ᠭᠡᠷ ᠪᠦᠯᠢ ᠶᠢᠨ ᠰᠤᠷᠭᠠᠨ ᠬᠦᠮᠦᠵᠢᠯ ᠪᠠᠭᠠᠴᠤᠳ ᠬᠡᠥᠬᠡᠳ ᠢ ᠨᠦᠯᠦᠭᠡᠯᠡᠨ᠎ᠠ
ᠨᠡᠶᠢᠲᠡᠯᠡᠭᠰᠡᠨ ᠴᠠᠭ᠄
2019/1/4
    ᠡᠩ ᠤᠨ ᠦᠭᠡᠨ ᠳᠤ ︽ᠰᠤᠷᠳᠠᠯ ᠲᠠᠢ ᠭᠡᠷ ᠤᠨ ᠭᠡᠥᠭᠡᠳ ᠤᠨ ᠦᠭᠡ ᠬᠡᠯᠡᠬᠦ ᠨᠢ ᠪᠤᠯᠪᠠᠰᠤᠷᠠᠯ ᠲᠠᠢ︾᠂ ︽ ᠦᠭᠡᠳᠡᠯᠡᠬᠦ ᠭᠡᠷ ᠤᠨ ᠦᠭᠡ ᠨᠢ ᠨᠢᠭᠡ᠂ ᠦᠰᠭᠦ ᠮᠠᠯ ᠤᠨ ᠦᠩᠭᠡ ᠨᠢ ᠨᠢᠭᠡ︾ ᠭᠡᠳᠡᠭ ᠢᠶᠠᠷ ᠭᠡᠷ ᠤᠨ  ᠪᠤᠯᠪᠠᠰᠤᠷᠠᠯ ᠨᠢ ᠲᠤᠥᠷᠠᠬᠢ ᠮᠡᠳᠦ ᠬᠡᠳᠦᠨ ᠲᠠᠯ᠎ᠠ ᠶᠢᠨ ᠭᠡᠷᠡᠭᠴᠡᠭᠡ ᠲᠠᠢ ᠪᠠᠶᠢᠳᠠᠭ᠃           1. ᠭᠡᠷ ᠪᠦᠯᠢ ᠶᠢᠨ ᠰᠤᠷᠭᠠᠨ ᠬᠦᠮᠦᠵᠢᠯ ᠨᠢ ᠭᠡᠷ ᠪᠦᠯᠢ ᠶᠢᠨ ᠦᠨᠳᠦᠰᠤᠨ ᠴᠢᠳᠠᠪᠤᠷᠢ ᠮᠦᠨ᠃ ᠦᠷ᠎ᠡ  ᠭᠡᠥᠭᠡᠳ ᠢ ᠬᠦᠮᠦᠵᠢᠭᠦᠯᠬᠦ ᠨᠢ ᠡᠴᠢᠭᠡ ᠡᠭᠡ ᠪᠤᠯᠤᠭᠰᠠᠳ ᠤᠨ ᠲᠠᠷᠬᠠᠨ ᠡᠭᠦᠷᠭᠡ ᠮᠦᠨ᠃ ᠭᠡᠷ ᠪᠦᠯᠢ ᠨᠢ ᠲᠡᠭᠦᠨ ᠤ ᠦᠨᠳᠦᠰᠤᠨ ᠡᠭᠦᠷᠭᠡ ᠪᠠᠨ ᠪᠡᠶᠡᠯᠡᠭᠦᠯᠵᠤ ᠴᠢᠳᠠᠬᠤ ᠡᠰᠡᠬᠦ ᠨᠢ ᠭᠡᠥᠭᠡᠳ ᠢᠶᠠᠨ ᠬᠦᠮᠦᠵᠢᠭᠦᠯᠵᠤ᠂ ᠨᠡᠶᠢᠭᠡᠮ ᠪᠠ  ᠦᠨᠳᠦᠰᠦᠳᠡᠨ ᠳᠡᠭᠡᠨ ᠭᠡᠷᠡᠭᠴᠡᠭᠡ ᠲᠠᠢ ᠬᠦᠮᠦᠨ ᠪᠤᠯᠭᠠᠬᠤ ᠡᠰᠡᠭᠦ ᠲᠠᠢ ᠰᠢᠭᠤᠳ ᠬᠤᠯᠪᠤᠭᠳᠠᠯ ᠲᠠᠢ᠃           2. ᠭᠡᠷ ᠪᠦᠯᠢ ᠶᠢᠨ ᠰᠤᠷᠭᠠᠨ ᠬᠦᠮᠦᠵᠢᠯ ᠨᠢ ᠭᠡᠥᠭᠡᠳ ᠢ ᠴᠢᠳᠠᠪᠤᠷᠢᠳᠠᠨ ᠪᠤᠯᠭᠠᠬᠤ ᠶᠢᠨ ᠬᠠᠮᠤᠭ ᠠᠩᠬᠠᠨ ᠤ  ᠪᠠᠷᠢᠯᠭ᠎ᠠ ᠮᠦᠨ᠃ ᠭᠡᠷ ᠪᠦᠯᠢ ᠨᠢ ᠭᠡᠥᠭᠡᠳ ᠤᠨ ᠠᠩᠬᠠᠨ ᠤ ᠰᠤᠷᠭᠠᠭᠤᠯᠢ᠂ ᠡᠭᠡ ᠡᠴᠢᠭᠡ ᠨᠢ ᠭᠡᠥᠭᠡᠳ  ᠬᠦᠮᠦᠵᠢᠭᠳᠡᠬᠦ ᠶᠢᠨ ᠠᠩᠬᠠᠨ ᠤ ᠪᠠᠭᠰᠢ ᠶᠤᠮ᠃ ᠠᠳᠡ ᠠᠴᠠ ᠭᠡᠥᠭᠡᠳ ᠠᠮᠢᠳᠤᠷᠠᠯ ᠤᠨ ᠠᠩᠬᠠᠨ ᠤ ᠰᠤᠷᠭᠠᠮᠵᠢ ᠪᠠ  ᠲᠤᠷᠰᠢᠯᠭ᠎ᠠ ᠶᠢ ᠬᠤᠷᠠᠮᠳᠤᠭᠤᠯᠵᠤ᠂ ᠢᠷᠡᠭᠡᠳᠦᠢ ᠶᠢᠨ ᠴᠢᠳᠠᠪᠤᠷᠢᠳᠠᠨ ᠪᠤᠯᠵᠤ ᠬᠦᠮᠦᠵᠢᠭᠳᠡᠬᠦ ᠶᠢᠨ ᠰᠠᠭᠤᠷᠢ ᠶᠤᠮ᠃           3. ᠭᠡᠷ ᠪᠦᠯᠢ ᠶᠢᠨ ᠰᠤᠷᠭᠠᠨ ᠬᠦᠮᠦᠵᠢᠯ ᠨᠢ ᠰᠤᠷᠭᠠᠭᠤᠯᠢ ᠶᠢᠨ ᠰᠤᠷᠭᠠᠨ ᠬᠦᠮᠦᠵᠢᠯ ᠤᠨ ᠰᠠᠭᠤᠷᠢ ᠪᠦᠬᠡᠳ  ᠨᠦᠬᠦᠪᠦᠷᠢᠯᠡᠯ ᠶᠤᠮ᠃ ᠠᠩᠬᠠᠨ ᠤ ᠬᠤᠭᠤᠴᠠᠭ᠎ᠠ ᠶᠢᠨ ᠰᠤᠷᠭᠠᠨ ᠬᠦᠮᠦᠵᠢᠯ ᠨᠢ ᠬᠤᠶᠢᠰᠢᠳᠠ ᠶᠢᠨ ᠦᠷᠭᠦᠯᠵᠢᠯᠡᠨ  ᠬᠦᠮᠤᠵᠢᠬᠦ ᠶᠢᠨ ᠰᠠᠭᠤᠷᠢ ᠶᠤᠮ᠃ ᠭᠡᠥᠭᠡᠳ ᠰᠤᠷᠭᠠᠭᠤᠯᠢ ᠳᠤ ᠤᠷᠤᠭᠰᠠᠨ ᠤ ᠲᠠᠷᠠᠭ᠎ᠠ ᠰᠤᠷᠭᠠᠭᠤᠯᠢ ᠶᠢᠨ ᠰᠤᠷᠭᠠᠨ  ᠬᠦᠮᠦᠵᠢᠯ ᠨᠢ ᠭᠤᠥᠯᠯᠠᠬᠤ ᠦᠢᠯᠡᠳᠦᠯ ᠢ ᠦᠵᠡᠭᠦᠯᠬᠦ ᠨᠢ ᠲᠠᠮᠵᠢᠭ ᠦᠭᠡᠢ᠃ ᠭᠡᠪᠡᠴᠦ ᠭᠡᠷ ᠪᠦᠯᠢ ᠶᠢᠨ ᠰᠤᠷᠭᠠᠨ ᠬᠦᠮᠦᠵᠢᠯ ᠤᠨ ᠨᠦᠯᠦᠭᠡᠯᠡᠯ ᠨᠢ ᠰᠤᠷᠭᠠᠭᠤᠯᠢ ᠶᠢᠨ ᠰᠤᠷᠭᠠᠨ ᠬᠦᠮᠦᠵᠢᠯ ᠲᠠᠢ ᠨᠢᠭᠳᠠ ᠬᠤᠯᠪᠤᠭ᠎ᠠ ᠲᠠᠢ ᠪᠠᠶᠢᠵᠤ᠂  ᠬᠠᠷᠢᠯᠴᠡᠨ ᠨᠦᠬᠦᠪᠦᠷᠢᠯᠡᠬᠦ ᠨᠢ ᠭᠡᠥᠭᠡᠳ ᠢ ᠢᠯᠡᠭᠦᠥ ᠡᠷᠡᠭᠦᠯ ᠴᠢᠬᠢᠷᠠᠭ ᠢᠶᠠᠷ ᠬᠦᠭᠵᠢᠭᠦᠯᠬᠦ ᠶᠢᠨ ᠪᠠᠳᠤᠯᠠᠭ᠎ᠠ ᠶᠤᠮ᠃
 
ᠢᠷᠡᠯᠲᠡ᠄ ᠬᠦᠯᠦᠨ ᠪᠣᠶᠢᠷ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号