᠶᠢᠨ ᠰᠢᠨ᠎ᠠ ᠲᠤᠤᠯᠢᠰ —  ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠲᠤᠷᠰᠢᠬᠢ ᠡᠧᠡᠩᠬᠢ ᠬᠤᠰᠢᠭᠤᠨ ᠤ ᠮᠠᠯ ᠠᠵᠦ  ᠠᠬᠤᠢ ᠶᠢᠨ ᠬᠦᠭᠵᠢᠯᠳᠡ ᠶᠢ ᠲᠡᠮᠳᠡᠭᠯᠡᠪᠡ
ᠨᠡᠶᠢᠲᠡᠯᠡᠭᠰᠡᠨ ᠴᠠᠭ᠄
2019/1/4
    ᠵᠣᠬᠢᠶᠠᠭᠴᠢ᠄  ᠰᠢᠷᠡᠬᠦᠦ ᠪᠦᠷᠢᠨᠪᠠᠶᠠᠷ ᠪᠦᠷᠢᠨᠳᠤᠭᠳᠠᠬᠤ ᠪᠢᠴᠢᠨ ᠨᠠᠷᠠᠨᠳᠤᠶᠠᠭ᠎ᠠ       ᠳᠤᠩᠭᠠᠯᠠᠭ ᠢᠮᠢᠨ᠂ ᠳᠤᠨᠤᠯᠵᠢᠨ ᠬᠤᠢ᠂ ᠴᠡᠯᠬᠢᠶᠡᠭᠡᠨ ᠰᠢᠨᠡᠬᠡᠨ ᠤ ᠷᠠᠰᠢᠶᠠᠨ ᠤᠰᠤ ᠪᠠᠷ ᠤᠮᠳᠠᠯᠠᠭᠰᠠᠨ  ᠡᠧᠡᠩᠬᠢ ᠶᠢᠨ ᠲᠠᠯ᠎ᠠ ᠦᠩ ᠰᠢᠮᠡᠯᠢᠭ ᠡᠪᠡᠰᠦ ᠪᠡᠯᠴᠢᠬᠡᠷ᠂ ᠦᠨᠢᠷ ᠪᠠᠶᠠᠨ ᠮᠠᠯ ᠰᠦᠷᠦᠭ ᠢᠶᠠᠷ ᠢᠶᠠᠨ ᠬᠤᠯᠠ  ᠤᠢᠢᠷ᠎ᠠ ᠳᠠᠭᠠᠨ ᠠᠯᠳᠠᠷᠳᠠᠢ᠃ ᠡᠨᠡ ᠰᠠᠶᠢᠬᠠᠨ ᠨᠤᠳᠤᠭ ᠤᠨ ᠡᠵᠡᠨ ᠨᠢ ᠪᠤᠯᠵᠦ ᠶᠠᠪᠤᠭ᠎ᠠ ᠡᠧᠡᠩᠬᠢ᠂ ᠲᠠᠭᠤᠷ᠂  ᠦᠬᠡᠯᠡᠳ᠂ ᠪᠤᠷᠢᠶᠠᠳ ᠵᠡᠷᠬᠡ ᠦᠨᠳᠦᠰᠤᠳᠡᠨ ᠶᠠᠰᠤᠳᠠᠨ ᠤ ᠠᠷᠠᠳ ᠲᠦᠮᠡᠨ ᠮᠠᠨᠢ ᠲᠦᠴᠢᠨ ᠵᠢᠯ ᠤᠨ ᠲᠤᠷᠰᠢᠳᠠ  ᠦᠬᠡᠷᠡᠴᠢᠯᠡᠯᠳᠡ ᠨᠡᠬᠡᠬᠡᠯᠳᠡ ᠶᠢᠨ ᠬᠦᠭ ᠠᠶᠠᠰ ᠢᠶᠠᠷ ᠦᠵᠡᠯ ᠪᠤᠳᠤᠯ ᠢᠶᠠᠨ ᠬᠤᠪᠢᠷᠠᠭᠤᠯᠤᠨ᠂ ᠠᠷᠢᠭᠤᠨ ᠬᠦᠯᠦᠰᠦ  ᠠᠵᠢᠯᠴᠢ ᠬᠤᠶᠠᠷ ᠭᠠᠷ ᠢᠶᠠᠷ ᠢᠶᠠᠨ ᠠᠳᠤᠭᠤ ᠮᠠᠯ ᠢᠶᠠᠨ ᠦᠰᠬᠡᠵᠦ᠂ ᠰᠢᠨ᠎ᠡ ᠡᠷᠡᠨ ᠤ ᠮᠠᠯ ᠠᠵᠦ ᠠᠬᠤᠢ ᠶᠢᠨ  ᠰᠢᠵᠢᠷ ᠠᠯᠳᠠᠨ ᠲᠤᠤᠯᠢᠰ ᠢ ᠪᠢᠴᠢᠭᠯᠡᠯ᠎ᠠ᠃           ᠠᠯᠳᠠᠨ ᠬᠢᠩᠭᠠᠨ ᠢᠶᠠᠨ ᠲᠦᠰᠢᠵᠦ᠂ ᠠᠮᠪᠠᠨ ᠬᠤᠳᠠ ᠶᠢ ᠨᠢᠭᠤᠷᠯᠠᠭᠰᠠᠨ ᠡᠧᠡᠩᠬᠢ ᠦᠨᠳᠦᠰᠦᠳᠡᠨ ᠤ ᠦᠪᠡᠷᠳᠡᠬᠡᠨ ᠵᠠᠰᠠᠬᠤ ᠬᠤᠰᠢᠭᠤ ᠪᠤᠯ ᠮᠠᠨ ᠤ ᠤᠷᠤᠨ ᠤ ᠮᠢᠬᠠᠨ ᠤ ᠦᠬᠡᠷ᠂ ᠮᠢᠬᠠᠨ ᠤ ᠬᠤᠨᠢᠨ ᠤ ᠠᠵᠦ  ᠦᠢᠯᠡᠰ ᠤᠨ ᠪᠦᠰᠡ ᠲᠡᠬᠡᠷ᠎ᠡ ᠤᠷᠤᠰᠢᠵᠦ᠂ ᠮᠠᠨ ᠤ ᠤᠯᠤᠰ ᠤᠨ ᠪᠡᠯᠴᠢᠬᠡᠷ ᠤᠨ ᠮᠠᠯ ᠠᠵᠦ ᠠᠬᠤᠢ ᠶᠢᠨ  ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠪᠤᠯᠤᠨ᠎ᠠ᠃ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ  ᠲᠤᠷᠰᠢ ᠲᠤᠰ ᠬᠤᠰᠢᠭᠤ ᠦᠨᠳᠦᠰᠦᠨ ᠪᠥᠳᠤᠭᠡᠨ ᠪᠠᠶᠢᠭᠤᠯᠤᠯᠳᠠ ᠶᠢ ᠴᠢᠩᠭᠠᠳᠬᠠᠵᠦ᠂ ᠮᠠᠯᠴᠢᠳ ᠤᠨ  ᠤᠢᠢᠯᠡᠳᠪᠤᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠮᠠᠯ ᠠᠵᠦ ᠠᠬᠤᠢ ᠶᠢᠨ ᠡᠵᠡᠩᠨᠡᠯᠳᠡ ᠶᠢᠨ  ᠬᠡᠯᠪᠡᠷᠢ ᠶᠢ ᠬᠤᠪᠢᠷᠠᠭᠤᠯᠬᠤ᠂ ᠮᠠᠯ ᠤᠨ ᠡᠬᠦᠯᠳᠡᠷ ᠰᠠᠶᠢᠵᠢᠷᠠᠭᠤᠯᠬᠤ᠂ ᠮᠠᠯ ᠤᠨ ᠪᠦᠳᠦᠴᠡ ᠳᠤ ᠲᠤᠬᠢᠷᠠᠭᠤᠯᠤᠯᠳᠠ  ᠬᠢᠬᠦ ᠵᠡᠷᠬᠡ ᠪᠠᠷ ᠠᠶᠠᠨ ᠤ ᠵᠢᠯᠤᠭᠤ ᠪᠠᠨ ᠵᠠᠰᠠᠵᠦ ᠲᠤᠬᠢᠷᠠᠭᠤᠯᠤᠭᠰᠠᠨ ᠠᠴᠠ ᠮᠠᠯ ᠠᠵᠦ ᠠᠬᠤᠢ ᠶᠢᠨ ᠲᠡᠤᠬᠡᠳᠤ  ᠴᠢᠨᠠᠷᠳᠠᠢ ᠬᠦᠭᠵᠢᠯᠳᠡ ᠶᠢ ᠪᠡᠶᠡᠯᠡᠬᠦᠯᠵᠦ᠂ ᠠᠳᠤᠭᠤ ᠮᠠᠯ ᠨᠢ ᠵᠢᠯ ᠠᠴᠠ ᠵᠢᠯ ᠦᠨᠢᠷ ᠦᠰᠴᠦ᠂ ᠠᠮᠢᠳᠤᠷᠠᠯ  ᠦᠢᠯᠡᠰ ᠨᠢ ᠡᠳᠦᠷ ᠠᠴᠠ ᠡᠳᠦᠷ ᠦᠬᠡᠳᠡᠯᠡᠯ᠎ᠡ᠃ 1978 ᠤᠨ ᠳᠤ ᠡᠧᠡᠩᠬᠢ ᠬᠤᠰᠢᠭᠤᠨ ᠤ ᠮᠠᠯ ᠤᠨ ᠪᠦᠬᠦ  ᠲᠤᠭ᠎ᠠ 45 ᠲᠦᠮᠡ ᠭᠠᠷᠤᠢ ᠪᠠᠶᠢᠭᠰᠠᠨ ᠠᠴᠠ ᠪᠠᠨ ᠨᠢᠳᠤᠨᠤᠨ 107 ᠲᠦᠮᠡ ᠭᠠᠷᠤᠢ ᠪᠤᠯᠵᠦ᠂ ᠮᠠᠯᠴᠢᠳ ᠤᠨ  ᠬᠦᠮᠦᠨ ᠲᠤᠮᠳᠠᠴᠢ ᠶᠢᠨ ᠤᠷᠤᠯᠭ᠎ᠠ 1978 ᠤᠨ ᠳᠤ 366.9 ᠲᠦᠭᠦᠷᠢᠭ ᠪᠠᠶᠢᠭᠰᠠᠨ ᠠᠴᠠ 2016 ᠤᠨ ᠳᠤ  18969 ᠲᠦᠭᠦᠷᠢᠭ ᠲᠤ ᠬᠦᠷᠴᠤ᠂ 18602.1 ᠲᠦᠭᠦᠷᠢᠭ ᠨᠡᠮᠡᠭᠳᠡᠨ᠂ 51.7 ᠲᠠᠬᠢᠨ ᠨᠡᠮᠡᠭᠳᠡᠪᠡ᠃              ᠲᠡᠬᠡᠷ᠎ᠡ ᠵᠠᠭᠤᠨ ᠤ ᠨᠠᠶᠠᠭᠠᠳ ᠤᠨ ᠤ ᠡᠬᠢᠨ ᠤ ᠬᠡᠳᠦᠨ ᠵᠢᠯ ᠮᠠᠨ ᠤ ᠬᠤᠳᠠ ᠮᠠᠯ ᠠᠵᠤ ᠠᠬᠤᠢ ᠶᠢᠨ  ᠦᠢᠯᠡᠳᠪᠦᠷᠢᠯᠡᠯ ᠤᠨ ︽ᠨᠤᠲᠤᠭ ᠪᠡᠯᠴᠢᠬᠡᠷ ᠮᠠᠯ ᠰᠦᠷᠦᠭ ᠤᠨ ᠬᠤᠤᠰ ᠲᠠᠭᠠᠭᠠᠴᠢᠯᠠᠯᠳᠠ︾ ᠶᠢᠨ  ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠦ᠂ ︽ᠬᠦᠮᠦᠨ᠂ ᠪᠡᠯᠴᠢᠬᠡᠷ᠂ ᠮᠠᠯ︾ ᠪᠤᠯᠤᠨ ︽ ᠬᠠᠷᠢᠭᠤᠴᠠᠯᠭ᠎ᠠ᠂ ᠡᠷᠬᠡ᠂ ᠠᠰᠢᠭ︾ ᠢ ᠤᠶᠠᠯᠲᠤᠭᠤᠯᠵᠦ᠂ ᠬᠠᠮᠲᠦ ᠶᠢᠨ ᠡᠵᠡᠩᠨᠡᠯᠳᠡ ᠪᠠᠷ ᠭᠤᠤᠯ ᠪᠤᠯᠭᠠᠭᠰᠠᠨ ᠮᠠᠯ  ᠠᠵᠤ ᠠᠬᠤᠢ ᠶᠢ ᠬᠡᠷ ᠪᠦᠯᠢ ᠶᠢᠨ ᠡᠵᠡᠩᠨᠡᠯᠳᠡ ᠪᠠᠷ ᠰᠠᠭᠤᠷᠢ ᠪᠤᠯᠭᠠᠭᠰᠠᠨ ᠡᠵᠡᠩᠨᠡᠯᠳᠡ ᠶᠢᠨ ᠬᠡᠯᠪᠡᠷᠢ ᠳᠤ  ᠰᠢᠯᠵᠢᠬᠦᠯᠪᠠ᠃ ᠮᠠᠯ ᠪᠡᠯᠴᠢᠬᠡᠷ ᠢ ᠡᠷᠦᠬᠡ ᠳᠤ ᠲᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠲᠦᠷᠢᠮ ᠢ  ᠬᠡᠷᠡᠭᠵᠢᠬᠦᠯᠦᠭᠰᠡᠨ ᠤ ᠲᠠᠷᠠᠭ᠎ᠠ᠂ ᠪᠡᠯᠴᠢᠬᠡᠷ ᠤᠨ ᠮᠠᠯ ᠠᠵᠦ ᠠᠬᠤᠢ ᠶᠢᠨ ᠡᠵᠡᠩᠨᠡᠯᠳᠡ ᠶᠢᠨ ᠬᠡᠯᠪᠡᠷᠢ ᠳᠤ ᠦᠨᠳᠦᠰᠦᠨ  ᠴᠢᠨᠠᠷᠳᠠᠢ ᠬᠤᠪᠢᠷᠠᠯᠳᠠ ᠭᠠᠷᠴᠦ᠂ ᠤᠤᠯ ᠤᠨ ᠲᠡᠭᠷᠢ ᠶᠢᠨ ᠴᠢᠷᠠᠢ ᠬᠠᠷᠠᠵᠦ ᠮᠠᠯᠵᠢᠵᠦ᠂ ᠦᠩ ᠵᠢᠯ ᠪᠤᠯ ᠮᠠᠯ ᠢᠶᠠᠨ ᠦᠨᠢᠷ ᠦᠰᠬᠡᠵᠦ᠂ ᠭᠠᠮᠰᠢᠭ ᠵᠤᠳ ᠲᠤ ᠬᠤᠳᠠ ᠪᠠᠨ ᠬᠤᠷᠢᠶᠠᠳᠠᠭ ᠪᠠᠶᠢᠳᠠᠯ ᠦᠬᠡᠷᠡᠴᠢᠯᠡᠭᠳᠡᠵᠦ᠂ ᠰᠢᠨᠵᠢᠯᠡᠬᠦ  ᠤᠬᠠᠭᠠᠨᠴᠢ ᠪᠠᠷ ᠮᠠᠯᠵᠢᠬᠤ᠂ ᠪᠦᠳᠦᠬᠡᠨ ᠪᠠᠶᠢᠭᠤᠯᠵᠦ ᠮᠠᠯᠵᠢᠬᠤ ᠶᠢ ᠡᠷᠬᠢᠮᠯᠠᠵᠦ᠂ ᠪᠠᠶᠢᠭᠠᠯᠢ ᠶᠢᠨ ᠭᠠᠮᠰᠢᠭ ᠢ  ᠲᠠᠭᠠᠭᠠᠬᠤ ᠴᠢᠳᠠᠪᠦᠷᠢ ᠲᠠᠢ ᠪᠤᠯᠵᠠᠢ᠃ 1998 ᠤᠨ ᠳᠤ ᠲᠠᠯ᠎ᠠ ᠨᠤᠳᠤᠭ ᠤᠨ ︽ᠬᠤᠤᠰ ᠡᠷᠬᠡ ᠨᠢᠬᠡ ᠲᠦᠷᠢᠮ︾  ᠤᠨ ᠠᠵᠢᠯ ᠤᠨ ᠲᠠᠰᠤᠷᠠᠯᠳᠠ ᠦᠬᠡᠢ ᠲᠡᠬᠦᠯᠳᠡᠷᠵᠢᠬᠦ ᠶᠢ ᠲᠠᠭᠠᠯᠳᠤᠨ᠂ ᠨᠤᠳᠤᠭ ᠬᠤᠪᠢᠶᠠᠨ ᠰᠡᠯᠬᠦᠨ ᠮᠠᠯᠵᠢᠬᠤ᠂  ᠪᠡᠯᠴᠢᠬᠡᠷ ᠤᠨ ᠬᠡᠮᠵᠢᠶ᠎ᠡ ᠪᠠᠷ ᠮᠠᠯᠵᠢᠬᠤ ᠶᠢ ᠬᠡᠷᠡᠭᠵᠢᠬᠦᠯᠵᠦ᠂ ᠮᠠᠯ ᠤᠨ ᠲᠤᠭ᠎ᠠ ᠶᠢ ᠬᠦᠬᠡᠬᠡᠴᠡᠯᠳᠦᠬᠦ ᠠᠴᠠ ᠶᠠᠰᠤ  ᠴᠢᠨᠠᠷ ᠪᠤᠯᠤᠨ ᠦᠷ᠎ᠠ ᠠᠰᠢᠭ ᠢ ᠴᠢᠬᠤᠯᠠᠴᠢᠯᠠᠵᠦ ᠬᠡᠪᠴᠢᠶᠡᠵᠢᠭᠰᠡᠨ ᠥᠨᠳᠤᠷ ᠥᠷ᠎ᠡ ᠠᠰᠢᠭᠳᠤ ᠮᠠᠯ ᠠᠵᠤ  ᠠᠬᠤᠢ ᠶᠢᠨ ᠬᠥᠭᠵᠢᠯᠲᠡ ᠶᠢᠨ ᠵᠠᠮ ᠢᠶᠠᠷ ᠵᠠᠮᠨᠠᠭᠰᠠᠨ ᠪᠠᠶᠢᠨ᠎ᠠ᠃         ᠤᠢᠢᠷ᠎ᠠ ᠶᠢᠨ ᠵᠢᠯ ᠠᠴᠠ ᠡᠧᠡᠩᠬᠢ ᠬᠤᠰᠢᠭᠤ ᠭᠠᠵᠠᠷ ᠤᠷᠤᠨ ᠤ ᠲᠠᠪᠠᠭᠤᠯᠢᠭ ᠲᠠᠭᠠᠨ ᠲᠦᠰᠢᠭᠯᠡᠨ ᠮᠠᠯ ᠠᠵᠤ  ᠠᠬᠤᠢ ᠶᠢᠨ ᠬᠡᠪᠴᠢᠶᠡᠵᠢᠬᠦᠯᠤᠨ ᠡᠵᠡᠩᠨᠡᠬᠦ ᠶᠢ ᠤᠷᠢᠶᠠᠯᠠᠵᠤ᠂ ︽ᠰᠦ᠂ ᠮᠢᠬ᠎ᠠ᠂ ᠡᠪᠡᠰᠦ᠂ ᠠᠲᠤᠭᠤ︾ ᠬᠡᠬᠦ  ᠲᠦᠷᠪᠡᠨ ᠲᠤᠮᠤ ᠠᠵᠤ ᠦᠢᠯᠡᠰ ᠢ ᠬᠦᠴᠦ ᠲᠠᠯᠪᠢᠨ ᠬᠦᠭᠵᠢᠬᠦᠯᠵᠤ ᠪᠤᠢ᠃ ᠲᠡᠬᠦᠨ ᠳᠤ ᠰᠠᠭᠠᠯᠢ ᠶᠢᠨ ᠦᠢᠯᠡᠰ ᠤᠨ  ᠴᠢᠨᠠᠷ ᠰᠠᠶᠢᠲᠠᠢ ᠬᠦᠭᠵᠢᠯᠳᠡ ᠶᠢ ᠪᠠᠲᠤᠯᠠᠬᠤ᠂ ᠮᠢᠬᠠᠨ ᠤ ᠦᠢᠯᠡᠰ ᠤᠨ ᠦᠢᠯᠡᠳᠪᠦᠷᠢᠯᠡᠬᠦ ᠪᠤᠯᠪᠠᠰᠤᠷᠠᠭᠤᠯᠬᠤ  ᠪᠤᠷᠤᠯᠠᠭᠤᠯᠬᠤ ᠵᠠᠬ᠎ᠠ ᠲᠡᠯᠬᠡᠬᠦᠷ ᠢᠶᠠᠨ ᠦᠷᠬᠡᠳᠬᠡᠨ ᠤᠷᠤᠯᠭ᠎ᠠ ᠪᠠᠨ ᠨᠡᠮᠡᠭᠳᠡᠬᠦᠯᠬᠦ᠂ ᠡᠪᠡᠰᠦᠨ ᠤ ᠦᠢᠯᠡᠰ ᠢᠶᠠᠷ ᠠᠮᠢ ᠠᠬᠤᠢ ᠪᠤᠯᠤᠨ ᠮᠠᠯᠵᠢᠯ ᠤᠨ ᠬᠤᠤᠰ ᠠᠰᠢᠭ ᠬᠦᠷᠳᠡᠬᠡᠬᠦ᠂ ᠰᠢᠯᠢᠳᠡᠭ ᠡᠬᠦᠯᠳᠡᠷ ᠤᠨ ᠠᠲᠤᠭᠤᠨ ᠤ ᠦᠢᠯᠡᠰ ᠢ ᠬᠦᠭᠵᠢᠬᠦᠯᠬᠦ ᠵᠡᠷᠬᠡ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠂ ᠮᠠᠯ ᠤᠨ ᠠᠰᠢᠭ ᠰᠢᠮ᠎ᠠ ᠶᠢ ᠦᠢᠯᠡᠳᠪᠦᠷᠢᠯᠡᠨ  ᠪᠤᠯᠪᠠᠰᠤᠷᠠᠭᠤᠯᠵᠤ ᠪᠤᠷᠤᠯᠠᠭᠤᠯᠬᠤ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠤᠯᠤᠰ ᠤᠨ  ᠤᠲᠤ ᠦᠶ᠎ᠠ ᠶᠢᠨ ᠲᠠᠷᠢᠶᠠᠯᠠᠩ ᠤᠨ ᠵᠢᠱᠢᠶ᠎ᠠ ᠦᠵᠡᠬᠦᠯᠬᠦ ᠲᠤᠭᠤᠷᠢᠭ ᠢ ᠪᠠᠶᠢᠭᠤᠯᠬᠤ ᠪᠤᠯᠤᠨ ᠮᠠᠯ ᠠᠵᠤ ᠠᠬᠤᠢ ᠶᠢᠨ  ᠲᠡᠰ ᠲᠡᠪᠰᠢᠯᠳᠡ ᠶᠢ ᠪᠡᠶᠡᠯᠡᠬᠦᠯᠬᠦ ᠶᠢ ᠠᠬᠢᠭᠤᠯᠵᠤ ᠪᠤᠢ᠃           ᠰᠢᠯᠢᠳᠡᠭ ᠡᠬᠦᠯᠳᠡᠷ ᠤᠨ ᠮᠠᠯ ᠮᠠᠯᠵᠢᠵᠦ ᠴᠦᠬᠡᠨ ᠮᠠᠯ ᠠᠴᠠ ᠦᠯᠡᠮᠵᠢ ᠠᠰᠢᠭ ᠬᠦᠷᠳᠡᠬᠦ ᠶᠢ ᠬᠦᠬᠡᠬᠡᠴᠡᠯᠳᠤᠪᠡ         ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠲᠤᠷᠰᠢ᠂ ᠡᠧᠡᠩᠬᠢ ᠬᠤᠰᠢᠭᠤ ᠦᠬᠡᠷ ᠬᠤᠨᠢ ᠪᠠᠷ ᠮᠠᠯᠵᠢᠬᠤ ᠦᠢᠯᠡᠳᠪᠦᠷᠢᠯᠡᠯ ᠤᠨ ᠰᠠᠭᠤᠷᠢ ᠠᠵᠤ ᠦᠢᠯᠡᠰ ᠪᠤᠯᠭᠠᠵᠤ᠂ ᠵᠠᠬ᠎ᠠ ᠲᠡᠯᠬᠡᠬᠦᠷ ᠤᠨ ᠠᠶᠢᠵᠠᠮ ᠢ ᠲᠠᠭᠠᠵᠦ  ᠮᠠᠯ ᠤᠨ ᠪᠦᠳᠦᠴᠡ ᠳᠤ ᠲᠤᠬᠢᠷᠠᠭᠤᠯᠤᠯᠳᠠ ᠬᠢᠵᠦ᠂ ᠡᠬᠦᠯᠳᠡᠷ ᠰᠠᠶᠢᠵᠢᠷᠠᠭᠤᠯᠬᠤ ᠠᠵᠢᠯ ᠢ ᠤᠷᠤᠭᠰᠢᠲᠠᠢ  ᠶᠠᠪᠤᠭᠳᠠᠭᠤᠯᠤᠨ᠂ ᠤᠷᠤᠨ ᠨᠤᠲᠤᠭ ᠤᠨ ᠪᠡᠯᠴᠢᠬᠡᠷ ᠤᠰᠤᠨ ᠳᠤ ᠵᠤᠬᠢᠴᠠᠭᠰᠠᠨ᠂ ᠵᠠᠬ᠎ᠠ ᠲᠡᠯᠬᠡᠬᠦᠷ ᠤᠨ  ᠪᠤᠷᠤᠯᠠᠭᠤᠯᠤᠯᠳᠠ ᠳᠤ ᠲᠤᠬᠢᠷᠠᠭᠰᠠᠨ ᠤᠷᠤᠨ ᠨᠤᠲᠤᠭ ᠤᠨ ᠰᠢᠯᠢᠳᠡᠭ ᠡᠬᠦᠯᠳᠡᠷ ᠢ ᠪᠤᠶᠢᠵᠢᠭᠤᠯᠵᠦ᠂ ᠠᠵᠤ  ᠠᠬᠤᠢ ᠶᠢᠨ ᠦᠷ᠎ᠡ ᠠᠰᠢᠬ ᠢ ᠲᠡᠬᠡᠭᠰᠢᠯᠡᠬᠦᠯᠤᠨ᠂ ᠮᠠᠯᠴᠢᠳ ᠤᠨ ᠤᠷᠤᠯᠭ᠎ᠠ ᠶᠢᠨ ᠨᠡᠮᠡᠭᠳᠡᠯ ᠢ ᠪᠠᠲᠤᠯᠠᠵᠠᠢ᠃     ᠡᠧᠡᠩᠬᠢ ᠬᠤᠰᠢᠭᠤ ᠠᠯᠢ ᠡᠷᠳᠡ 1986 ᠤᠨ ᠳᠤ ᠮᠢᠬᠠᠨ ᠤ ᠬᠤᠨᠢᠨ ᠤ ᠮᠡᠷᠭᠡᠵᠢᠯ ᠤᠨ ᠨᠡᠬᠡᠬᠡᠨ  ᠠᠰᠢᠭᠯᠠᠬᠤ ᠲᠦᠷᠦᠯ ᠵᠦᠢᠯ ᠢ ᠤᠷᠤᠭᠤᠯᠵᠦ᠂ ᠰᠢᠯᠢᠳᠡᠭ ᠡᠬᠦᠯᠳᠡᠷ ᠤᠨ ᠬᠤᠴᠠ ᠤᠷᠤᠭᠤᠯᠵᠦ ᠨᠤᠳᠤᠭ ᠤᠨ  ᠬᠤᠨᠢ ᠲᠠᠢ ᠡᠷᠯᠢᠰᠡᠵᠢᠬᠦᠯᠵᠦ᠂ 2001 — 2005 ᠤᠨ ᠳᠤ ᠰᠢᠯᠢᠳᠡᠭ ᠡᠬᠦᠯᠳᠡᠷ ᠤᠨ ᠳᠤ ᠪᠦᠸᠧ ᠬᠤᠴᠠ ᠶᠢ  ᠨᠤᠳᠤᠭ ᠤᠨ ᠡᠭᠦᠯᠳᠡᠷ ᠤᠨ ᠡᠮ᠎ᠡ ᠬᠤᠨᠢᠨ ᠳᠤ ᠲᠠᠯᠪᠢᠵᠦ ᠡᠷᠯᠢᠰᠡᠵᠢᠬᠦᠯᠵᠦ᠂ ᠬᠤᠨᠢᠨ ᠤ ᠡᠬᠦᠯᠳᠡᠷ ᠢ  ᠰᠠᠶᠢᠵᠢᠷᠠᠭᠤᠯᠵᠦ ᠪᠠᠶᠢᠪᠠ᠃         ᠤᠢᠢᠷ᠎ᠠ ᠶᠢᠨ ᠬᠡᠳᠦᠨ ᠵᠢᠯ ᠮᠢᠬᠠᠨ ᠤ ᠬᠤᠨᠢᠨ ᠤ ᠰᠢᠯᠢᠳᠡᠭ ᠡᠬᠦᠯᠳᠡᠷ ᠤᠨ ᠡᠬᠢ ᠪᠠᠶᠠᠯᠢᠭ ᠢᠶᠠᠨ ᠬᠠᠮᠠᠭᠠᠯᠠᠬᠤ  ᠪᠠ ᠨᠡᠬᠡᠬᠡᠨ ᠠᠰᠢᠭᠯᠠᠬᠤ ᠠᠵᠢᠯ ᠢ ᠬᠦᠴᠦ ᠲᠠᠯᠪᠢᠨ ᠠᠳᠬᠤᠵᠦ᠂ ︽ᠬᠦᠯᠦᠨ ᠪᠤᠶᠢᠷ ᠤᠨ ᠤᠬᠤᠷ ᠰᠡᠬᠦᠯᠳᠤ ᠬᠤᠨᠢ  ︾ ᠶᠢᠨ ᠤᠷᠤᠨ ᠨᠤᠳᠤᠭ ᠤᠨ ᠰᠢᠨ᠎ᠡ ᠡᠬᠦᠯᠳᠡᠷ ᠢ ᠦᠷᠡᠵᠢᠬᠦᠯᠵᠦ ᠪᠤᠶᠢᠵᠢᠭᠤᠯᠵᠠᠢ᠃ ᠤᠬᠤᠷ ᠰᠡᠬᠦᠯᠳᠤ ᠬᠤᠨᠢ ᠶᠢ  ᠭᠤᠤᠯᠳᠠᠭᠤ ᠡᠧᠡᠩᠬᠢ ᠬᠤᠰᠢᠭᠤᠨ ᠤ ᠰᠢᠨᠡᠬᠡᠨ᠂ ᠬᠤᠢ ᠨᠤᠳᠤᠭ ᠢᠶᠠᠷ ᠮᠠᠯᠵᠢᠳᠠᠭ᠃ ᠪᠦᠷᠢᠨ ᠪᠤᠰᠤ ᠪᠦᠷᠢᠳᠬᠡᠯ ᠢ  ᠦᠨᠳᠦᠰᠦᠯᠡᠪᠡᠯ᠂ ᠬᠦᠯᠦᠨ ᠪᠤᠶᠢᠷ ᠲᠤ ᠮᠠᠯᠵᠢᠵᠦ ᠪᠠᠶᠢᠭ᠎ᠠ ᠤᠬᠤᠷ ᠰᠡᠬᠦᠯᠳᠤ ᠬᠤᠨᠢᠨ ᠤ ᠲᠤᠭ᠎ᠠ 23 ᠲᠦᠮᠡ  ᠬᠦᠷᠴᠦ᠂ ᠡᠬᠦᠨ ᠳᠤ ᠡᠧᠡᠩᠬᠢ ᠬᠤᠰᠢᠭᠤᠨ ᠳᠤ ᠮᠠᠯᠵᠢᠵᠦ ᠪᠠᠶᠢᠭ᠎ᠠ ᠲᠤᠰ ᠡᠬᠦᠯᠳᠡᠷ ᠤᠨ ᠬᠤᠨᠢᠨ ᠤ ᠲᠤᠭ᠎ᠠ 20  ᠲᠦᠮᠡ ᠪᠤᠢ᠃ ᠤᠬᠤᠷ ᠰᠡᠬᠦᠯᠳᠤ ᠬᠤᠨᠢᠨ ᠤ ᠰᠡᠬᠦᠯ ᠨᠢ ᠤᠬᠤᠷ ᠮᠦᠷᠳᠡᠬᠡᠨ ᠵᠢᠵᠢᠭ᠂ ᠮᠢᠬ᠎ᠠ ᠨᠢ ᠠᠮᠳᠠᠳᠠᠢ  ᠪᠠᠶᠢᠳᠠᠭ ᠢᠶᠠᠷ ᠢᠶᠠᠨ ᠤᠯᠠᠭᠠᠨ ᠢᠳᠡᠬᠡᠨ ᠤ ᠬᠤᠪᠢᠷᠠᠯᠳᠠ ᠲᠠᠢ ᠨᠡᠶᠢᠴᠡᠵᠦ᠂ ᠵᠠᠬ᠎ᠠ ᠲᠡᠯᠬᠡᠬᠦᠷ ᠤᠨ  ᠦᠷᠢᠰᠦᠯᠳᠦᠬᠡᠨ ᠳᠤ ᠲᠠᠪᠠᠭᠤᠯᠢᠭ ᠪᠠᠶᠢᠷᠢ ᠶᠢ ᠡᠵᠡᠯᠡᠵᠦ ᠪᠠᠶᠢᠳᠠᠭ᠃ ᠤᠢᠢᠷ᠎ᠠ ᠶᠢᠨ ᠬᠡᠳᠦᠨ ᠵᠢᠯ ᠡᠧᠡᠩᠬᠢ ᠬᠤᠰᠢᠭᠤ  ᠮᠢᠬᠠᠨ ᠤ ᠬᠤᠨᠢᠨ ᠤ ᠠᠵᠦ ᠦᠢᠯᠡᠰ ᠤᠨ ᠪᠠᠶᠢᠷᠢᠰᠢᠭᠤᠯᠤᠯᠳᠠ ᠶᠢ ᠦᠨᠳᠦᠰᠦᠯᠡᠵᠦ᠂ ᠰᠢᠨᠡᠬᠡᠨ ᠪᠠᠷᠠᠭᠤᠨ ᠰᠤᠮᠤᠨ ᠤ ᠲᠦᠷᠪᠡᠨ ᠭᠠᠴᠠᠭ᠎ᠠ᠂ ᠰᠢᠨᠡᠬᠡᠨ ᠵᠡᠬᠦᠨ ᠰᠤᠮᠤ᠂ ᠢᠮᠢᠨ ᠰᠤᠮᠤ᠂ ᠬᠤᠢ ᠰᠤᠮᠤ ᠶᠢᠨ ᠬᠡᠳᠤᠨ ᠭᠠᠴᠠᠭᠠᠨ ᠳᠤ ᠤᠬᠤᠷ  ᠰᠡᠬᠦᠯᠳᠤ ᠬᠤᠨᠢᠨ ᠤ ᠠᠵᠦ ᠦᠢᠯᠡᠰ ᠤᠨ ᠲᠤᠭᠤᠷᠢᠭ ᠭᠠᠷᠭᠠᠵᠤ᠂ ᠡᠬᠦᠯᠳᠡᠷ ᠰᠤᠩᠭᠤᠵᠦ ᠪᠤᠶᠢᠵᠢᠭᠤᠯᠬᠤ ᠠᠵᠢᠯ ᠢ  ᠡᠷᠴᠢᠮᠳᠡᠢ ᠬᠢᠪᠡ᠃ ᠬᠡᠳᠦᠨ ᠵᠢᠯ ᠤᠨ ᠡᠬᠦᠯᠳᠡᠷ ᠰᠤᠩᠭᠤᠵᠦ ᠬᠡᠬᠡᠯᠳᠦᠬᠦᠯᠭᠡ ᠬᠢᠬᠦ ᠪᠠᠷ ᠲᠠᠮᠵᠢᠨ᠂ ᠭᠤᠤᠯ ᠮᠠᠯᠵᠢᠵᠦ  ᠪᠠᠶᠢᠭ᠎ᠠ ᠤᠷᠤᠨ ᠤ ᠬᠤᠴᠠ ᠶᠢᠨ ᠪᠡᠶ᠎ᠡ ᠶᠢᠨ ᠬᠦᠨᠳᠤ ᠨᠢ 1.5 ᠺᠢᠯᠦᠭᠷᠠᠮ ᠨᠡᠮᠡᠭᠳᠡᠵᠦ ᠂ ᠡᠮ᠎ᠡ ᠬᠤᠨᠢᠨ ᠤ ᠪᠡᠶ᠎ᠡ ᠶᠢᠨ  ᠬᠦᠨᠳᠤ ᠨᠢ 1 ᠺᠢᠯᠦᠭᠷᠠᠮ ᠨᠡᠮᠡᠭᠳᠡᠵᠡᠢ᠃           ᠲᠤᠰ ᠬᠤᠰᠢᠭᠤ ᠭᠤᠷᠪᠠᠨ ᠭᠤᠤᠯ ᠤᠨ ᠦᠭᠡᠷ᠂ ᠰᠢᠨᠡᠭᠡᠨ ᠡᠬᠦᠯᠳᠡᠷ ᠤᠨ ᠦᠭᠡᠷ᠂ ᠬᠠᠷ᠎ᠠ ᠠᠯᠠᠭ ᠦᠭᠡᠷ᠂  ᠰᠢᠮᠧᠨ᠋ᠳᠡᠷ ᠦᠭᠡᠷ ᠵᠡᠷᠭᠡ ᠰᠢᠯᠢᠳᠡᠭ ᠡᠬᠦᠯᠳᠡᠷ ᠤᠨ ᠦᠭᠡᠷ ᠮᠠᠯᠵᠢᠵᠦ᠂ 1995 ᠤᠨ ᠳᠤ ᠺᠠᠨᠠᠳᠠ ᠠᠴᠠ ᠾᠧᠰᠲ᠋ᠠᠨ ᠰᠠᠭᠠᠯᠢ ᠶᠢᠨ ᠦᠨᠢᠶ᠎ᠡ ᠤᠷᠤᠭᠤᠯᠵᠦ᠂ ᠦᠭᠡᠷ ᠤᠨ ᠡᠬᠦᠯᠳᠡᠷ ᠢ ᠰᠠᠶᠢᠵᠢᠷᠠᠭᠤᠯᠵᠦ ᠮᠢᠬ᠎ᠠ ᠪᠤᠯᠤᠨ ᠰᠦ ᠶᠢᠨ ᠬᠤᠤᠰ ᠠᠰᠢᠭ ᠬᠦᠷᠳᠡᠬᠦ ᠱᠤᠭᠤᠮ ᠢᠶᠠᠷ ᠠᠵᠢᠯᠯᠠᠵᠤ ᠡᠬᠢᠯᠡᠵᠠᠢ᠃ 2006 ᠤᠨ ᠠᠴᠠ ᠨᠠᠭᠠᠰᠢ ᠮᠠᠯ ᠤᠨ ᠰᠢᠯᠢᠳᠡᠭ  ᠡᠬᠦᠯᠳᠡᠷ ᠤᠨ ᠨᠦᠬᠦᠪᠦᠷᠢ ᠶᠢᠨ ᠲᠦᠷᠦᠯ ᠵᠦᠯ ᠢ ᠬᠡᠷᠡᠭᠵᠢᠬᠦᠯᠬᠦ ᠶᠢ ᠠᠰᠢᠭᠯᠠᠵᠦ᠂ ᠲᠤᠰ ᠬᠤᠰᠢᠭᠤ 40 ᠲᠦᠮᠡᠡ ᠾᠧᠰᠲ᠋ᠠᠨ ᠡᠬᠦᠯᠳᠡᠷ ᠤᠨ ᠦᠬᠡᠷ ᠤᠨ ᠢᠴᠡᠭᠡᠯ ᠦᠷ᠎ᠡ ᠶᠢ ᠤᠷᠤᠭᠤᠯᠵᠦ᠂ 35 ᠲᠦᠮᠡᠨ ᠲᠤᠯᠤᠭᠠᠢ ᠰᠠᠭᠠᠯᠢ ᠶᠢᠨ  ᠦᠨᠢᠶ᠎ᠡ ᠳᠤ ᠢᠴᠡᠭᠡᠯ ᠦᠷ᠎ᠡ ᠪᠠᠷ ᠭᠡᠭᠡᠯᠳᠦᠬᠦᠯᠭᠡ ᠬᠢᠪᠡ᠃ 20 ᠲᠦᠮᠡᠨ ᠰᠢᠮᠧᠨ᠋ᠳᠡᠷ ᠦᠭᠡᠷ᠂ ᠭᠤᠷᠪᠠᠨ ᠭᠤᠤᠯ ᠤᠨ  ᠦᠭᠡᠷ ᠤᠨ ᠢᠴᠡᠭᠡᠯ ᠦᠷ᠎ᠡ ᠶᠢ ᠤᠷᠤᠭᠤᠯᠵᠦ᠂ 6 ᠲᠦᠮᠡᠨ ᠲᠤᠯᠤᠭᠠᠢ ᠮᠢᠬᠠᠨ ᠤ ᠦᠭᠡᠷ ᠲᠤ ᠢᠴᠡᠭᠡᠯ ᠦᠷ᠎ᠡ ᠪᠠᠷ  ᠬᠡᠭᠡᠯᠳᠦᠬᠦᠯᠭᠡ ᠬᠢᠵᠦ᠂ 2017 ᠤᠨ ᠪᠤᠯᠬᠤ ᠳᠤ ᠰᠢᠯᠢᠳᠡᠭ ᠡᠬᠦᠯᠳᠡᠷ ᠪᠤᠯᠤᠨ ᠡᠬᠦᠯᠳᠡᠷ ᠰᠠᠶᠢᠵᠢᠷᠠᠭᠤᠯᠤᠭᠰᠠᠨ  ᠦᠬᠡᠷ 92% ᠲᠤ ᠬᠦᠷᠪᠡ᠃ 2016 ᠤᠨ ᠳᠤ ᠡᠧᠡᠩᠬᠢ ᠬᠤᠰᠢᠭᠤ ᠰᠢᠯᠢᠳᠡᠭ ᠡᠬᠦᠯᠳᠡᠷ ᠤᠨ ᠮᠢᠬᠠᠨ ᠤ ᠦᠬᠡᠷ  ᠲᠡᠵᠢᠬᠡᠨ ᠦᠷᠡᠵᠢᠬᠦᠯᠵᠦ ᠪᠠᠶᠢᠭ᠎ᠠ ᠬᠤᠢ ᠰᠤᠮᠤ᠂ ᠢᠮᠢᠨ ᠰᠤᠮᠤ᠂ ᠰᠢᠨᠡᠬᠡᠨ ᠵᠡᠬᠦᠨ ᠰᠤᠮᠤ᠂ ᠰᠢᠨᠡᠬᠡᠨ ᠪᠠᠷᠠᠭᠤᠨ  ᠰᠤᠮᠤᠨ ᠤ 357 ᠡᠷᠦᠬᠡ ᠳᠤ ᠲᠦᠷᠦᠯ ᠵᠦᠢᠯ ᠤᠨ ᠨᠦᠬᠦᠪᠦᠷᠢ ᠤᠯᠭᠤᠵᠤ᠂ ᠰᠢᠯᠢᠳᠡᠭ ᠡᠬᠦᠯᠳᠡᠷ ᠤᠨ ᠮᠢᠬᠠᠨ ᠤ  ᠦᠬᠡᠷ ᠲᠡᠵᠢᠬᠡᠨ ᠦᠷᠡᠵᠢᠬᠦᠯᠬᠦ ᠶᠢ ᠲᠡᠮᠵᠢᠪᠡ᠃ ᠲᠤᠰ ᠬᠤᠰᠢᠭᠤᠨ ᠤ ᠰᠢᠯᠢᠳᠡᠭ ᠡᠬᠦᠯᠳᠡᠷ ᠪᠠ ᠡᠬᠦᠯᠳᠡᠷ  ᠰᠠᠶᠢᠵᠢᠷᠠᠭᠤᠯᠤᠭᠰᠠᠨ ᠮᠠᠯ ᠤᠨ ᠲᠤᠭ᠎ᠠ 1958 ᠤᠨ ᠤ 1.48 ᠲᠦᠮᠡᠨ ᠲᠤᠯᠤᠭᠠᠢ ᠪᠠᠶᠢᠭᠰᠠᠨ ᠠᠴᠠ 2016  ᠤᠨ ᠤ 94.48 ᠲᠦᠮᠡᠨ ᠲᠤᠯᠤᠭᠠᠢ ᠬᠦᠷᠴᠤ᠂ ᠪᠦᠬᠦ ᠮᠠᠯ ᠤᠨ ᠲᠤᠭᠠᠨ ᠤ 90.83% ᠶᠢ ᠡᠵᠡᠯᠡᠬᠦ ᠪᠤᠯᠵᠤ᠂  63.83 ᠲᠠᠬᠢᠨ ᠨᠡᠮᠡᠭᠳᠡᠪᠡ᠃           ᠡᠧᠡᠩᠬᠢ ᠬᠤᠰᠢᠭᠤ ᠠᠳᠤᠭᠤᠨ ᠤ ᠤᠢᠢᠯᠡᠰ ᠠᠴᠠ ᠭᠠᠷᠳᠠᠵᠦ᠂ ᠺᠧ ᠰᠢᠩ ᠠᠳᠤᠭᠤᠨ ᠤ ᠤᠢᠢᠯᠡᠰ ᠤᠨ ᠺᠤᠮᠫᠠᠨᠢ  ᠵᠡᠷᠭᠡ ᠲᠤᠯᠤᠭᠠᠢᠢᠯᠠᠭᠴᠢ ᠠᠵᠤ ᠠᠬᠤᠢᠢᠯᠠᠯ ᠢ ᠲᠠᠩᠰᠠᠯᠠᠭᠤᠯᠵᠤ᠂ ᠪᠦᠷᠢᠨ ᠪᠦᠳᠦᠨ ᠮᠠᠯ ᠠᠵᠤ ᠠᠬᠤᠢ ᠶᠢᠨ  ᠬᠡᠯᠬᠢᠵᠢᠶᠡᠯ ᠢ ᠪᠦᠷᠢᠯᠳᠦᠬᠦᠯᠪᠡ᠃ ᠲᠠᠷᠢᠶᠠᠯᠨᠩ ᠮᠠᠯ ᠠᠵᠤ ᠠᠬᠤᠢ ᠶᠢᠨ ᠮᠡᠷᠭᠡᠵᠢᠯᠳᠡᠳ ᠤᠨ ᠲᠠᠪᠠᠭᠤᠯᠢᠭ ᠢᠶᠠᠨ  ᠠᠰᠢᠭᠯᠠᠵᠦ᠂ ᠲᠤᠯᠤᠭᠠᠢᠢᠯᠠᠭᠴᠢ ᠠᠵᠤ ᠠᠬᠤᠢᠢᠯᠠᠯ ᠢᠶᠠᠷ ᠭᠤᠤᠯᠯᠠᠭᠤᠯᠵᠦ᠂ ᠰᠠᠭᠤᠷᠢᠨ ᠭᠠᠵᠠᠷ ᠢ ᠪᠠᠬᠢᠵᠢᠬᠦᠯᠵᠦ᠂  ᠮᠠᠯᠵᠢᠬᠤ ᠡᠷᠦᠭᠡ ᠶᠢ ᠲᠠᠶᠢᠴᠢᠯᠠᠭᠰᠠᠨ ︽ᠢᠨᠲ᠋ᠧᠷ ᠰᠦᠯᠵᠢᠶ᠎ᠡ + ᠮᠠᠯ ᠠᠵᠤ ᠠᠬᠤᠢ︾ ᠶᠢᠨ ᠭᠡᠯᠪᠡᠷᠢ ᠪᠠᠷ ︽ᠰᠦ᠂ ᠮᠢᠬ᠎ᠠ᠂ ᠡᠪᠡᠰᠤ᠂ ᠠᠳᠤᠭᠤ︾ ᠪᠠᠷ ᠭᠤᠤᠯᠯᠠᠭᠴᠢ ᠠᠵᠤ ᠤᠢᠢᠯᠡᠰ ᠪᠤᠯᠭᠠᠵᠦ᠂ ᠭᠤᠤᠯᠯᠠᠭᠴᠢ ᠤᠢᠢᠯᠡᠰ ᠤᠨ ᠠᠵᠤ  ᠤᠢᠢᠯᠠᠰᠵᠢᠯᠳᠡ ᠶᠢᠨ ᠠᠬᠢᠴᠠ ᠶᠢ ᠪᠦᠬᠦ ᠲᠠᠯ᠎ᠠ ᠪᠠᠷ ᠠᠬᠢᠭᠤᠯᠵᠦ᠂ ᠰᠢᠨᠵᠢᠯᠡᠭᠡ ᠮᠡᠷᠭᠡᠵᠢᠯ ᠤᠨ ᠠᠭᠤᠯᠤᠭᠳᠠᠴᠠ ᠪᠠᠷ  ᠦᠨᠳᠦᠷ ᠤᠢᠢᠯᠡᠳᠪᠦᠷᠢᠯᠡᠯ ᠤᠨ ᠲᠤᠭᠤᠷᠢᠭ ᠪᠠ ᠰᠠᠭᠤᠷᠢᠨ ᠭᠠᠵᠠᠷ ᠢ ᠪᠠᠶᠢᠭᠤᠯᠵᠦ᠂ ᠡᠧᠡᠩᠬᠢ ᠬᠤᠰᠢᠭᠤᠨ ᠤ  ᠰᠢᠨᠵᠢᠯᠡᠭᠡ ᠮᠡᠷᠭᠡᠵᠢᠯ ᠤᠨ ᠰᠢᠨᠡᠴᠢᠯᠡᠯᠳᠡ ᠪᠠᠷ ᠬᠦᠳᠡᠯᠭᠡᠭᠴᠢ ᠬᠦᠴᠦᠨ ᠪᠤᠯᠭᠠᠭᠰᠠᠨ ᠤᠳᠤᠭᠢᠴᠢᠯᠠᠭᠰᠠᠨ ᠮᠠᠯ ᠠᠵᠤ  ᠠᠬᠤᠢ ᠶᠢ ᠪᠦᠬᠦ ᠲᠠᠯ᠎ᠠ ᠪᠠᠷ ᠬᠦᠭᠵᠢᠬᠦᠯᠵᠤ ᠪᠤᠢ᠃         ᠮᠠᠨ ᠤ ᠤᠯᠤᠰ ᠤᠨ ᠠᠳᠤᠭᠤᠨ ᠤ ᠤᠢᠢᠯᠡᠰ ᠤᠨ ᠰᠡᠷᠬᠦᠯᠳᠡ ᠶᠢ ᠲᠠᠭᠠᠯᠳᠤᠨ᠂ ᠡᠸᠡᠩᠬᠢ ᠬᠤᠰᠢᠭᠤ ᠡᠩ  ᠲᠡᠷᠢᠬᠦᠨ ᠳᠤ ᠭᠤᠷᠪᠠᠨ ᠭᠤᠤᠯ ᠤᠨ ᠠᠳᠤᠭᠤᠨ ᠤ ᠰᠤᠩᠭᠤᠨ ᠪᠤᠶᠢᠵᠢᠭᠤᠯᠬᠤ ᠠᠵᠢᠯ ᠢ ᠡᠬᠢᠯᠡᠬᠦᠯᠦᠭᠰᠡᠨ ᠪᠠᠶᠢᠨ᠎ᠠ᠃  2007 ᠤᠨ ᠠᠴᠠ ᠡᠬᠢᠯᠡᠨ ᠡᠸᠡᠩᠬᠢ ᠬᠤᠰᠢᠭᠤ ᠺᠧ ᠰᠢᠩ ᠠᠳᠤᠭᠤᠨ ᠤ ᠤᠢᠢᠯᠡᠰ ᠤᠨ ᠠᠲᠤᠭᠤ ᠪᠤᠶᠢᠵᠢᠭᠤᠯᠬᠤ  ᠰᠠᠭᠤᠷᠢᠨ ᠭᠠᠵᠠᠷ ᠢ ᠪᠠᠶᠢᠭᠤᠯᠵᠤ᠂ ᠤᠤᠯ ᠤᠨ ᠳ᠋ᠠ ᠶᠠᠨ ᠤ ᠭᠤᠷᠪᠠᠨ ᠭᠤᠤᠯ ᠤᠨ ᠠᠳᠤᠭᠤᠨ ᠤ ᠠᠵᠢᠷᠭ᠎ᠠ ᠶᠢᠨ ᠲᠠᠯᠠᠪᠤᠷ ᠤᠨ ᠭᠠᠷ ᠭᠡᠭᠡᠯᠳᠦᠬᠦᠯᠭᠡ ᠶᠢᠨ ᠮᠡᠷᠭᠡᠵᠢᠯ ᠪᠤᠯᠤᠨ ᠭᠤᠷᠪᠠᠨ ᠭᠤᠤᠯ ᠤᠨ ᠠᠳᠤᠭᠤ ᠶᠢᠨ ᠠᠵᠢᠷᠭ᠎ᠠ ᠶᠢᠨ ᠬᠤᠶᠢᠴᠢᠰ ᠢ ᠲᠠᠭᠠᠭᠠᠨ ᠠᠪᠴᠤ᠂ ᠲᠤᠮᠳᠠᠳᠤ ᠤᠯᠤᠰ ᠤᠨ ᠲᠠᠷᠢᠶᠠᠯᠨᠩ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠲᠠᠷᠢᠶᠠᠯᠨᠩ ᠤᠨ ᠶᠡᠭᠡ ᠰᠤᠷᠭᠠᠭᠤᠯᠢ᠂ ᠦᠪᠡᠷᠳᠡᠭᠡᠨ ᠵᠠᠰᠠᠬᠤ ᠤᠷᠤᠨ ᠤ ᠮᠠᠯ ᠤᠨ ᠡᠬᠦᠯᠳᠡᠷ  ᠰᠠᠶᠢᠵᠢᠷᠠᠭᠤᠯᠬᠤ ᠠᠵᠢᠯ ᠤᠨ ᠦᠷᠳᠡᠭᠡ ᠲᠠᠢ ᠬᠤᠯᠪᠤᠭᠠᠯᠠᠵᠦ᠂ ᠭᠤᠷᠪᠠᠨ ᠭᠤᠤᠯ ᠤᠨ ᠠᠳᠤᠭᠤ ᠶᠢᠨ ᠤᠨᠤᠯᠭᠠᠨ ᠤ  ᠬᠡᠯᠪᠡᠷᠢ ᠶᠢᠨ ᠰᠢᠨ᠎ᠡ ᠡᠭᠦᠯᠳᠡᠷ ᠢ ᠰᠤᠩᠭᠤᠨ ᠪᠤᠶᠢᠵᠢᠭᠤᠯᠬᠤ ᠲᠦᠰᠦᠪ ᠢ ᠲᠤᠭᠳᠠᠭᠠᠵᠦ᠂ ᠨᠢᠭᠡᠳᠦᠭᠡᠷ ᠦᠶ᠎ᠡ ᠶᠢᠨ  ᠴᠢᠰᠤ ᠲᠠᠮᠵᠢᠭᠤᠯᠬᠤ ᠡᠷᠯᠢᠰᠡᠵᠢᠬᠦᠯᠦᠨ ᠪᠤᠶᠢᠵᠢᠭᠤᠯᠬᠤ ᠠᠷᠭ᠎ᠠ ᠶᠢ ᠠᠪᠴᠤ᠂ ᠮᠠᠨ ᠤ ᠤᠯᠤᠰ ᠤᠨ ᠤᠳᠤᠬᠢ  ᠴᠠᠭ ᠤᠨ ᠠᠳᠤᠭᠤᠨ ᠤᠢᠢᠯᠡᠰ ᠤᠨ ᠬᠦᠭᠵᠢᠯᠳᠡ ᠶᠢᠨ ᠭᠡᠷᠡᠭᠴᠡᠭᠡ ᠳᠤ ᠲᠤᠭᠢᠷᠠᠭᠰᠠᠨ ᠤᠨᠤᠯᠭᠠᠨ ᠤ ᠭᠤᠷᠪᠠᠨ  ᠭᠤᠤᠯ ᠤᠨ ᠠᠳᠤᠭᠤ ᠶᠢ ᠪᠤᠶᠢᠵᠢᠭᠤᠯᠬᠤ ᠪᠠᠷ ᠬᠠᠷᠠᠯᠳᠠ ᠪᠤᠯᠭᠠᠵᠦ᠂ ᠭᠤᠷᠪᠠᠨ ᠭᠤᠤᠯ ᠤᠨ ᠠᠳᠤᠭᠤ ᠶᠢᠨ ᠤᠤᠯ  ᠡᠬᠦᠯᠳᠡᠷ ᠢ ᠰᠤᠩᠭᠤᠨ ᠪᠤᠶᠢᠵᠢᠭᠤᠯᠬᠤ ᠠᠵᠢᠯ ᠢ ᠡᠷᠴᠢᠮᠳᠡᠢ ᠶᠠᠪᠤᠭᠳᠠᠭᠤᠯᠪᠠ᠃         ᠤᠯᠤᠰ ᠤᠨ ᠰᠢᠨᠵᠢᠯᠡᠭᠡ ᠮᠡᠷᠭᠡᠵᠢᠯ ᠤᠨ ᠶᠠᠮᠤᠨ ᠤ ᠤᠯᠠᠨ ᠤᠯᠤᠰ ᠤᠨ ᠬᠠᠮᠳᠤᠷᠠᠯᠴᠠᠭᠠᠨ ᠤ ᠲᠦᠷᠦᠯ  ᠵᠦᠢᠯ ᠢᠶᠠᠷ ᠲᠠᠮᠵᠢᠵᠦ᠂ ᠡᠸᠡᠩᠬᠢ ᠬᠤᠰᠢᠭᠤ ᠤᠷᠢᠳ ᠬᠤᠵᠢᠳ ᠠᠩᠭ᠍ᠯᠢ ᠶᠢᠨ ᠴᠡᠪᠡᠷ ᠴᠢᠰᠤᠨ ᠤᠳᠤᠮᠳᠤ ᠠᠵᠢᠷᠭ᠎ᠠ  ᠂ ᠫᠦᠴᠦᠨᠢ ᠠᠵᠢᠷᠭ᠎ᠠ᠂ ᠤᠷᠯᠤᠹ ᠠᠵᠢᠷᠭ᠎ᠠ᠂ ᠹᠷᠠᠠᠼᠢ ᠶᠢᠨ ᠬᠠᠳᠠᠷᠢᠶ᠎ᠠ ᠠᠵᠢᠷᠭ᠎ᠠ ᠵᠡᠷᠭᠡ ᠲᠦᠷᠪᠡᠨ ᠲᠦᠷᠦᠯ ᠤᠨ  ᠭᠠᠳᠠᠭᠠᠳᠤ ᠶᠢᠨ ᠡᠬᠦᠯᠳᠡᠷ ᠤᠨ 9 ᠠᠵᠢᠷᠭ᠎ᠠ ᠶᠢ ᠭᠤᠷᠪᠠᠨ ᠭᠤᠤᠯ ᠤᠨ ᠠᠳᠤᠭᠤᠨ ᠳᠤ ᠡᠬᠦᠯᠳᠡᠷ ᠰᠡᠶᠢᠵᠢᠷᠠᠭᠤᠯᠬᠤ ᠳᠤ ᠭᠡᠷᠡᠭᠯᠡᠪᠡ᠃ 1978 ᠤᠨ ᠠᠴᠠ ᠰᠡᠬᠦᠯᠡᠷ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠳᠠ ᠶᠢᠨ ᠲᠦᠪᠰᠢᠨ ᠤ ᠲᠡᠭᠡᠭᠰᠢᠯᠡᠯᠳᠡ ᠪᠤᠯᠤᠨ ᠵᠠᠮ ᠬᠠᠷᠢᠯᠴᠠᠭᠠᠨ ᠤ ᠤᠢᠢᠯᠡᠰ ᠤᠨ ᠬᠦᠭᠵᠢᠯᠳᠡ ᠶᠢ ᠲᠠᠭᠠᠯᠳᠤᠨ᠂ ᠡᠲᠦᠷ ᠲᠤᠲᠤᠮ ᠤᠨ ᠤᠨᠤᠯᠭᠠᠨ ᠤ ᠮᠤᠷᠢ ᠶᠠᠪᠤᠬᠤ ᠲᠤᠰᠤᠮ ᠴᠦᠬᠡᠷᠡᠵᠦ᠂ 1990 ᠤᠨ ᠪᠤᠯᠬᠤ ᠳᠤ  1.55 ᠲᠦᠮᠡᠨ ᠠᠲᠤᠭᠤ ᠲᠠᠢ ᠯᠡ ᠦᠯᠡᠳᠡᠪᠡ᠃ ᠤᠢᠢᠷ᠎ᠠ ᠶᠢᠨ 10 ᠵᠢᠯ ᠤᠨ ᠬᠠᠶᠢᠨ ᠰᠦᠪᠡᠭᠴᠢᠯᠡᠯᠳᠡ ᠪᠠᠷ  ᠲᠠᠮᠵᠢᠨ᠂ ᠡᠸᠡᠩᠬᠢ ᠬᠤᠰᠢᠭᠤᠨ ᠤ ᠠᠲᠤᠭᠤᠨ ᠤ ᠡᠬᠦᠯᠳᠡᠷ ᠰᠠᠶᠢᠵᠢᠷᠠᠭᠤᠯᠤᠨ ᠰᠤᠩᠭᠤᠬᠤ ᠠᠵᠢᠯ ᠤᠨ ᠠᠬᠢᠴᠠ  ᠦᠳᠳᠡᠷ ᠲᠦᠷᠭᠡᠨ ᠬᠦᠭᠵᠢᠵᠦ᠂ ᠠᠲᠤᠭᠤᠨ ᠤ ᠭᠠᠷ ᠭᠡᠭᠡᠯᠳᠦᠬᠦᠯᠭᠡ ᠶᠢᠨ ᠮᠡᠷᠭᠡᠵᠢᠯ ᠲᠠᠰᠤᠷᠠᠯᠳᠠ ᠦᠭᠡᠢ  ᠲᠡᠬᠡᠭᠰᠢᠯᠡᠵᠤ᠂ 2017 ᠤᠨ ᠳᠤ ᠠᠲᠤᠭᠤᠨ ᠤ ᠲᠤᠭ᠎ᠠ 4.6 ᠲᠦᠮᠡ ᠬᠦᠷᠴᠤ᠂ 2.97 ᠲᠠᠬᠢᠨ ᠨᠡᠮᠡᠭᠳᠡᠪᠡ᠃           ᠮᠠᠯ ᠤᠨ ᠡᠬᠦᠯᠳᠡᠷ ᠢ ᠰᠢᠯᠢᠳᠡᠭᠵᠢᠬᠦᠯᠵᠦ᠂ ᠨᠤᠳᠤᠭ ᠪᠡᠯᠴᠢᠬᠡᠷ ᠤᠨ ᠢᠶᠠᠨ ᠪᠠᠶᠢᠳᠠᠯ ᠳᠤ ᠵᠤᠬᠢᠴᠠᠭᠤᠯᠤᠨ  ᠮᠠᠯᠵᠢᠵᠤ᠂ ᠴᠦᠬᠡᠨ ᠮᠠᠯ ᠠᠴᠠ ᠦᠯᠡᠮᠵᠢ ᠠᠰᠢᠭ ᠬᠦᠷᠳᠡᠬᠦ ᠶᠢ ᠬᠦᠬᠡᠬᠡᠴᠡᠯᠳᠦᠵᠦ᠂ ᠮᠠᠯ ᠤᠨ ᠪᠤᠷᠤᠯᠠᠭᠤᠯᠤᠯᠳᠠ ᠶᠢ  ᠲᠦᠷᠬᠡᠳᠬᠡᠭᠰᠡᠨ ᠠᠴᠠ ᠡᠧᠡᠩᠬᠢ ᠬᠤᠰᠢᠭᠤᠨ ᠤ ᠮᠠᠯ ᠤᠨ ᠪᠤᠷᠤᠯᠠᠭᠤᠯᠤᠯᠳᠠ ᠶᠢᠨ ᠨᠤᠷᠮ᠎ᠠ 1978 ᠤᠨ ᠤ 13. 66% ᠠᠴᠠ 2017 ᠤᠨ ᠤ 42.65% ᠬᠦᠷᠦᠭᠰᠡᠨ ᠪᠠᠶᠢᠨ᠎ᠠ᠃             ᠡᠪᠡᠰᠦᠨ ᠤ ᠦᠢᠯᠡᠰ ᠢ ᠬᠦᠭᠵᠢᠬᠦᠯᠵᠦ ᠠᠵᠦ ᠠᠬᠤᠢ ᠶᠢᠨ ᠦᠷ᠎ᠠ ᠠᠰᠢᠬ ᠢ ᠨᠡᠮᠡᠭᠳᠡᠬᠦᠯᠵᠠᠢ         ᠡᠸᠡᠩᠬᠢ ᠬᠤᠰᠢᠭᠤᠨ ᠤ ᠪᠠᠶᠢᠭᠠᠯᠢᠯᠢᠭ ᠡᠪᠡᠰᠤ ᠪᠡᠯᠴᠢᠬᠡᠷ ᠤᠨ ᠲᠠᠯᠠᠪᠠᠢ 1905 ᠲᠦᠮᠡᠨ ᠮᠤ᠋ ᠪᠠᠶᠢᠵᠦ᠂  ᠪᠦᠬᠦ ᠨᠤᠳᠤᠭ ᠲᠡᠪᠢᠰᠬᠡᠷ ᠤᠨ ᠶᠡᠷᠦᠩᠬᠡᠢ ᠲᠠᠯᠠᠪᠠᠢ ᠶᠢᠨ 63.5% ᠶᠢ ᠡᠵᠡᠯᠡᠵᠤ᠂ ᠡᠬᠦᠨ ᠳᠤ ᠠᠰᠢᠬᠯᠠᠵᠤ  ᠪᠤᠯᠬᠤᠢᠢᠴᠠ ᠨᠤᠳᠤᠭ ᠪᠡᠯᠴᠢᠬᠡᠷ ᠤᠨ ᠲᠠᠯᠠᠪᠠᠢ 1720 ᠲᠦᠮᠡᠨ ᠮᠤ᠋ ᠪᠤᠢ᠃ ᠲᠡᠬᠡᠷ᠎ᠠ ᠵᠠᠭᠤᠨ ᠤ ᠨᠠᠶᠠᠭᠠᠳ ᠤᠨ ᠤ  ᠰᠡᠬᠦᠯᠴᠢ ᠶᠡᠷᠡᠬᠡᠳ ᠤᠨ ᠤ ᠡᠬᠢ ᠪᠠᠷ᠂ ᠤᠯᠤᠰ ᠠᠴᠠ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ ᠶᠢᠨ  ᠡᠬᠦᠳᠠᠨ ᠠᠴᠠ ᠤᠢ ᠰᠢᠭᠤᠢ ᠪᠤᠯᠤᠨ ᠲᠠᠯ᠎ᠠ ᠨᠤᠳᠤᠭ ᠵᠠᠯᠭᠠᠯᠳᠤᠭᠰᠠᠠ ᠬᠠᠷᠢᠴᠠᠩᠭᠤᠢ ᠲᠡᠭᠰᠢ ᠭᠠᠵᠠᠷ ᠢ  ᠲᠤᠬᠢᠷᠠᠮᠵᠢᠳᠠᠢ ᠨᠡᠬᠡᠬᠡᠨ ᠠᠰᠢᠬᠯᠠᠬᠤ ᠲᠦᠷᠦ ᠶᠢᠨ ᠪᠤᠳᠤᠯᠭ᠎ᠠ ᠶᠢ ᠲᠤᠷᠠᠳᠴᠤ᠂ ᠡᠸᠡᠩᠬᠢ ᠬᠤᠰᠢᠭᠤᠨ ᠤ  ᠤᠳᠤᠬᠠᠨ ᠤ ᠲᠠᠷᠢᠶᠠᠯᠠᠵᠤ ᠪᠠᠶᠢᠭ᠎ᠠ ᠨᠢᠬᠡᠨᠳᠠ ᠬᠠᠭᠠᠯᠪᠤᠷᠢᠯᠠᠭᠰᠠᠠ 84 ᠲᠦᠮᠡᠨ ᠮᠤ᠋ ᠨᠤᠳᠤᠭ ᠪᠡᠯᠴᠢᠬᠡᠷ ᠢ  ᠪᠦᠷᠢᠯᠳᠦᠬᠦᠯᠦᠭᠰᠡᠡ ᠪᠠᠶᠢᠨ᠎ᠠ᠃ ᠲᠡᠤᠬᠡᠨ ᠲᠡᠬᠡᠷ᠎ᠠ ᠠᠴᠠ ᠪᠦᠷᠢᠯᠳᠦᠭᠰᠡᠡ ᠡᠨᠡ ᠬᠦ 84 ᠲᠦᠮᠡᠨ ᠮᠤ᠋  ᠬᠠᠭᠠᠯᠪᠤᠷᠢᠯᠠᠭᠰᠠᠠ ᠨᠤᠳᠤᠭ ᠪᠡᠯᠴᠢᠬᠡᠷ ᠨᠢ ᠬᠤᠶᠢᠰᠢᠳᠠ ᠶᠢᠨ ᠠᠮᠢ ᠠᠬᠤᠢ ᠶᠢᠨ ᠡᠪᠡᠰᠤᠨ ᠤ ᠠᠵᠤ ᠦᠢᠯᠡᠰ᠂ ᠮᠠᠯ  ᠠᠵᠤ ᠠᠬᠤᠢ ᠶᠢᠨ ᠪᠦᠳᠦᠬᠡᠨ ᠪᠠᠶᠢᠭᠤᠯᠤᠯᠳᠠ᠂ ᠴᠢᠨᠠᠷᠯᠢᠭ ᠲᠠᠷᠢᠮᠠᠯ ᠡᠪᠡᠰᠤ ᠶᠢᠨ ᠡᠯᠪᠡᠭ ᠬᠤᠷᠢᠶᠠᠯᠳᠠ ᠳᠤ ᠴᠢᠬᠤᠯᠠ  ᠭᠠᠵᠠᠷ ᠰᠢᠷᠤᠢ ᠶᠢᠨ ᠡᠬᠢ ᠪᠠᠶᠠᠯᠢᠭ ᠢ ᠬᠠᠩᠭᠠᠵᠤ᠂ ᠮᠠᠨ ᠤ ᠬᠤᠳᠠ ᠶᠢᠨ ᠨᠤᠳᠤᠭ ᠪᠡᠯᠴᠢᠬᠡᠷ ᠤᠨ ᠠᠵᠢᠯ ᠤᠨ  ᠦᠷᠳᠡᠭᠡ ᠬᠢᠬᠡᠳ ᠡᠸᠡᠩᠬᠢ ᠬᠤᠰᠢᠭᠤᠨ ᠤ ᠨᠤᠳᠤᠭ ᠪᠡᠯᠴᠢᠬᠡᠷ ᠤᠨ ᠠᠵᠢᠯ ᠤᠨ ᠦᠷᠳᠡᠭᠡ ᠠᠴᠠ ᠭᠠᠩ ᠢ  ᠲᠡᠰᠪᠤᠷᠢᠯᠡᠬᠦ᠂ ᠬᠦᠢᠳᠡᠨ ᠢ ᠲᠡᠰᠪᠤᠷᠢᠯᠡᠬᠦ ᠲᠠᠯ᠎ᠠ ᠪᠠᠷ ᠦᠪᠡᠷ ᠤᠨ ᠲᠠᠪᠠᠭᠤᠯᠢᠭ ᠤᠨᠴᠠᠯᠢᠭ ᠲᠠᠢ ᠰᠢᠨ᠎ᠠ ᠡᠬᠦᠯᠳᠡᠷ  ᠪᠤᠯᠬᠤ ᠠᠯᠠᠭ ᠴᠠᠷᠭᠠᠰᠤ ᠶᠢ ᠬᠠᠮᠳᠤ ᠪᠠᠷ ᠪᠤᠶᠢᠵᠢᠭᠤᠯᠵᠤ᠂ ᠡᠸᠡᠩᠬᠢ ᠬᠤᠰᠢᠭᠤᠨ ᠤ ᠠᠮᠢ ᠠᠬᠤᠢ ᠶᠢᠨ ᠤᠷᠴᠢᠨ  ᠲᠤᠭᠤᠷᠢᠨ ᠤ ᠬᠠᠮᠠᠭᠠᠯᠠᠯᠳᠠ ᠪᠤᠯᠤᠨ ᠮᠠᠯᠴᠢᠳ ᠤᠨ ᠤᠷᠤᠯᠭ᠎ᠠ ᠶᠢ ᠨᠡᠮᠡᠭᠳᠡᠬᠦᠯᠦᠭᠰᠡᠡ ᠬᠤᠤᠰ ᠠᠮᠵᠢᠯᠳᠠ ᠶᠢ  ᠪᠡᠶᠡᠯᠡᠬᠦᠯᠵᠠᠢ᠃           ᠡᠸᠡᠩᠬᠢ ᠬᠤᠰᠢᠭᠤ 1974 ᠤᠨ ᠠᠴᠠ ᠡᠬᠢᠯᠡᠵᠤ ᠲᠠᠷᠢᠮᠠᠯ ᠡᠪᠡᠰᠤᠨ ᠤ ᠪᠦᠳᠦᠬᠡᠨ ᠪᠠᠶᠢᠭᠤᠯᠤᠯᠳᠠ ᠬᠢᠵᠤ᠂  1979 ᠤᠨ ᠠᠴᠠ ᠡᠬᠢᠯᠡᠨ ᠶᠡᠭᠡ ᠬᠡᠪᠴᠢᠶ᠎ᠠ ᠲᠠᠢ ᠪᠠᠷ ᠡᠪᠡᠰᠤ ᠲᠠᠷᠢᠬᠤ ᠮᠡᠷᠬᠡᠵᠢᠯ ᠢ ᠲᠡᠯᠬᠡᠷᠡᠬᠦᠯᠵᠤ᠂ 1984  ᠤᠨ ᠪᠤᠯᠬᠤ ᠳᠤ ᠲᠠᠷᠢᠮᠠᠯ ᠡᠪᠡᠰᠤ ᠶᠢᠨ ᠲᠠᠯᠠᠪᠠᠢ 580 ᠾᠧᠺᠲ᠋ᠠᠷ ᠲᠤ ᠬᠦᠷᠦᠭᠰᠡᠡ ᠪᠠᠶᠢᠨ᠎ᠠ᠃ ᠡᠬᠦᠨ ᠤ ᠲᠠᠷᠠᠭ᠎ᠠ  ᠡᠯ᠎ᠠ ᠵᠦᠢᠯ ᠤᠨ ᠰᠢᠯᠳᠠᠭᠠᠨ ᠠᠴᠠ ᠪᠤᠯᠵᠤ ᠲᠠᠷᠢᠮᠠᠯ ᠡᠪᠡᠰᠤ ᠶᠢᠨ ᠲᠠᠯᠠᠪᠠᠢ ᠵᠢᠯ ᠲᠤᠳᠤᠮ ᠢᠶᠠᠨ ᠪᠠᠭᠠᠰᠴᠤ᠂ 1988  ᠤᠨ ᠪᠤᠯᠬᠤ ᠳᠤ ᠡᠸᠡᠩᠬᠢ ᠬᠤᠰᠢᠭᠤᠨ ᠤ ᠲᠠᠷᠢᠮᠠᠯ ᠡᠪᠡᠰᠤ ᠶᠢᠨ ᠲᠠᠯᠠᠪᠠᠢ ᠵᠦᠪᠬᠡᠨ 120 ᠾᠧᠺᠲ᠋ᠠᠷ ᠪᠤᠯᠵᠠᠢ᠃  2007 ᠤᠨ ᠳᠤ ᠡᠸᠡᠩᠬᠢ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠲᠠᠷᠢᠶᠠᠠ ᠭᠠᠵᠠᠷ ᠲᠠᠬᠢ  ᠴᠡᠭᠴᠡᠯᠡᠨ ᠵᠠᠰᠠᠬᠤ ᠬᠦᠴᠦᠯᠡᠴᠠ ᠪᠠᠨ ᠴᠢᠩᠭᠠᠳᠬᠠᠵᠤ᠂ ᠬᠠᠭᠠᠯᠪᠤᠷᠢᠯᠠᠬᠤ ᠶᠢ ᠵᠤᠭᠰᠤᠭᠠᠠ ᠡᠪᠡᠰᠤ ᠲᠠᠷᠢᠬᠤ  ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ᠡᠪᠡᠰᠤ ᠪᠤᠷᠳᠤᠭ᠎ᠠ ᠶᠢ ᠬᠤᠯᠢᠯᠳᠤᠭᠤᠯᠵᠤ ᠲᠠᠷᠢᠬᠤ ᠮᠡᠷᠬᠡᠵᠢᠯ ᠨᠢ  ᠬᠠᠭᠠᠯᠪᠤᠷᠢᠯᠠᠬᠤ ᠶᠢ ᠵᠤᠭᠰᠤᠭᠠᠨ ᠡᠪᠡᠰᠤ ᠲᠠᠷᠢᠬᠤ ᠭᠤᠤᠯ ᠮᠡᠷᠬᠡᠵᠢᠯ ᠪᠤᠯᠵᠤ ᠬᠡᠷᠡᠭᠵᠢᠬᠦᠯᠦᠭᠳᠡᠵᠡᠢ᠃ ᠲᠤᠰ  ᠮᠡᠷᠬᠡᠵᠢᠯ ᠤᠨ ᠶᠡᠭᠡ ᠬᠡᠪᠴᠢᠶ᠎ᠠ ᠲᠠᠢ ᠪᠠᠷ ᠬᠡᠷᠡᠭᠵᠢᠬᠦᠯᠦᠭᠳᠡᠭᠰᠠᠠ ᠨᠢ ᠬᠠᠭᠠᠯᠪᠤᠷᠢᠯᠠᠬᠤ ᠶᠢ ᠵᠤᠭᠰᠤᠭᠠᠵᠤ ᠲᠡᠷᠡᠴᠢᠯᠠᠨ  ᠦᠨᠳᠦᠷ ᠤᠨᠠᠯᠳᠠ ᠲᠠᠢ ᠲᠠᠷᠢᠮᠠᠯ ᠡᠪᠡᠰᠤ ᠪᠤᠷᠳᠤᠭᠠᠨ ᠤ ᠰᠠᠭᠤᠷᠢᠨ ᠢ ᠪᠦᠳᠦᠬᠡᠨ ᠪᠠᠶᠢᠭᠤᠯᠬᠤ ᠳᠤ ᠢᠳᠡᠪᠬᠢ  ᠦᠢᠯᠡᠳᠦᠯ ᠦᠵᠡᠬᠦᠯᠪᠠ᠃ 2007 ᠠᠴᠠ 2010 ᠤᠨ ᠪᠤᠯᠳᠠᠯ᠎ᠠ ᠡᠸᠡᠩᠬᠢ ᠬᠤᠰᠢᠭᠤᠨ ᠤ ᠬᠠᠭᠠᠯᠪᠤᠷᠢᠯᠠᠬᠤ ᠶᠢ  ᠵᠤᠭᠰᠤᠭᠠᠨ ᠡᠪᠡᠰᠤ ᠲᠠᠷᠢᠬᠰᠠᠠ ᠲᠠᠯᠠᠪᠠᠢ 26666 ᠾᠧᠺᠲ᠋ᠠᠷ ᠲᠤ ᠬᠦᠷᠴᠤ᠂ ᠪᠦᠬᠦ ᠬᠤᠰᠢᠭᠤᠨ ᠤ ᠡᠪᠡᠰᠤ  ᠪᠡᠯᠴᠢᠬᠡᠷ ᠤᠨ ᠠᠮᠢ ᠠᠬᠤᠢ ᠤᠷᠴᠢᠨ ᠲᠤᠭᠤᠷᠢᠨ ᠮᠠᠰᠢ ᠶᠡᠭᠡ ᠰᠠᠶᠢᠵᠢᠷᠠᠯᠳᠠ ᠲᠠᠢ ᠪᠤᠯᠤᠭᠰᠠᠠ ᠪᠠᠶᠢᠨ᠎ᠠ᠃           ᠬᠤᠷᠰᠢᠶᠠᠵᠢᠯ ᠺᠤᠮᠫᠠᠨᠢ ᠪᠠᠶᠢᠭᠤᠯᠵᠦ ᠠᠵᠦ ᠦᠢᠯᠡᠰᠵᠢᠯᠳᠠ ᠶᠢᠨ ᠵᠠᠮ ᠢᠶᠠᠷ ᠵᠠᠮᠨᠠᠵᠦ ᠪᠤᠢ           ᠡᠧᠡᠩᠬᠢ ᠬᠤᠰᠢᠭᠤ ᠮᠠᠯᠵᠢᠬᠤ ᠤᠷᠤᠨ ᠤ ᠦᠬᠡᠷᠡᠴᠢᠯᠡᠯᠳᠡ ᠲᠦᠷᠬᠡᠳᠬᠦ ᠶᠢ ᠲᠠᠭᠠᠯᠲᠤᠨ᠂ ᠮᠠᠯᠴᠢᠳ ᠤᠨ ᠮᠠᠯ  ᠠᠵᠤ ᠠᠬᠤᠢ ᠶᠢᠨ ᠲᠤᠰᠬᠠᠢ ᠬᠤᠷᠰᠢᠶᠠᠵᠢᠯ ᠪᠠᠶᠢᠭᠤᠯᠤᠨ ᠬᠠᠮᠲᠦ ᠪᠠᠷ ᠲᠡᠵᠢᠬᠡᠨ ᠦᠷᠡᠵᠢᠬᠦᠯᠬᠦ ᠬᠡᠪᠴᠢᠶ᠎ᠠ ᠶᠢ  ᠦᠷᠬᠡᠳᠬᠡᠵᠦ ᠡᠬᠢᠯᠡᠵᠠᠢ᠃ 2016 ᠤᠨ ᠳᠤ ᠲᠤᠰ ᠬᠤᠰᠢᠭᠤᠨ ᠳᠤ 538 ᠬᠤᠷᠰᠢᠶᠠᠵᠢᠯ ᠲᠠᠢ ᠪᠤᠯᠵᠦ᠂  ᠨᠡᠶᠢᠳᠡ 11765 ᠬᠦᠮᠦᠨ ᠢ ᠲᠠᠶᠢᠴᠢᠯᠠᠨ ᠤᠷᠤᠭᠤᠯᠵᠠᠢ᠂ ᠡᠬᠦᠨ ᠳᠤ ᠮᠠᠯ ᠠᠵᠤ ᠠᠬᠤᠢ ᠶᠢᠨ ᠲᠡᠵᠢᠬᠡᠨ  ᠦᠷᠡᠵᠢᠬᠦᠯᠬᠦ ᠬᠤᠷᠰᠢᠶᠠᠵᠢᠯ 501 ᠪᠠᠶᠢᠵᠤ᠂ ᠪᠤᠰᠤᠳ ᠲᠦᠷᠦᠯ ᠤᠨ ᠬᠤᠷᠰᠢᠶᠠᠵᠢᠯ 37 ᠪᠤᠢ᠃ ᠡᠳᠡᠬᠡᠷ  ᠬᠤᠷᠰᠢᠶᠠᠵᠢᠯ ᠪᠠᠶᠢᠭᠤᠯᠤᠭᠳᠠᠭᠰᠠᠨ ᠠᠴᠠ ᠲᠡᠵᠢᠬᠡᠨ ᠦᠷᠡᠵᠢᠬᠦᠯᠬᠦ ᠬᠡᠪᠴᠢᠶ᠎ᠠ ᠦᠷᠬᠡᠳᠴᠦ᠂ ᠡᠵᠡᠩᠨᠡᠯᠳᠡ ᠶᠢᠨ  ᠬᠡᠯᠪᠡᠷᠢ ᠡᠲᠦᠷ ᠢᠷᠡᠬᠦᠶ᠎ᠠ ᠲᠡᠬᠦᠯᠳᠡᠷᠵᠢᠵᠤ᠂ ᠠᠵᠤ ᠠᠬᠤᠢ ᠶᠢᠨ ᠦᠷ᠎ᠠ ᠠᠰᠢᠭ ᠨᠡᠮᠡᠭᠳᠡᠨ ᠮᠠᠯᠴᠢᠳ ᠤᠨ ᠤᠷᠤᠯᠭ᠎ᠠ  ᠴᠦ ᠲᠡᠬᠡᠭᠰᠢᠯᠡᠵᠠᠢ᠃           ︽ᠡᠧᠡᠩᠬᠢ ᠬᠤᠰᠢᠭᠤᠨ ᠤ ᠬᠤᠢ ᠶᠢᠨ ᠬᠤᠨᠢᠨ ᠤ ᠮᠢᠬ᠎ᠠ ᠬᠠᠮᠤᠭ ᠤᠨ ᠠᠮᠳᠠᠳᠠᠢ︾ ᠬᠡᠵᠦ ᠬᠤᠯᠠ  ᠤᠢᠢᠷ᠎ᠠ ᠶᠢᠨ ᠬᠦᠮᠦᠰ ᠶᠠᠷᠢᠳᠠᠭ᠃ ᠡᠪᠡᠰᠤ ᠪᠡᠯᠴᠢᠬᠡᠷ ᠨᠢ ᠦᠩ ᠰᠢᠮᠡᠯᠢᠭ᠂ ᠬᠤᠵᠢᠷ ᠤᠰᠤ ᠨᠢ ᠲᠡᠩᠴᠡᠵᠦ  ᠲᠠᠭᠠᠨ᠎ᠠ ᠮᠠᠩᠬᠢᠷ ᠡᠯᠪᠡᠭ ᠪᠠᠶᠢᠳᠠᠭ ᠠᠴᠠ ᠬᠤᠢ ᠨᠤᠳᠤᠭ ᠤᠨ ᠬᠤᠨᠢᠨ ᠤ ᠮᠢᠬ᠎ᠠ ᠨᠢ ᠠᠮᠳᠠᠳᠠᠢ ᠪᠤᠯᠤᠭᠰᠠᠨ ᠪᠠᠶᠢᠬ᠎ᠠ᠃ 2010 ᠤᠨ ᠳᠤ ᠬᠤᠢ ᠰᠤᠮᠤᠨ ᠤ ᠤᠯᠠᠭᠠᠨᠲᠤᠭ ᠭᠠᠴᠠᠭᠠᠨ ᠳᠤ ᠪᠠᠶᠢᠭᠤᠯᠤᠭᠳᠠᠭᠰᠠᠨ ︽ᠶᠢᠩ ᠠᠮᠵᠢ︾ ᠮᠠᠯ  ᠠᠵᠦ ᠠᠬᠤᠢ ᠶᠢᠨ ᠮᠠᠯᠴᠢᠳ ᠤᠨ ᠲᠤᠰᠬᠠᠢ ᠬᠤᠷᠰᠢᠶᠠᠵᠢᠯ ᠬᠡᠲᠤᠨ ᠵᠢᠯ ᠤᠨ ᠬᠠᠮᠲᠦ ᠶᠢᠨ ᠴᠢᠷᠮᠠᠶᠢᠯᠭ᠎ᠠ ᠪᠠᠷ ᠤᠲᠤ  ᠨᠢᠬᠡᠨᠳᠠ ᠶᠢᠰᠦᠨ ᠡᠷᠦᠬᠡ ᠤᠷᠤᠯᠴᠠᠭᠰᠠᠨ 25950 ᠮᠦ ᠪᠡᠯᠴᠢᠬᠡᠷ᠂ 3700 ᠭᠠᠷᠤᠢ ᠲᠤᠯᠤᠭᠠᠢ ᠮᠠᠯ᠂ ᠮᠠᠯ  ᠠᠵᠤ ᠠᠬᠤᠢ ᠳᠤ ᠬᠡᠷᠡᠭᠯᠡᠬᠦ ᠳᠤ ᠵᠤᠷᠢᠭᠤᠯᠤᠭᠰᠠᠨ 68 ᠮᠠᠰᠢᠨ ᠲᠦᠬᠦᠬᠡᠷᠦᠮᠵᠢ ᠲᠠᠢ ᠲᠤᠮᠤᠬᠠᠨ ᠬᠤᠷᠰᠢᠶᠠᠵᠢᠯ  ᠪᠤᠯᠤᠭᠰᠠᠨ ᠶᠤᠮ᠃ ᠮᠢᠬᠠᠨ ᠤ ᠦᠬᠡᠷ ᠮᠢᠬᠠᠨ ᠤ ᠬᠤᠨᠢ ᠲᠡᠵᠢᠬᠡᠨ ᠦᠷᠡᠵᠢᠬᠦᠯᠬᠦ ᠰᠠᠭᠤᠷᠢᠨ ᠭᠠᠵᠠᠷ ᠪᠤᠯᠬᠤ ᠲᠤᠰ  ᠬᠤᠷᠰᠢᠶᠠᠵᠢᠯ ᠨᠢ ᠤᠳᠤ 293 ᠰᠠᠭᠠᠯᠢ ᠶᠢᠨ ᠦᠨᠢᠶ᠎ᠠ᠂ 570 ᠮᠢᠬᠠᠨ ᠤ ᠦᠬᠡᠷ᠂ 2750 ᠬᠤᠨᠢ᠂ ᠨᠡᠶᠢᠳᠡ  3700 ᠭᠠᠷᠤᠢ ᠮᠠᠯ ᠮᠠᠯᠵᠢᠵᠤ᠂ ᠵᠢᠯ ᠤᠨ ᠤᠷᠤᠯᠭ᠎ᠠ ᠨᠢ ᠵᠠᠭᠤᠨ ᠲᠦᠮᠡᠨ ᠲᠦᠬᠦᠷᠢᠭ ᠬᠦᠷᠴᠦ ᠪᠤᠢ᠃ ᠲᠤᠰ  ᠬᠤᠷᠰᠢᠶᠠᠵᠢᠯ ᠤᠳᠤ ᠦᠶ᠎ᠡ ᠶᠢᠨ ᠮᠠᠯ ᠠᠵᠦ ᠠᠬᠤᠢ ᠰᠢᠯᠢᠳᠡᠭ ᠡᠬᠦᠯᠳᠡᠷ ᠢ ᠴᠢᠬᠤᠯᠠᠴᠢᠯᠠᠵᠦ᠂ ᠠᠰᠢᠭ ᠤᠷᠤᠯᠭ᠎ᠠ ᠶᠢ  ᠨᠡᠮᠡᠭᠳᠡᠬᠦᠯᠬᠦ ᠶᠡᠭᠡ ᠤᠷᠴᠢᠨ ᠳᠤ ᠤᠬᠤᠷ ᠰᠡᠬᠦᠯᠳᠤ ᠬᠤᠨᠢ ᠶᠢ ᠦᠰᠬᠡᠵᠦ ᠦᠷᠡᠵᠢᠬᠦᠯᠬᠦ ᠪᠠᠷ ᠭᠤᠤᠯ ᠪᠤᠯᠭᠠᠵᠦ᠂  ᠦᠨᠦ ᠵᠢᠯ 600 ᠡᠷ᠎ᠡ ᠬᠤᠷᠠᠭ᠎ᠠ ᠪᠠᠨ ᠦᠯᠡᠳᠡᠬᠡᠨ᠂ ᠲᠠᠷᠠᠭ᠎ᠠ ᠵᠢᠯ ᠦᠷ᠎ᠠ ᠶᠢᠨ ᠮᠠᠯ ᠢᠶᠠᠷ ᠲᠦᠯᠡᠬᠡᠨ ᠬᠤᠴᠠ  ᠪᠦᠷᠢ ᠶᠢ 1200 ᠲᠦᠬᠦᠷᠢᠭ ᠢᠶᠠᠷ ᠪᠤᠷᠤᠯᠠᠭᠤᠯᠬᠤ ᠪᠠᠷ ᠪᠠᠶᠢᠨ᠎ᠠ᠃ ᠬᠤᠷᠰᠢᠶᠠᠵᠢᠯ ᠤᠨ ᠡᠷᠦᠬᠡ ᠤᠯᠠᠰᠢᠷᠠᠬᠤ ᠶᠢ  ᠲᠠᠭᠠᠯᠲᠤᠨ ᠮᠠᠯ ᠤᠨ ᠦᠨᠢᠷ ᠦᠰᠦᠯᠳᠡ ᠶᠢ ᠪᠠᠲᠤᠯᠠᠬᠤ ᠶᠢᠨ ᠲᠤᠯᠠᠳᠠ ᠬᠤᠷᠰᠢᠶᠠᠵᠢᠯ ᠤᠨ ᠪᠦᠲᠦᠬᠡᠨ  ᠪᠠᠶᠢᠭᠤᠯᠤᠯᠳᠠ ᠪᠠᠨ ᠰᠠᠶᠢᠵᠢᠷᠠᠭᠤᠯᠤᠨ 2012 — 2013 ᠤᠨ ᠪᠤᠯᠳᠠᠯ᠎ᠠ ᠵᠢᠯ ᠲᠠᠷᠠᠭᠠᠯᠠᠨ ᠲᠦᠷᠦᠯ  ᠵᠦᠢᠯ ᠢᠶᠠᠷ 400 ᠲᠡᠭᠰᠢ ᠲᠦᠷᠪᠡᠯᠵᠢᠨ ᠮᠧᠳ᠋ᠷ᠂ 800 ᠲᠡᠭᠰᠢ ᠲᠦᠷᠪᠡᠯᠵᠢᠨ ᠮᠧᠳ᠋ᠷ ᠤᠨ ᠲᠠᠯᠠᠪᠠᠢ ᠲᠠᠢ ᠲᠤᠯᠠᠭᠠᠨ  ᠫᠧᠡᠭ ᠪᠠᠷᠢᠵᠤ᠂ ᠨᠡᠶᠢᠳᠡ 2150 ᠲᠡᠭᠰᠢ ᠲᠦᠷᠪᠡᠯᠵᠢᠨ ᠮᠧᠳ᠋ᠷ ᠤᠨ ᠠᠷᠪᠠᠨ ᠬᠡᠲᠤᠨ ᠰᠠᠭᠤᠷᠢ ᠮᠠᠯ ᠤᠨ ᠲᠤᠯᠠᠭᠠᠨ  ᠫᠧᠡᠭ ᠪᠠᠶᠢᠭᠤᠯᠵᠠᠢ᠃ ︽ᠶᠢᠩ ᠠᠮᠵᠢ︾ ᠮᠠᠯ ᠠᠵᠤ ᠠᠬᠤᠢ ᠶᠢᠨ ᠮᠠᠯᠴᠢᠳ ᠤᠨ ᠲᠤᠰᠬᠠᠢ ᠬᠤᠷᠰᠢᠶᠠᠵᠢᠯ ᠰᠢᠭ᠋ ᠮᠠᠯ  ᠠᠵᠤ ᠠᠬᠤᠢ ᠶᠢᠨ ᠲᠤᠰᠬᠠᠢ ᠬᠤᠷᠰᠢᠶᠠᠵᠢᠯ ᠡᠧᠡᠩᠬᠢ ᠬᠤᠰᠢᠭᠤᠨ ᠳᠤ 537 ᠪᠠᠶᠢᠵᠤ᠂ ᠮᠠᠯ ᠠᠵᠤ ᠠᠬᠤᠢ ᠶᠢᠨ  ᠲᠡᠵᠢᠬᠡᠨ ᠦᠷᠡᠵᠢᠬᠦᠯᠬᠦ ᠭᠤᠭᠴᠤᠭ᠎ᠠ ᠳᠤ ᠬᠡᠪᠴᠢᠶᠡᠵᠢᠬᠦᠯᠦᠨ ᠡᠵᠡᠩᠨᠡᠬᠦ ᠬᠡᠯᠪᠡᠷᠢ ᠶᠢ ᠪᠦᠷᠢᠯᠲᠦᠬᠦᠯᠬᠦ ᠳᠤ ᠰᠠᠭᠤᠷᠢ  ᠲᠠᠯᠪᠢᠨ ᠠᠵᠢᠯᠯᠠᠵᠤ ᠪᠠᠶᠢᠭ᠎ᠠ ᠪᠢᠯᠡ᠃            ᠡᠧᠡᠩᠬᠢ ᠬᠤᠰᠢᠭᠤ ᠲᠡᠵᠢᠬᠡᠨ ᠦᠷᠡᠵᠢᠬᠦᠯᠬᠦ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠵᠤ᠂  ᠪᠤᠯᠪᠠᠰᠤᠷᠠᠭᠤᠯᠤᠨ ᠪᠤᠷᠤᠯᠠᠭᠤᠯᠬᠤ ᠵᠠᠬ᠎ᠠ ᠲᠡᠯᠬᠡᠬᠦᠷ ᠬᠠᠶᠢᠬᠤ ᠵᠠᠮ ᠢ ᠡᠷᠢᠯᠬᠢᠯᠠᠵᠤ᠂ ᠤᠷᠢᠳ ᠬᠤᠵᠢᠳ ᠶᠡᠬᠡᠳᠠᠯ᠎ᠠ᠂  ᠯᠢᠤᠢ ᠰᠢᠶᠠᠩ ᠵᠡᠷᠬᠡ ᠤᠯᠠᠭᠠᠨ ᠢᠳᠡᠬᠡᠨ ᠤ ᠺᠤᠮᠫᠠᠨᠢ ᠶᠢ ᠪᠠᠶᠢᠭᠤᠯᠤᠨ ︽ᠢᠨᠲ᠋ᠧᠷ ᠰᠦᠯᠵᠢᠶ᠎ᠡ + ᠪᠡᠯᠴᠢᠭᠡᠷ ᠤᠨ  ᠮᠠᠯ ᠠᠵᠤ ᠠᠬᠤᠢ︾ ᠶᠢᠨ ᠪᠠᠶᠢᠯᠳᠤᠬᠤ ᠪᠤᠳᠤᠯᠭ᠎ᠠ ᠪᠤᠯᠤᠨ ︽ᠺᠤᠮᠫᠠᠨᠢ + ᠰᠠᠭᠤᠷᠢᠨ ᠭᠠᠵᠠᠷ + ᠨᠡᠶᠢᠭᠡᠮᠯᠢᠭ  + ᠮᠠᠯᠴᠢᠨ ᠡᠷᠤᠬᠡ︾ ᠶᠢᠨ ᠵᠠᠭᠪᠤᠷ ᠢ ᠢᠳᠡᠪᠬᠢᠲᠡᠢ ᠲᠥᠯᠬᠢᠨ ᠠᠬᠢᠭᠤᠯᠵᠤ᠂ ᠲᠡᠵᠢᠭᠡᠵᠤ ᠦᠷᠡᠵᠢᠬᠦᠯᠬᠦ᠂  ᠡᠳ᠋ᠰᠢᠭᠦᠯᠤᠨ ᠪᠤᠯᠪᠠᠰᠤᠷᠠᠭᠤᠯᠬᠤ᠂ ᠪᠤᠷᠤᠯᠠᠭᠤᠯᠬᠤ ᠶᠢ ᠨᠢᠭᠡ ᠴᠤᠭᠴᠠᠵᠢᠭᠤᠯᠤᠭᠰᠠᠨ ᠠᠵᠤ ᠤᠢᠢᠯᠡᠰᠵᠢᠯᠲᠡ ᠶᠢᠨ  ᠡᠵᠡᠩᠨᠡᠯᠲᠡ ᠶᠢᠨ ᠬᠡᠯᠬᠢᠶᠡᠵᠢᠯ ᠢ ᠪᠥᠷᠢᠯᠳᠤᠭᠦᠯᠪᠡ᠃ ᠤᠳᠤᠬᠠᠨ ᠳᠤ ᠬᠤᠰᠢᠭᠤ ᠱᠠᠳᠤᠨ ᠠᠴᠠ ᠳᠡᠭᠡᠭᠰᠢᠬᠢ  ᠭᠤᠤᠯᠳᠠᠯᠭ᠎ᠠ ᠲᠠᠢ ᠲᠠᠷᠢᠶᠠᠯᠠᠩ ᠮᠠᠯ ᠠᠵᠤ ᠠᠬᠤᠢ ᠶᠢᠨ ᠠᠵᠤ ᠤᠢᠢᠯᠡᠰᠵᠢᠯᠲᠡ ᠶᠢᠨ 13 ᠲᠤᠯᠤᠭᠠᠢᠢᠯᠠᠭᠴᠢ ᠠᠵᠤ  ᠠᠬᠤᠢᠢᠯᠠᠯ 200 ᠭᠠᠷᠤᠢ ᠵᠦᠢᠯ ᠤᠨ ᠲᠠᠷᠢᠶᠠᠯᠠᠩ ᠤᠨ ᠪᠥᠳᠤᠭᠡᠭᠳᠡᠭᠦᠨ ᠮᠠᠯ ᠤᠨ ᠠᠰᠢᠭ ᠰᠢᠮ᠎ᠡ ᠶᠢᠨ  ᠦᠢᠯᠡᠳᠬᠦᠨ ᠢ ᠶᠡᠭᠡ ᠬᠤᠳᠠ ᠪᠠᠷ ᠪᠤᠷᠤᠯᠠᠭᠤᠯᠵᠤ ᠪᠤᠢ᠃ ᠲᠤᠰ ᠬᠤᠰᠢᠭᠤᠨ ᠳᠤ ᠥᠪᠤᠷ ᠮᠤᠩᠭᠤᠯ ᠤᠨ ︽ᠨᠡᠷᠡᠳᠤ  ᠰᠢᠯᠢᠳᠡᠭ ᠤᠨᠴᠠᠯᠢᠭᠳᠤ︾ ᠲᠠᠷᠢᠶᠠᠯᠠᠩ ᠤᠨ ᠪᠥᠳᠤᠭᠡᠭᠳᠡᠭᠦᠨ ᠮᠠᠯ ᠤᠨ ᠠᠰᠢᠭ ᠰᠢᠮ᠎ᠡ ᠶᠢᠨ ᠤᠢᠢᠯᠡᠳᠭᠦᠨ 19᠂  ᠨᠡᠶᠢᠲᠡ ᠶᠢᠨ ᠪᠤᠬᠢᠷᠳᠤᠯ ᠥᠭᠡᠢ ᠲᠠᠷᠢᠶᠠᠯᠠᠩ ᠤᠨ ᠪᠥᠳᠤᠭᠡᠭᠳᠡᠭᠦᠨ 6᠂ ᠪᠤᠬᠢᠷᠳᠤᠯ ᠥᠭᠡᠢ ᠢᠳᠡᠭᠡᠨ 12᠂  ᠤᠷᠭᠠᠨᠢᠭ ᠢᠳᠡᠭᠡᠨ 8 ᠪᠠᠶᠢᠵᠦ᠂ ᠰᠢᠨ᠎ᠡ ᠪᠠᠷ ᠨᠡᠮᠡᠭᠳᠡᠭᠰᠡᠨ ᠤᠷᠤᠨ ᠤ ᠳᠡᠰ ᠤᠨ ᠨᠡᠷᠡᠳᠤ ᠲᠠᠸᠠᠷ 3᠂ ᠬᠤᠳᠠ ᠶᠢᠨ  ᠳᠡᠰ ᠤᠨ ᠨᠡᠷᠡᠳᠤ ᠲᠠᠸᠠᠷ ᠤᠨ ᠳᠡᠮᠳᠡᠭ 1 ᠪᠤᠢ᠃ ᠬᠥᠯᠤᠨ ᠪᠤᠶᠢᠷ ᠤᠨ ᠤᠬᠤᠷ ᠰᠡᠭᠦᠯᠳᠤ ᠬᠤᠨᠢᠨ ᠤ ᠭᠠᠵᠠᠷ  ᠵᠥᠢ ᠶᠢᠨ ᠳᠡᠮᠳᠡᠭᠳᠤ ᠲᠠᠸᠠᠷ ᠢ ᠭᠤᠶᠤᠴᠢᠯᠠᠬᠤ ᠠᠵᠢᠯ ᠤᠳᠤ ᠶᠠᠭ ᠤᠷᠤᠭᠰᠢᠳᠠᠢ ᠶᠠᠪᠤᠭᠳᠠᠵᠤ ᠪᠤᠢ᠃            2000 ᠤᠨ ᠳᠤ ᠪᠠᠶᠢᠭᠤᠯᠤᠭᠳᠠᠭᠰᠠᠨ ᠬᠦᠯᠦᠨ ᠪᠤᠶᠢᠷ ᠤᠨ ᠯᠢᠤᠢ ᠰᠢᠶᠠᠩ ᠯᠠᠯᠤ ᠶᠢᠨ ᠤᠯᠠᠭᠠᠨ  ᠢᠳᠡᠭᠡᠨ ᠤ ᠬᠢᠵᠠᠭᠠᠷᠳᠤ ᠺᠤᠮᠫᠠᠨᠢ 17 ᠵᠢᠯ ᠤᠨ ᠬᠦᠭᠵᠢᠯᠳᠡ ᠪᠠᠷ ᠲᠠᠮᠵᠢᠵᠦ᠂ ᠤᠳᠤ ᠤᠢᠢᠯᠡᠳᠬᠦᠨ ᠤ ᠦᠷᠳᠡᠭ ᠨᠢ  3 ᠳ᠋ᠦᠡᠭᠰᠢᠭᠤᠷ ᠲᠦᠬᠦᠷᠢᠭ ᠲᠤ ᠬᠦᠷᠴᠤ᠂ 6000 ᠲᠤᠨ ᠤᠯᠠᠭᠠᠨ ᠢᠳᠡᠭᠡᠨ ᠬᠦᠯᠳᠡᠭᠡᠬᠦ ᠬᠦᠮᠦᠷᠭᠡ ᠵᠢᠴᠢ  ᠵᠢᠯ ᠳᠤ 100 ᠲᠦᠮᠡᠨ ᠬᠤᠨᠢ᠂ 24000 ᠦᠭᠡᠷ ᠨᠢᠳᠦᠯᠵᠦ ᠡᠳ᠋ᠰᠢᠬᠦᠯᠵᠤ ᠴᠢᠳᠠᠬᠤ ᠤᠢᠢᠯᠡᠳᠪᠦᠷᠢ ᠶᠢᠨ  ᠲᠠᠰᠤᠭ ᠲᠠᠢ ᠲᠤᠮᠤ ᠺᠤᠮᠫᠠᠨᠢ ᠪᠤᠯᠵᠦ ᠬᠦᠭᠵᠢᠪᠡ᠃ ᠯᠢᠤᠢ ᠰᠢᠶᠠᠩ ᠺᠤᠮᠫᠠᠨᠢ ᠮᠠᠯ ᠤᠨ ᠬᠢᠵᠢᠭ ᠢ ᠰᠡᠷᠭᠡᠶᠢᠯᠡᠬᠦ᠂  ᠨᠢᠳᠦᠯᠬᠤ᠂ ᠭᠡᠰᠡᠭᠯᠡᠬᠦ᠂ ᠨᠠᠷᠢᠯᠢᠭ ᠪᠤᠯᠪᠠᠰᠤᠷᠠᠭᠤᠯᠬᠤ ᠪᠤᠯᠤᠨ ᠢᠳᠡᠭᠡᠨ ᠤᠮᠳᠠᠭᠠᠨ ᠤ ᠤᠢᠢᠯᠡᠰ᠂ ᠲᠦᠭᠦᠭᠡᠢ  ᠰᠤᠷᠭᠤᠭ ᠢᠳᠡᠭᠡᠨ ᠤ ᠭᠡᠳᠦ ᠲᠡᠯᠭᠡᠭᠦᠷ᠂ ᠬᠦᠯᠳᠡᠭᠡᠭᠰᠡᠨ ᠰᠢᠨ᠎ᠡ ᠰᠤᠷᠭᠤᠭ ᠮᠢᠬᠠᠨ ᠤ ᠤᠢᠢᠯᠡᠳᠬᠦᠨ ᠤ  ᠪᠤᠷᠤᠯᠠᠭᠤᠯᠤᠯᠳᠠ ᠶᠢᠨ ᠪᠦᠷᠢᠨ ᠲᠡᠬᠦᠰ ᠠᠵᠦ ᠤᠢᠢᠯᠡᠰ ᠤᠨ ᠬᠡᠯᠬᠢᠶᠡᠵᠢᠯ ᠢ ᠪᠦᠷᠢᠯᠳᠦᠭᠦᠯᠪᠡ᠃ ᠺᠤᠮᠫᠠᠨᠢ ᠨᠢ  ᠭᠤᠷᠪᠠᠨ ᠲᠤᠮᠤ ᠪᠦᠳᠦᠭᠡᠭᠳᠡᠬᠦᠨ ᠤ 200 ᠭᠠᠷᠤᠢ ᠲᠦᠷᠦᠯ ᠵᠦᠢᠯ ᠢ ᠪᠦᠷᠢᠯᠳᠦᠬᠦᠯᠦᠨ᠂ ᠪᠦᠳᠦᠭᠡᠭᠳᠡᠬᠦᠨ ᠨᠢ  ᠪᠦᠬᠦ ᠤᠯᠤᠰ ᠤᠨ ᠠᠷᠪᠠ ᠭᠠᠷᠤᠢ ᠮᠤᠵᠢ ᠬᠤᠳᠠ ᠪᠠᠷ ᠪᠤᠷᠤᠯᠠᠭᠤᠯᠤᠭᠳᠠᠵᠦ ᠪᠤᠢ᠃ ᠤᠨᠴᠠᠭᠠᠢᠢᠯᠠᠨ ︽ᠢᠨᠲᠧᠷ  ᠰᠦᠯᠵᠢᠶ᠎ᠡ + ᠪᠤᠷᠤᠯᠠᠭᠤᠯᠭ᠎ᠠ︾ ᠶᠢᠨ ᠬᠡᠯᠪᠡᠷᠢ ᠨᠢ ᠬᠡᠷᠡᠭᠯᠡᠭᠴᠢᠳ ᠤᠨ ᠬᠦᠷᠢᠶᠡᠯᠡᠯ ᠢ ᠤᠯᠵᠦ᠂ ᠯᠢᠤᠢ ᠰᠢᠶᠠᠩ ᠤᠨ  ᠪᠦᠳᠦᠭᠡᠭᠳᠡᠬᠦᠨ ᠤ ᠪᠦᠬᠦ ᠤᠯᠤᠰ ᠲᠠᠬᠢ ᠨᠦᠯᠤᠭᠡ ᠲᠤᠰᠬᠠᠯ ᠢ ᠦᠷᠭᠡᠳᠭᠡᠨ᠂ ᠪᠤᠷᠤᠯᠠᠭᠤᠯᠭ᠎ᠠ ᠶᠢᠨ ᠰᠢᠰᠲᠧᠮ ᠤᠨ  ᠪᠤᠯᠪᠠᠰᠤᠷᠠᠩᠭᠤᠢ ᠲᠡᠶᠢᠰᠢ ᠬᠦᠭᠵᠢᠬᠦ ᠶᠢ ᠠᠭᠢᠭᠤᠯᠪᠠ᠃          ᠲᠤᠰ ᠬᠤᠰᠢᠭᠤ ᠬᠤᠷᠰᠢᠶᠠᠵᠢᠯ ᠪᠠᠶᠢᠭᠤᠯᠤᠨ ᠮᠠᠯᠴᠢᠳ ᠤᠨ ᠲᠡᠵᠢᠬᠡᠨ ᠦᠷᠡᠵᠢᠬᠦᠯᠬᠦ ᠬᠡᠪᠴᠢᠶ᠎ᠠ ᠶᠢ ᠶᠡᠬᠡᠰᠬᠡᠵᠦ  ᠂ ᠺᠤᠮᠫᠠᠨᠢ ᠪᠠᠶᠢᠭᠤᠯᠵᠤ ᠪᠤᠷᠤᠯᠠᠭᠤᠯᠬᠤ ᠵᠠᠬ᠎ᠠ ᠲᠡᠯᠬᠡᠬᠦᠷ ᠢᠶᠠᠨ ᠦᠷᠬᠡᠳᠬᠡᠨ᠂ ᠮᠠᠯ ᠠᠵᠤ ᠠᠬᠤᠢ ᠶᠢᠨ ᠨᠢᠬᠡ  ᠴᠤᠭᠴᠠᠵᠢᠭᠰᠠᠨ ᠬᠦᠭᠵᠢᠯᠳᠡ ᠶᠢ ᠪᠠᠶᠠᠯᠠᠬᠦᠯᠵᠤ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠠᠵᠦ ᠦᠢᠯᠡᠰᠵᠢᠭᠰᠡᠨ  ᠴᠢᠭᠯᠡᠯ ᠢᠶᠠᠷ ᠬᠦᠭᠵᠢᠭᠦᠯᠵᠦ ᠪᠤᠢ᠃          ᠦᠨᠤᠳᠤᠷ ᠡᠧᠡᠩᠬᠢ ᠬᠤᠰᠢᠭᠤ ︽ᠬᠤᠨᠢᠨ ᠤ ᠲᠤᠭ᠎ᠠ ᠶᠢ ᠲᠤᠭᠳᠠᠪᠤᠷᠢᠵᠢᠭᠤᠯᠤᠨ᠂ ᠦᠬᠡᠷ ᠤᠨ ᠲᠤᠭ᠎ᠠ ᠶᠢ  ᠦᠰᠬᠡᠵᠦ᠂ ᠠᠳᠤᠭᠤᠨ ᠤ ᠡᠬᠦᠯᠳᠡᠷ ᠢ ᠰᠠᠶᠢᠵᠢᠷᠠᠭᠤᠯᠬᠤ︾ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠦᠨᠵᠡᠬᠡᠢ  ᠬᠡᠷᠡᠭᠵᠢᠬᠦᠯᠵᠦ᠂ ᠮᠠᠯ ᠰᠦᠷᠦᠭ ᠤᠨ ᠪᠦᠳᠦᠴᠡ ᠳᠤ ᠵᠦᠢ ᠵᠤᠬᠢᠰᠳᠠᠢ ᠲᠤᠬᠢᠷᠠᠭᠤᠯᠤᠯᠳᠠ ᠬᠢᠵᠦ᠂ ᠵᠠᠬ᠎ᠠ  ᠲᠡᠯᠬᠡᠬᠦᠷ ᠤᠨ ᠬᠠᠨᠭ᠍ᠭᠠᠯᠭ᠎ᠠ ᠳᠤ ᠲᠤᠬᠢᠷᠠᠭᠰᠠᠨ ᠰᠢᠯᠢᠳᠡᠭ ᠡᠬᠦᠯᠳᠡᠷ ᠤᠨ ᠮᠠᠯ ᠢ ᠬᠡᠪᠴᠢᠶᠡᠵᠢᠬᠦᠯᠦᠨ ᠮᠠᠯᠵᠢᠵᠤ᠂ ︽ ᠰᠦ᠂ ᠮᠢᠬ᠎ᠠ᠂ ᠡᠪᠡᠰᠦ᠂ ᠠᠳᠤᠭᠤ︾ ᠶᠢᠨ ᠭᠤᠤᠯᠯᠠᠬᠤ ᠠᠵᠦ ᠦᠢᠯᠡᠰ ᠢ ᠬᠦᠭᠵᠢᠬᠦᠯᠤᠨ᠂ ᠲᠡᠵᠢᠬᠡᠨ ᠦᠷᠡᠵᠢᠬᠦᠯᠬᠦ  ᠂ ᠪᠤᠯᠪᠠᠰᠤᠷᠠᠭᠤᠯᠬᠤ᠂ ᠪᠤᠷᠤᠯᠠᠭᠤᠯᠬᠤ ᠭᠤᠷᠪᠠᠨ ᠭᠤᠭᠴᠤᠭ᠎ᠠ ᠶᠢ ᠨᠢᠭᠡ ᠴᠤᠭᠴᠠᠵᠢᠭᠤᠯᠤᠨ᠂ ᠪᠦᠬᠦ ᠠᠵᠦ  ᠦᠢᠯᠡᠰ ᠤᠨ ᠬᠡᠯᠬᠢᠶᠡᠵᠢᠯ ᠳᠤ ᠮᠦᠷᠳᠡᠨ ᠨᠡᠬᠡᠮᠵᠢᠯᠡᠬᠦ ᠰᠢᠰᠲ᠋ᠧᠮ ᠢ ᠲᠦᠬᠡᠮᠡᠯᠵᠢᠬᠦᠯᠵᠦ᠂ ᠲᠤᠯᠤᠭᠠᠢᠢᠯᠠᠭᠴᠢ ᠠᠵᠦ  ᠠᠬᠤᠢᠢᠯᠠᠯ ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ᠮᠠᠯ ᠠᠵᠦ ᠠᠬᠤᠢ ᠶᠢᠨ ᠦᠷ᠎ᠡ ᠠᠰᠢᠭ ᠢ  ᠲᠡᠭᠡᠭᠰᠢᠯᠡᠬᠦᠯᠵᠦ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠬᠠᠷᠠᠯᠳᠠ ᠲᠡᠶᠢᠰᠢ ᠲᠦᠷᠦᠬᠡ ᠴᠢᠩᠭᠠᠯᠠᠨ  ᠤᠷᠤᠭᠰᠢᠯᠠᠨᠠᠮ᠃
 
ᠢᠷᠡᠯᠲᠡ᠄ ᠬᠦᠯᠦᠨ ᠪᠣᠶᠢᠷ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号