ᠡᠸ᠋ᠨᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽  ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠣᠯᠠᠨ ᠨᠡᠶᠢᠲᠡ ᠶᠢᠨ ᠲᠠᠯᠠᠪᠣᠷ ᠲᠤ ᠲᠠᠮᠠᠬᠢ ᠲᠠᠲᠠᠬᠤ ᠶᠢ ᠴᠡᠭᠡᠷᠯᠡᠬᠦ ᠲᠦᠷ ᠬᠡᠷᠡᠭᠵᠢᠬᠦᠯᠬᠦ ᠬᠠᠮᠢᠶᠠᠷᠣᠯᠲᠠ ᠶᠢᠨ ᠠᠷᠭ᠎ᠠ︾ ᠶᠢ ᠳᠠᠷᠣᠮᠠᠯᠯᠠᠨ ᠲᠠᠷᠬᠠᠭᠠᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2019/10/31
              ᠡᠸ᠋ᠨᠩᠬᠢ ᠵᠠᠰᠠᠭ ᠠᠯᠪᠠᠨ ᠲᠠᠷᠬᠠᠭᠠᠭᠰᠠᠨ ﹇2019﹈ 13 ᠳ᠋ᠣᠭᠠᠷ ᠲᠣᠭᠠᠳᠣᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠬᠤᠰᠢᠭᠤᠨ ᠳᠤ ᠰᠠᠭᠤᠭ᠎ᠠ ᠬᠤᠯᠪᠣᠭᠳᠠᠯ ᠪᠦᠬᠦᠢ ᠨᠢᠬᠡᠴᠡ ᠳᠤ᠄      ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠳᠣᠯᠠᠨ᠂ ᠨᠡᠶᠢᠬᠡᠮ ᠨᠡᠶᠢᠲᠡ ᠢᠶᠠᠷ ᠢᠶᠠᠨ ᠶᠣᠰᠣ ᠰᠣᠷᠳᠠᠬᠤᠨ ᠢ ᠡᠷᠬᠢᠮᠯᠡᠬᠦ ᠶᠢ ᠰᠠᠨᠠᠭᠠᠴᠢᠯᠠᠵᠣ᠂ ᠲᠠᠮᠠᠬᠢ ᠲᠠᠲᠠᠬᠤ ᠠᠴᠠ ᠪᠣᠢ ᠪᠣᠯᠭᠠᠬᠤ ᠬᠤᠣᠷ ᠬᠦᠨᠦᠬᠡᠯ ᠢ ᠪᠠᠭᠠᠰᠠᠬᠠᠬᠤ ᠶᠢᠨ ᠲᠦᠯᠦᠬᠡ᠂ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠠᠴᠠ ︽ ᠡᠸ᠋ᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠣᠯᠠᠨ ᠨᠡᠶᠢᠲᠡ ᠶᠢᠨ ᠲᠠᠯᠠᠪᠣᠷ ᠲᠤ ᠲᠠᠮᠠᠬᠢ ᠲᠠᠲᠠᠬᠤ ᠶᠢ ᠴᠡᠭᠡᠷᠯᠡᠬᠦ ᠲᠦᠷ ᠬᠡᠷᠡᠭᠵᠢᠬᠦᠯᠬᠦ ᠠᠷᠭ᠎ᠠ︾ ᠶᠢ ᠲᠣᠭᠤᠷᠪᠢᠨ ᠪᠢᠴᠢᠬᠦ ᠶᠢᠨ ᠬᠠᠮᠳᠣ ᠬᠤᠰᠢᠭᠤᠨ ᠤ ᠵᠠᠰᠠᠭ ᠤᠨ ᠣᠷᠳᠣᠨ ᠤ 2019 ᠣᠨ ᠤ ᠭᠤᠷᠪᠠᠳᠣᠭᠠᠷ ᠣᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠶᠠᠷᠢᠯᠴᠠᠨ ᠪᠠᠳᠣᠯᠠᠭᠤᠯᠪᠠ᠃ ᠡᠳᠦᠭᠡ ᠲᠠᠨᠠᠷ ᠲᠤ ᠳᠠᠷᠣᠮᠠᠯᠯᠠᠨ ᠲᠠᠷᠬᠠᠭᠠᠯ᠎ᠠ᠂ ᠨᠢᠮᠪᠠᠢ ᠲᠣᠣᠱᠯᠠᠭᠤᠯᠣᠨ ᠬᠡᠷᠡᠭᠵᠢᠬᠦᠯᠳᠦᠬᠡᠢ᠃      ᠡᠬᠦᠨ ᠤ ᠲᠣᠯᠠ ᠮᠡᠳᠡᠭᠳᠡᠪᠡ                                                                                  2019 ᠣᠨ ᠤ 8 ᠰᠠᠷ᠎ᠠ ᠶᠢᠨ 29 ᠤ ᠡᠳᠦᠷ      ︵ ᠰᠠᠨᠠᠭᠠᠴᠢᠯᠠᠭ᠎ᠠ ᠲᠠᠢ ᠢᠯᠡ ᠪᠣᠯᠭᠠᠬᠤ︶       ᠡ᠊ᠸᠨᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠣᠯᠠᠨ ᠨᠡᠶᠢᠲᠡ ᠶᠢᠨ ᠲᠠᠯᠠᠪᠣᠷ ᠲᠤ ᠲᠠᠮᠠᠬᠢ ᠲᠠᠲᠠᠬᠤ ᠶᠢ ᠴᠡᠭᠡᠷᠯᠡᠬᠦ ᠲᠦᠷ ᠬᠡᠷᠡᠭᠵᠢᠬᠦᠯᠬᠦ ᠬᠠᠮᠢᠶᠠᠷᠣᠯᠲᠠ ᠶᠢᠨ ᠠᠷᠭ᠎ᠠ      ᠨᠢᠬᠡᠳᠦᠭᠡᠷ ᠪᠦᠯᠦᠭ      ᠶᠡᠷᠥᠩᠬᠡᠢ ᠵᠠᠷᠴᠢᠮ      ᠨᠢᠬᠡᠳᠦᠭᠡᠷ ᠵᠦᠢᠯ      ᠠᠷᠠᠳ ᠣᠯᠠᠨ ᠤ ᠪᠡᠶ᠎ᠡ ᠮᠠᠬᠠᠪᠣᠳ ᠤᠨ ᠡᠷᠡᠬᠦᠯ ᠮᠡᠨᠳᠦ ᠶᠢ ᠪᠠᠳᠣᠯᠠᠵᠣ᠂ ᠨᠡᠶᠢᠬᠡᠮ ᠨᠡᠶᠢᠲᠡ ᠢᠶᠠᠷ ᠢᠶᠠᠨ ᠶᠣᠰᠣ ᠰᠣᠷᠳᠠᠬᠤᠨ ᠢ ᠡᠷᠬᠢᠮᠯᠡᠬᠦ ᠶᠢ ᠰᠠᠨᠠᠭᠠᠴᠢᠯᠠᠵᠣ᠂ ᠲᠠᠮᠠᠬᠢ ᠲᠠᠲᠠᠬᠤ ᠠᠴᠠ ᠪᠣᠢ ᠪᠣᠯᠭᠠᠬᠤ ᠬᠤᠣᠷ ᠬᠦᠨᠦᠬᠡᠯ ᠢ ᠪᠠᠭᠠᠰᠬᠠᠬᠤ ᠶᠢᠨ ᠲᠦᠯᠦᠬᠡ᠂ ︽ ᠣᠯᠠᠨ ᠨᠡᠶᠢᠲᠡ ᠶᠢᠨ ᠲᠠᠯᠠᠪᠣᠷ ᠤᠨ ᠡᠷᠡᠬᠦᠯ ᠬᠠᠮᠠᠭᠠᠯᠠᠯ ᠤᠨ ᠬᠠᠮᠢᠶᠠᠷᠣᠯᠲᠠ ᠶᠢᠨ ᠳᠦᠷᠢᠮ ᠤᠨ ᠬᠡᠷᠡᠭᠵᠢᠬᠦᠯᠦᠯᠲᠡ ᠶᠢᠨ ᠨᠠᠷᠢᠨ ᠳᠦᠷᠢᠮ︾᠂ ︽ ᠲᠦᠷᠦ ᠶᠢᠨ ᠶᠠᠪᠣᠳᠠᠯ ᠤᠨ ᠬᠤᠷᠢᠶᠠᠨ ᠤ ᠰᠢᠨ᠎ᠡ ᠴᠠᠭ ᠦᠶ᠎ᠡ ᠶᠢᠨ ᠡᠬᠡ ᠣᠷᠣᠨᠴᠢ ᠡᠷᠡᠬᠦᠯ ᠬᠠᠮᠠᠭᠠᠯᠠᠯ ᠤᠨ ᠠᠵᠢᠯ ᠢ ᠣᠯᠠᠮ ᠨᠢᠬᠡ ᠠᠯᠬᠤᠮ ᠴᠢᠩᠭᠠᠳᠬᠠᠬᠤ ᠲᠣᠬᠠᠢ ᠰᠠᠨᠠᠯ︾᠂ ︽ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨ᠎ᠡ ᠴᠠᠭ ᠦᠶ᠎ᠡ ᠶᠢᠨ ᠡᠬᠡ ᠣᠷᠣᠨᠴᠢ ᠡᠷᠡᠬᠦᠯ ᠬᠠᠮᠠᠭᠠᠯᠠᠯ ᠤᠨ ᠠᠵᠢᠯ ᠢ ᠣᠯᠠᠮ ᠨᠢᠬᠡ ᠠᠯᠬᠤᠮ ᠴᠢᠩᠭᠠᠳᠬᠠᠬᠤ ᠲᠣᠬᠠᠢ ᠬᠡᠷᠡᠭᠵᠢᠬᠦᠯᠦᠯᠲᠡ ᠶᠢᠨ ᠰᠠᠨᠠᠯ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠬᠤᠰᠢᠭᠤᠨ ᠤ ᠪᠠᠨ ᠪᠣᠳᠠᠳᠠᠢ ᠲᠠᠢ ᠣᠶᠠᠯᠳᠣᠭᠤᠯᠣᠨ᠂ ᠲᠣᠰ ᠬᠠᠮᠢᠶᠠᠷᠣᠯᠲᠠ ᠶᠢᠨ ᠠᠷᠭ᠎ᠠ ᠶᠢ ᠲᠣᠭᠲᠠᠭᠠᠪᠠ᠃      ᠬᠤᠶᠠᠳᠣᠭᠠᠷ ᠵᠦᠢᠯ      ᠲᠣᠰ ᠠᠷᠭ᠎ᠠ ᠶᠢ ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ ᠬᠡᠪᠴᠢᠶᠡᠨ  ᠳᠠᠬᠢ ᠣᠯᠠᠨ ᠨᠡᠶᠢᠲᠡ ᠶᠢᠨ ᠲᠠᠯᠠᠪᠣᠷ ᠲᠤ ᠲᠠᠮᠠᠬᠢ ᠲᠠᠲᠠᠬᠤ ᠶᠢ ᠬᠤᠷᠢᠭᠯᠠᠬᠤ ᠠᠵᠢᠯ ᠳᠤ ᠲᠣᠬᠢᠷᠠᠭᠤᠯᠣᠨ ᠬᠡᠷᠡᠭᠯᠡᠨ᠎ᠡ      ᠭᠤᠷᠪᠠᠳᠣᠭᠠᠷ ᠵᠦᠢᠯ      ᠲᠣᠰ ᠬᠤᠰᠢᠭᠤᠨ ᠤ ᠣᠯᠠᠨ ᠨᠡᠶᠢᠲᠡ ᠶᠢᠨ ᠲᠠᠯᠠᠪᠣᠷ ᠲᠤ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠳᠤ ︽ᠭᠠᠵᠠᠷ ᠲᠠᠯᠠᠪᠣᠷ ᠢ ᠬᠢᠵᠠᠭᠠᠷᠯᠠᠬᠤ᠂ ᠲᠦᠷᠦᠯ ᠬᠤᠪᠢᠶᠠᠨ ᠬᠠᠮᠢᠶᠠᠷᠬᠤ᠂ ᠪᠠᠶᠢᠭᠤᠯᠭ᠎ᠠ ᠨᠢᠬᠡᠴᠡ ᠠᠴᠠ ᠬᠠᠷᠢᠭᠤᠴᠠᠬᠤ᠂ ᠣᠯᠠᠨ ᠨᠡᠶᠢᠲᠡ ᠢᠶᠠᠷ ᠢᠶᠠᠨ ᠣᠷᠣᠯᠴᠠᠬᠤ︾ ᠵᠠᠷᠴᠢᠮ ᠢ ᠬᠡᠷᠡᠭᠵᠢᠬᠦᠯᠦᠨ᠎ᠡ᠃      ᠳᠦᠷᠪᠡᠳᠦᠭᠡᠷ ᠵᠦᠢᠯ      ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ ᠵᠠᠰᠠᠭ ᠵᠠᠬᠢᠷᠭᠠᠨ ᠤ ᠣᠷᠣᠨ ᠬᠡᠪᠴᠢᠶᠡᠨ ᠤ ᠪᠠᠨ ᠳᠣᠳᠣᠷᠠᠬᠢ ᠣᠯᠠᠨ ᠨᠡᠶᠢᠲᠡ ᠶᠢᠨ ᠲᠠᠯᠠᠪᠣᠷ ᠲᠤ ᠲᠠᠮᠠᠬᠢ ᠲᠠᠲᠠᠬᠤ ᠶᠢ ᠬᠤᠷᠢᠭᠯᠠᠬᠤ ᠠᠵᠢᠯ ᠢ ᠴᠢᠩᠭᠠᠳᠬᠠᠵᠣ᠂ ᠲᠠᠮᠠᠬᠢ ᠲᠠᠲᠠᠬᠤ ᠶᠢ ᠬᠤᠷᠢᠭᠯᠠᠬᠤ ᠠᠵᠢᠯ ᠤᠨ ᠵᠠᠷᠣᠯᠭ᠎ᠠ ᠶᠢ ᠪᠠᠳᠣᠯᠠᠵᠣ᠂ ᠲᠠᠮᠠᠬᠢ ᠲᠠᠲᠠᠬᠤ ᠶᠢ ᠬᠤᠷᠢᠭᠯᠠᠬᠤ ᠠᠵᠢᠯ ᠢ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠣᠨ᠎ᠠ᠃      ᠲᠠᠪᠣᠳᠣᠭᠠᠷ ᠵᠦᠢᠯ      ᠮᠠᠨ ᠤ ᠬᠤᠰᠢᠭᠤᠨ ᠤ ᠡᠬᠡ ᠣᠷᠣᠨᠴᠢ ᠡᠷᠡᠬᠦᠯ ᠬᠠᠮᠠᠭᠠᠯᠠᠯ ᠤᠨ ᠵᠦᠪᠯᠡᠯ ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ ᠬᠡᠪᠴᠢᠶᠡᠨ ᠳᠠᠬᠢ ᠣᠯᠠᠨ ᠨᠡᠶᠢᠲᠡ ᠶᠢᠨ ᠲᠠᠯᠠᠪᠣᠷ ᠲᠤ ᠲᠠᠮᠠᠬᠢ ᠲᠠᠲᠠᠬᠤ  ᠶᠢ ᠬᠤᠷᠢᠭᠯᠠᠬᠤ ᠠᠵᠢᠯ ᠢ ᠬᠠᠷᠢᠭᠤᠴᠠᠬᠤ ᠬᠡᠷᠡᠭᠲᠡᠢ᠃      ︵ ᠨᠢᠬᠡ︶ ᠲᠠᠮᠠᠬᠢ ᠲᠠᠲᠠᠬᠤ ᠨᠢ ᠡᠷᠡᠬᠦᠯ ᠮᠡᠨᠳᠦ ᠳᠤ ᠲᠣᠶᠢᠯ ᠤᠨ ᠠᠰᠢᠭ ᠦᠭᠡᠢ ᠬᠡᠳᠡᠭ ᠰᠡᠳᠦᠪ ᠢᠶᠠᠷ ᠣᠬᠠᠭᠤᠯᠭ᠎ᠠ ᠬᠦᠮᠦᠵᠢᠯ ᠬᠢᠬᠦ ᠬᠡᠷᠡᠭᠲᠡᠢ᠃      ︵ ᠬᠤᠶᠠᠷ︶ ᠲᠠᠮᠠᠬᠢ ᠲᠠᠲᠠᠬᠤ ᠶᠢ ᠬᠤᠷᠢᠭᠯᠠᠬᠤ ᠬᠠᠮᠢᠶᠠᠷᠣᠯᠲᠠ ᠶᠢᠨ ᠠᠷᠭ᠎ᠠ ᠶᠢ ᠲᠣᠭᠲᠠᠭᠠᠵᠣ ᠵᠣᠬᠢᠶᠠᠨ ᠪᠠᠶᠢᠭᠤᠯᠣᠨ ᠬᠡᠷᠡᠭᠵᠢᠬᠦᠯᠬᠦ ᠬᠡᠷᠡᠭᠲᠡᠢ᠃      ︵ ᠭᠤᠷᠪᠠ︶ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠨᠡᠶᠢᠬᠡᠮ ᠤᠨ ᠪᠦᠯᠬᠦᠮ ᠪᠣᠯᠣᠨ ᠠᠵᠢᠯ ᠲᠦᠷᠦᠯ  ᠤᠨ ᠨᠡᠶᠢᠬᠡᠮᠯᠢᠭ ︵ᠡᠪᠯᠡᠯ︶ ᠢ ᠵᠣᠬᠢᠶᠠᠨ ᠪᠠᠶᠢᠭᠤᠯᠣᠨ ᠵᠣᠬᠢᠴᠠᠭᠤᠯᠵᠣ᠂ ᠲᠠᠮᠠᠬᠢ ᠲᠠᠲᠠᠬᠤ ᠶᠢ ᠬᠤᠷᠢᠭᠯᠠᠬᠤ ᠠᠵᠢᠯᠯᠠᠭ᠎ᠠ ᠦᠷᠨᠢᠬᠦᠯᠬᠦ ᠬᠡᠷᠡᠭᠲᠡᠢ᠃      ᠵᠢᠷᠭᠤᠳᠣᠭᠠᠷ ᠵᠦᠢᠯ      ᠰᠠᠶᠢᠨ ᠳᠣᠷᠠᠴᠣᠳ ᠤᠨ ᠵᠣᠬᠢᠶᠠᠨ ᠪᠠᠶᠢᠭᠤᠯᠣᠯᠲᠠ᠂ ᠨᠡᠶᠢᠬᠡᠮ ᠤᠨ ᠪᠣᠰᠣᠳ ᠵᠣᠬᠢᠶᠠᠨ ᠪᠠᠶᠢᠭᠤᠯᠣᠯᠲᠠ ᠪᠣᠯᠣᠨ ᠬᠤᠪᠢ ᠬᠦᠮᠦᠨ ᠢ ᠳᠠᠶᠢᠴᠢᠯᠠᠨ ᠲᠠᠮᠠᠬᠢ ᠲᠠᠲᠠᠬᠤ ᠶᠢ ᠬᠤᠷᠢᠭᠯᠠᠬᠤ ᠠᠵᠢᠯ ᠳᠤ ᠣᠷᠣᠯᠴᠠᠭᠤᠯᠬᠤ ᠪᠣᠶᠣ ᠲᠠᠮᠠᠬᠢ ᠲᠠᠲᠠᠬᠤ ᠶᠢ ᠬᠤᠷᠢᠭᠯᠠᠬᠤ ᠠᠵᠢᠯ ᠳᠤ ᠳᠡᠮᠵᠢᠯᠭᠡ ᠦᠵᠡᠬᠦᠯᠬᠦ ᠶᠢ ᠵᠣᠷᠢᠭᠵᠢᠭᠤᠯᠣᠨ᠎ᠠ       ᠬᠤᠶᠠᠳᠣᠭᠠᠷ ᠪᠦᠯᠦᠭ      ᠲᠠᠮᠠᠬᠢ ᠲᠠᠲᠠᠬᠤ ᠶᠢ ᠴᠡᠭᠡᠷᠯᠡᠬᠦ ᠭᠠᠵᠠᠷ ᠲᠠᠯᠠᠪᠣᠷ       ᠳᠣᠯᠣᠳᠣᠭᠠᠷ ᠵᠦᠢᠯ      ᠳᠣᠣᠷᠠᠬᠢ ᠣᠯᠠᠨ ᠨᠡᠶᠢᠲᠡ ᠶᠢᠨ ᠲᠠᠯᠠᠪᠣᠷ ᠲᠤ ᠲᠠᠮᠠᠬᠢ ᠲᠠᠲᠠᠬᠤ ᠶᠢ ᠴᠡᠭᠡᠷᠯᠡᠨ᠎ᠡ᠃ ᠲᠠᠮᠠᠬᠢ ᠲᠠᠲᠠᠬᠤ ᠶᠢ ᠴᠡᠭᠡᠷᠯᠡᠬᠦ ᠳᠡᠮᠳᠡᠭ ᠲᠠᠯᠪᠢᠨ᠎ᠠ︔      ︵ᠨᠢᠬᠡ︶ ᠬᠡᠣᠬᠡᠳ ᠠᠰᠠᠷᠠᠬᠤ ᠭᠠᠵᠠᠷ ᠪᠠ ᠬᠡᠣᠬᠡᠳ ᠤᠨ ᠴᠡᠴᠡᠷᠯᠢᠭ᠂ ᠰᠣᠷᠭᠠᠭᠤᠯᠢ᠂ ᠠᠵᠢᠯᠯᠠᠭᠠᠨ ᠤ ᠲᠦᠪ᠂ ᠬᠦᠮᠦᠵᠢᠬᠦᠯᠦᠨ ᠪᠣᠯᠪᠠᠰᠣᠷᠠᠭᠤᠯᠬᠤ ᠪᠠᠶᠢᠭᠤᠯᠣᠮᠵᠢ ᠵᠡᠷᠭᠡ ᠨᠠᠰᠣᠨ ᠳᠤ ᠦᠯᠦ ᠬᠦᠷᠦᠭᠰᠡᠳ ᠤᠨ ᠬᠦᠳᠡᠯᠬᠡᠬᠡᠨ ᠤ ᠭᠠᠵᠠᠷ ᠵᠡᠷᠭᠡ ᠣᠯᠠᠨ ᠨᠡᠶᠢᠲᠡ ᠶᠢᠨ ᠲᠠᠯᠠᠪᠣᠷ ᠤᠨ ᠳᠣᠳᠣᠨ᠎ᠠ ᠭᠠᠳᠠᠨ᠎ᠠ︔      ︵ ᠬᠤᠶᠠᠷ︶ ᠳᠡᠭᠡᠳᠦ ᠵᠡᠷᠭᠡ ᠶᠢᠨ ᠰᠣᠷᠭᠠᠭᠤᠯᠢ ᠶᠢᠨ ᠵᠢᠭᠠᠨ ᠰᠣᠷᠭᠠᠬᠤ᠂ ᠬᠦᠳᠡᠯᠬᠡᠬᠡᠨ ᠤ ᠬᠡᠷ︔      ︵ ᠭᠤᠷᠪᠠ︶ ᠡᠯ᠎ᠡ ᠱᠠᠳᠣᠨ ᠤ ᠡᠯ᠎ᠡ ᠲᠦᠷᠦᠯ ᠤᠨ ᠡᠮᠴᠢᠯᠡᠬᠡᠨ ᠡᠷᠡᠬᠦᠯ ᠬᠠᠮᠠᠭᠠᠯᠠᠯ ᠤᠨ ᠪᠠᠶᠢᠭᠤᠯᠣᠮᠵᠢ᠂ ᠲᠦᠯᠦᠪᠯᠡᠭᠡᠲᠦ ᠦᠷᠡᠵᠢᠯ ᠤᠨ ᠮᠡᠷᠭᠡᠵᠢᠯ ᠤᠨ ᠦᠢᠯᠡᠴᠢᠯᠡᠬᠡᠨ ᠤ ᠪᠠᠶᠢᠭᠤᠯᠣᠮᠵᠢ᠂ ᠠᠰᠠᠷᠠᠮᠵᠢ ᠶᠢᠨ ᠬᠦᠷᠢᠶᠡᠯᠡᠩ ᠤᠨ ᠭᠡᠷ ᠳᠣᠳᠣᠷ᠎ᠠ︔      ︵ ᠳᠦᠷᠪᠡ︶ ᠺᠢᠨᠣ᠋ ᠵᠦᠴᠦᠭᠡ ᠶᠢᠨ ᠲᠢᠶᠠᠲᠷ᠂ ᠳᠠᠭᠤᠣ ᠪᠦᠵᠢᠭ ᠵᠤᠭ᠎ᠠ ᠴᠡᠩᠭᠡᠯ ᠤᠨ ᠲᠢᠩᠬᠢᠮ ᠤᠨ ᠬᠡᠷ ᠳᠣᠳᠣᠷ᠎ᠠ︔      ︵ ᠲᠠᠪᠤ︶ ᠪᠡᠶ᠎ᠡ ᠶᠢᠨ ᠲᠠᠮᠢᠷ ᠤᠨ ᠲᠠᠯᠠᠪᠣᠷ ᠣᠷᠳᠣᠨ ᠤ ᠲᠣᠳᠣᠷ᠎ᠠ ᠵᠢᠴᠢ ᠭᠡᠷ ᠤᠨ ᠭᠠᠳᠠᠨᠠᠬᠢ ᠦᠵᠡᠭᠴᠢᠳ  ᠤᠨ ᠰᠠᠭᠤᠳᠠᠯ᠂ ᠣᠷᠣᠯᠳᠣᠭᠠᠨ ᠤ ᠲᠠᠯᠠᠪᠠᠢ︔      ︵ ᠵᠢᠷᠭᠤᠭ᠎ᠠ︶ ᠨᠣᠮ ᠤᠨ ᠰᠠᠩ ᠤᠨ ᠣᠩᠰᠢᠯᠭ᠎ᠠ ᠶᠢᠨ ᠦᠷᠦᠭᠡ᠂ ᠳᠠᠩᠰᠠ ᠡᠪᠬᠡᠮᠡᠯ ᠤᠨ ᠣᠷᠳᠣᠨ ︵ᠭᠡᠷ ︶᠂ ᠮᠦᠽᠸᠢ ᠵᠡᠷᠭᠡ ᠡᠯ᠎ᠡ ᠲᠦᠷᠦᠯ ᠤᠨ ᠣᠯᠠᠨ ᠨᠡᠶᠢᠲᠡ ᠶᠢᠨ ᠰᠣᠶᠣᠯ ᠤᠨ ᠲᠠᠯᠠᠪᠠᠢ ᠣᠷᠳᠣᠨ ᠳᠣᠳᠣᠷ᠎ᠠ︔      ︵ᠳᠣᠯᠤᠭ᠎ᠠ︶ ᠮᠦᠩᠬᠦᠨ ᠬᠦᠢᠯᠬᠡᠬᠡᠨ᠂ ᠰᠢᠣᠳᠠᠨ ᠶᠠᠪᠣᠳᠠᠯ᠂ ᠴᠢᠮᠡᠭᠡ ᠬᠤᠯᠪᠣᠭᠠᠨ ᠤ ᠠᠵᠣ ᠠᠬᠤᠶᠢᠯᠠᠯ  ᠤᠨ ᠡᠵᠡᠩᠨᠡᠯᠲᠡ ᠶᠢᠨ ᠭᠠᠵᠠᠷ ᠪᠠ ᠨᠣᠮ ᠤᠨ ᠳᠡᠯᠭᠡᠭᠦᠷ᠂ ᠬᠤᠳᠠᠯᠳᠣᠭᠠᠨ ᠤ ᠲᠠᠯᠠᠪᠣᠷ᠂ ᠬᠡᠳᠦ ᠳᠡᠯᠭᠡᠭᠦᠷ ᠳᠣᠳᠣᠷ᠎ᠠ      ︵ ᠨᠠᠢᠮᠠ︶ ᠠᠶᠠᠨᠴᠢᠨ ᠤ ᠮᠠᠰᠢᠨ᠂ ᠳᠦᠷᠢᠶᠡᠰᠦᠨ ᠮᠠᠰᠢᠨ᠂ ᠴᠠᠬᠢᠯᠭᠠᠨ ᠱᠠᠳᠣ ᠵᠢᠴᠢ ᠪᠣᠰᠣᠳ ᠡᠯ᠎ᠡ ᠵᠦᠢᠯ ᠤᠨ ᠣᠯᠠᠨ ᠨᠡᠶᠢᠲᠡ ᠶᠢᠨ ᠲᠡᠬᠡᠬᠡᠪᠦᠷᠢ ᠶᠢᠨ ᠪᠠᠭᠠᠵᠢ ᠳᠣᠳᠣᠷ᠎ᠠ︔      ︵ ᠶᠢᠰᠦ︶ ᠬᠤᠢ ᠭᠤᠣᠯ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠴᠡᠴᠡᠷᠯᠢᠭ᠂ ᠵᠣᠭᠠᠴᠠᠯ ᠤᠨ ᠦᠵᠡᠮᠵᠢ ᠶᠢᠨ ᠴᠡᠭ ᠵᠡᠷᠭᠡ ᠭᠠᠵᠠᠷ ᠲᠠᠯᠠᠪᠣᠷ ᠤᠨ ᠲᠠᠮᠠᠬᠢ ᠲᠠᠲᠠᠬᠤ ᠶᠢ ᠴᠡᠭᠡᠷᠯᠡᠬᠦ ᠦᠷᠦᠭᠡ ᠶᠢᠨ ᠳᠣᠳᠣᠨ᠎ᠠ ᠭᠠᠳᠠᠨ᠎ᠠ︔      ︵ ᠠᠷᠪᠠ︶ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠢ ᠦᠢᠯᠡᠳᠬᠦ᠂ ᠬᠠᠳᠠᠭᠠᠯᠠᠬᠤ ᠪᠣᠶᠣ ᠪᠣᠷᠣᠯᠠᠭᠤᠯᠬᠤ ᠭᠠᠵᠠᠷ ᠲᠠᠯᠠᠪᠣᠷ︔      ︵ ᠠᠷᠪᠠᠨ ᠨᠢᠬᠡ︶ ᠬᠠᠣᠯᠢ ᠴᠠᠭᠠᠵᠠ᠂ ᠬᠠᠣᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠲᠠᠮᠠᠬᠢ ᠲᠠᠲᠠᠬᠤ ᠶᠢ ᠴᠡᠭᠡᠷᠯᠡᠬᠦ ᠪᠣᠰᠣᠳ ᠣᠯᠠᠨ ᠨᠡᠶᠢᠲᠡ ᠶᠢᠨ ᠭᠠᠵᠠᠷ ᠲᠠᠯᠠᠪᠣᠷ᠃      ᠭᠡᠷ ᠳᠣᠳᠣᠷᠠᠬᠢ ᠣᠷᠴᠢᠨ ᠬᠡᠳᠡᠭ ᠨᠢ ᠣᠷᠣᠢ ᠨᠢ ᠪᠢᠳᠡᠬᠦᠦ ᠪᠦᠬᠡᠳ ᠬᠤᠶᠠᠷ ᠲᠠᠯ᠎ᠠ ᠶᠢᠨ ᠬᠡᠷᠡᠮ ᠤᠨ ᠶᠠᠮᠠᠷᠪᠠ ᠣᠷᠣᠨ ᠵᠠᠢ ᠶᠢ ᠵᠢᠭᠠᠵᠣ ᠪᠣᠢ᠂ ᠠᠰᠠᠷ ᠤᠨ ᠱᠠᠳᠣ᠂ ᠭᠤᠳᠣᠮ᠂ ᠭᠠᠵᠠᠷ ᠳᠣᠣᠷᠠᠬᠢ ᠵᠠᠮ᠂ ᠠᠰᠠᠷ ᠤᠨ ᠱᠠᠳᠣᠨ ᠤ ᠬᠤᠭᠤᠷᠣᠨᠳᠣᠬᠢ ᠵᠠᠢ ᠵᠡᠷᠭᠡ ᠶᠢ ᠪᠠᠭᠳᠠᠭᠠᠨ᠎ᠠ᠃      ᠬᠤᠰᠢᠭᠤᠨ ᠤ ᠵᠠᠰᠠᠭ ᠤᠨ ᠣᠷᠳᠣᠨ ᠵᠠᠰᠠᠭ ᠵᠠᠬᠢᠷᠭᠠᠨ ᠤ ᠣᠷᠣᠨ ᠪᠦᠰᠡ ᠶᠢᠨ ᠬᠡᠪᠴᠢᠶᠡᠨ ᠳᠠᠬᠢ ᠲᠣᠮᠣ ᠬᠡᠯᠪᠡᠷᠢ ᠶᠢᠨ ᠠᠵᠢᠯᠯᠠᠭᠠᠨ ᠤ ᠬᠡᠷᠡᠭᠴᠡᠭᠡ ᠪᠠᠨ ᠦᠨᠳᠦᠰᠦᠯᠡᠨ᠂ ᠪᠣᠰᠣᠳ ᠣᠯᠠᠨ ᠨᠡᠶᠢᠲᠡ ᠶᠢᠨ ᠭᠠᠵᠠᠷ ᠲᠠᠯᠠᠪᠣᠷ  ᠲᠤ ᠲᠠᠮᠠᠬᠢ ᠲᠠᠲᠠᠬᠤ ᠶᠢ ᠴᠡᠭᠡᠷᠯᠡᠬᠦ ᠲᠦᠷ ᠴᠠᠭ ᠤᠨ ᠣᠷᠣᠨ ᠬᠡᠪᠴᠢᠶ᠎ᠡ ᠲᠣᠬᠢᠷᠠᠭᠤᠯᠵᠣ ᠪᠣᠯᠣᠨ᠎ᠠ᠃      ᠨᠠᠢᠮᠠᠳᠣᠭᠠᠷ ᠵᠦᠢᠯ      ᠳᠣᠣᠷᠠᠬᠢ ᠭᠠᠵᠠᠷ ᠲᠠᠯᠠᠪᠣᠷ ᠲᠤ ᠲᠠᠮᠠᠬᠢ ᠲᠠᠲᠠᠬᠤ ᠲᠣᠭᠲᠠᠭᠰᠠᠨ ᠣᠷᠣᠨ ᠪᠣᠶᠣ ᠬᠡᠷ ᠲᠣᠬᠢᠷᠠᠭᠤᠯᠵᠣ᠂ ᠲᠣᠰᠬᠠᠢ ᠲᠠᠮᠠᠬᠢ ᠲᠠᠲᠠᠬᠤ ᠬᠡᠷ ᠭᠠᠵᠠᠷ ᠠᠴᠠ ᠪᠣᠰᠣᠳ ᠭᠠᠵᠠᠷ ᠲᠤ ᠲᠠᠮᠠᠬᠢ ᠲᠠᠲᠠᠵᠣ ᠪᠣᠯᠬᠤ ᠦᠭᠡᠢ︔      ︵ ᠨᠢᠬᠡ︶ ᠺᠢᠨᠣ᠋ ᠵᠦᠴᠦᠬᠡ ᠶᠢᠨ ᠲᠢᠶᠠᠲᠷ᠂ ᠮᠦᠽᠸᠢ᠂ ᠨᠣᠮ ᠤᠨ ᠰᠠᠩ︔      ︵ ᠬᠤᠶᠠᠷ︶ ᠪᠠᠭᠤᠳᠠᠯ᠂ ᠵᠣᠴᠢᠳ ᠤᠨ ᠪᠠᠭᠤᠳᠠᠯ᠂ ᠲᠣᠮᠣ ᠬᠤᠳᠠᠯᠳᠣᠭᠠᠨ ᠤ ᠲᠠᠯᠠᠪᠣᠷ︔      ︵ ᠭᠤᠷᠪᠠ︶ ᠲᠡᠷᠬᠡᠨ ᠦᠷᠳᠡᠭᠡ ᠶᠢᠨ ᠪᠢᠯᠧᠲ ᠬᠤᠳᠠᠯᠳᠣᠬᠤ ᠭᠠᠵᠠᠷ ᠵᠢᠴᠢ ᠠᠶᠠᠨᠴᠢᠳ ᠤᠨ ᠳᠡᠷᠬᠡ ᠬᠦᠯᠢᠶᠡᠬᠦ ᠲᠠᠰᠤᠭ︔      ︵ᠳᠦᠷᠪᠡ︶ ᠲᠠᠮᠠᠬᠢ ᠲᠠᠲᠠᠬᠤ ᠭᠠᠵᠠᠷ ︵ ᠭᠡᠷ︶ ᠲᠣᠬᠢᠷᠠᠭᠤᠯᠣᠭᠰᠠᠨ ᠪᠣᠰᠣᠳ ᠣᠯᠠᠨ ᠨᠡᠶᠢᠲᠡ ᠶᠢᠨ ᠲᠠᠯᠠᠪᠣᠷ᠃      ᠶᠢᠰᠦᠳᠦᠭᠡᠷ ᠵᠦᠢᠯ      ᠲᠠᠮᠠᠬᠢ ᠲᠠᠲᠠᠬᠤ ᠶᠢ ᠴᠡᠭᠡᠷᠯᠡᠬᠦ ᠭᠠᠵᠠᠷ ᠲᠠᠯᠠᠪᠣᠷ ᠲᠤ ᠲᠣᠬᠢᠷᠠᠭᠤᠯᠣᠭᠰᠠᠨ ᠲᠣᠭᠲᠠᠭᠰᠠᠨ ᠲᠠᠮᠠᠬᠢ ᠲᠠᠲᠠᠬᠤ ᠭᠠᠵᠠᠷ ︵ᠲᠠᠰᠤᠭ︶ ᠪᠣᠶᠣ ᠵᠢᠭᠠᠨ ᠲᠣᠭᠲᠠᠭᠠᠭᠰᠠᠨ ᠲᠠᠮᠠᠬᠢ ᠲᠠᠲᠠᠬᠤ ᠭᠠᠵᠠᠷ ᠲᠤ ᠳᠣᠣᠷᠠᠬᠢ ᠲᠣᠭᠲᠠᠭᠠᠯ ᠢ ᠵᠢᠷᠣᠮᠯᠠᠬᠤ ᠬᠡᠷᠡᠭᠲᠡᠢ᠃     ︵ ᠨᠢᠬᠡ︶ ᠭᠠᠯ ᠰᠡᠷᠭᠡᠶᠢᠯᠡᠬᠦ ᠠᠶᠣᠯᠭᠦᠢ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔      ︵ ᠬᠤᠶᠠᠷ︶ ᠢᠯᠡ ᠲᠣᠳᠣ ᠵᠢᠭᠠᠯᠲᠠ ᠳᠡᠮᠳᠡᠭ ᠲᠠᠭᠠᠷᠠᠭᠤᠯᠣᠭᠰᠠᠨ ᠪᠠᠶᠢᠬᠤ︔     ︵ ᠭᠤᠷᠪᠠ︶ ᠲᠠᠮᠠᠬᠢ ᠲᠠᠲᠠᠬᠤ ᠳᠤ ᠬᠡᠷᠡᠭᠯᠡᠬᠦ ᠲᠣᠨᠤᠭ ᠲᠦᠭᠦᠭᠡᠷᠦᠮᠵᠢ ᠪᠠ ᠲᠠᠮᠠᠬᠢ ᠲᠠᠲᠠᠬᠤ ᠨᠢ ᠪᠡᠶ᠎ᠡ ᠶᠢᠨ ᠡᠷᠡᠬᠦᠯ ᠮᠡᠨᠳᠦ ᠳᠤ ᠬᠦᠨᠦᠬᠡᠯ ᠲᠠᠢ ᠬᠡᠬᠦ ᠢᠮ ᠳᠡᠮᠳᠡᠭ ᠢ ᠲᠣᠬᠢᠷᠠᠭᠤᠯᠣᠭᠰᠠᠨ ᠪᠠᠶᠢᠬᠤ︔      ︵ ᠳᠦᠷᠪᠡ︶ ᠲᠠᠮᠠᠬᠢ ᠲᠠᠲᠠᠬᠤ ᠶᠢ ᠴᠡᠭᠡᠷᠯᠡᠬᠦ ᠭᠠᠵᠠᠷ ᠲᠠᠯᠠᠪᠣᠷ ᠲᠠᠢ ᠲᠣᠰᠠᠭᠠᠷᠯᠠᠭᠰᠠᠨ ᠪᠦᠬᠡᠳ ᠲᠣᠰᠬᠠᠢ ᠠᠭᠠᠷᠵᠢᠭᠤᠯᠣᠭᠴᠢ ᠪᠠ ᠰᠠᠯᠬᠢᠪᠴᠢ ᠣᠭᠰᠠᠷᠠᠭᠰᠠᠨ ᠪᠠᠶᠢᠬᠤ︔      ︵ ᠲᠠᠪᠤ︶ ᠬᠦᠮᠦᠨ ᠬᠠᠷ᠎ᠠ ᠨᠢᠬᠳᠠ ᠴᠣᠭᠯᠠᠷᠠᠬᠤ ᠭᠠᠵᠠᠷ ᠪᠠ ᠬᠦᠮᠦᠨ ᠤ ᠶᠠᠪᠣᠵᠣ ᠦᠩᠭᠡᠷᠡᠬᠦ ᠵᠠᠮ ᠠᠴᠠ ᠵᠠᠶᠢᠳᠠᠢ ᠪᠠᠶᠢᠯᠭᠠᠬᠤ ᠬᠡᠷᠡᠭᠲᠡᠢ᠃      ᠭᠤᠷᠪᠠᠳᠣᠭᠠᠷ ᠪᠦᠯᠦᠭ      ᠲᠠᠮᠠᠬᠢ ᠲᠠᠲᠠᠬᠤ ᠶᠢ ᠴᠡᠭᠡᠷᠯᠡᠬᠦ ᠠᠷᠭ᠎ᠠ ᠠᠪᠴᠠᠯ       ᠠᠷᠪᠠᠳᠣᠭᠠᠷ ᠵᠦᠢᠯ      ᠬᠤᠰᠢᠭᠤᠨ ᠤ ᠡᠬᠡ ᠣᠷᠣᠨᠴᠢ ᠡᠷᠡᠬᠦᠯ ᠬᠠᠮᠠᠭᠠᠯᠠᠯ ᠤᠨ ᠵᠦᠪᠯᠡᠯ ᠪᠣᠯ ᠣᠯᠠᠨ ᠨᠡᠶᠢᠲᠡ ᠶᠢᠨ ᠲᠠᠯᠠᠪᠣᠷ ᠲᠤ ᠲᠠᠮᠠᠬᠢ ᠲᠠᠲᠠᠬᠤ ᠶᠢ ᠴᠡᠭᠡᠷᠯᠡᠬᠦ ᠠᠵᠢᠯ ᠢ ᠲᠦᠷᠦᠭᠦᠯᠡᠨ ᠠᠳᠬᠤᠬᠤ ᠪᠠᠶᠢᠭᠤᠯᠣᠮᠵᠢ ᠮᠦᠨ᠂ ᠭᠠᠵᠠᠷ ᠣᠷᠣᠨ ᠤ ᠪᠠᠨ ᠬᠡᠪᠴᠢᠶᠡᠨ ᠳᠠᠬᠢ ᠣᠯᠠᠨ ᠨᠡᠶᠢᠲᠡ ᠶᠢᠨ ᠭᠠᠵᠠᠷ ᠲᠠᠯᠠᠪᠣᠷ ᠲᠤ ᠲᠠᠮᠠᠬᠢ ᠲᠠᠲᠠᠬᠤ ᠶᠢ ᠴᠡᠭᠡᠷᠯᠡᠬᠦ ᠠᠵᠢᠯ ᠳᠤ ᠬᠢᠨᠠᠯᠲᠠ ᠲᠠᠯᠪᠢᠬᠤ ᠪᠠ ᠬᠠᠮᠢᠶᠠᠷᠣᠯᠲᠠ ᠬᠢᠬᠦ ᠶᠢ ᠬᠠᠷᠢᠭᠤᠴᠠᠨ᠎ᠠ᠃      ᠠᠷᠪᠠᠨ ᠨᠢᠬᠡᠳᠦᠭᠡᠷ ᠵᠦᠢᠯ      ᠡᠷᠡᠬᠦᠯ ᠬᠠᠮᠠᠭᠠᠯᠠᠯ ᠡᠷᠡᠬᠦᠯ ᠮᠡᠨᠳᠦ᠂ ᠣᠷᠣᠨ ᠰᠠᠭᠤᠴᠠ ᠪᠦᠲᠦᠭᠡᠨ ᠪᠠᠶᠢᠭᠤᠯᠣᠯᠲᠠ᠂ ᠰᠣᠷᠭᠠᠨ ᠬᠦᠮᠦᠵᠢᠯ᠂ ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ᠂ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ᠂ ᠵᠠᠮ ᠬᠠᠷᠢᠯᠴᠠᠭ᠎ᠠ ᠲᠡᠭᠡᠭᠡᠪᠦᠷᠢ᠂ ᠳᠣᠳᠣᠭᠠᠳᠣ ᠶᠢ ᠬᠠᠮᠠᠭᠠᠯᠠᠬᠤ᠂ ᠠᠷᠠᠳ ᠤᠨ ᠶᠠᠪᠣᠳᠠᠯ ᠵᠡᠷᠭᠡ ᠡᠬᠡ ᠣᠷᠣᠨᠴᠢ ᠡᠷᠡᠬᠦᠯ ᠬᠠᠮᠠᠭᠠᠯᠠᠯ ᠤᠨ ᠵᠦᠪᠯᠡᠯ ᠤᠨ ᠪᠦᠷᠢᠯᠳᠦᠬᠦᠨ ᠰᠠᠯᠠᠭ᠎ᠠ ᠮᠦᠴᠢᠷ ᠡᠬᠡ ᠣᠷᠣᠨᠴᠢ ᠡᠷᠡᠬᠦᠯ ᠬᠠᠮᠠᠭᠠᠯᠠᠯ ᠤᠨ ᠵᠦᠪᠯᠡᠯ ᠯᠦᠭᠡ ᠬᠠᠮᠵᠢᠯᠴᠠᠨ ᠣᠷᠣᠨ ᠪᠦᠰᠡ ᠶᠢᠨ ᠢᠶᠠᠨ ᠳᠣᠳᠣᠷᠠᠬᠢ ᠣᠯᠠᠨ ᠨᠡᠶᠢᠲᠡ ᠶᠢᠨ ᠭᠠᠵᠠᠷ ᠲᠠᠯᠠᠪᠣᠷ ᠲᠤ ᠲᠠᠮᠠᠬᠢ ᠲᠠᠲᠠᠬᠤ ᠶᠢ ᠴᠡᠭᠡᠷᠯᠡᠬᠦ ᠠᠵᠢᠯ ᠢ ᠨᠢᠬᠡᠳᠦᠯᠳᠡᠢ ᠲᠦᠯᠦᠪᠯᠡᠨ ᠰᠠᠶᠢᠳᠣᠷ ᠬᠢᠬᠦ ᠬᠡᠷᠡᠭᠲᠡᠢ︔ ᠡᠬᠦᠨ ᠤ ᠬᠠᠮᠳᠣ ᠲᠣᠰ ᠲᠣᠰ ᠤᠨ ᠬᠤᠪᠢᠳᠠᠨ ᠬᠠᠮᠢᠶᠠᠷᠴᠣ ᠪᠠᠶᠢᠭ᠎ᠠ ᠪᠠᠶᠢᠭᠤᠯᠭ᠎ᠠ ᠨᠢᠬᠡᠴᠡ᠂ ᠠᠵᠢᠯ ᠲᠦᠷᠦᠯ᠂ ᠭᠠᠵᠠᠷ ᠲᠠᠯᠠᠪᠣᠷ ᠣᠯᠠᠨ ᠨᠡᠶᠢᠲᠡ ᠶᠢᠨ ᠭᠠᠵᠠᠷ ᠲᠠᠯᠠᠪᠣᠷ ᠲᠤ ᠲᠠᠮᠠᠬᠢ ᠲᠠᠲᠠᠬᠤ ᠶᠢ ᠴᠡᠭᠡᠷᠯᠡᠬᠦ ᠠᠵᠢᠯ ᠦᠷᠨᠢᠬᠦᠯᠵᠦ ᠪᠠᠶᠢᠭ᠎ᠠ ᠪᠠᠶᠢᠳᠠᠯ ᠳᠤ ᠬᠢᠨᠡᠯᠲᠡ ᠲᠠᠯᠪᠢᠬᠤ᠂ ᠰᠢᠯᠭᠠᠨ ᠦᠨᠡᠯᠡᠬᠦ ᠠᠵᠢᠯ ᠢ ᠬᠠᠷᠢᠭᠤᠴᠠᠬᠤ ᠬᠡᠷᠡᠭᠲᠡᠢ᠃      ᠠᠷᠪᠠᠨ ᠬᠤᠶᠠᠳᠣᠭᠠᠷ ᠵᠦᠢᠯ      ᠳᠣᠣᠷᠠᠬᠢ ᠭᠠᠵᠠᠷ ᠲᠠᠯᠠᠪᠣᠷ᠂ ᠪᠠᠶᠢᠭᠤᠯᠭ᠎ᠠ ᠨᠢᠬᠡᠴᠡ ᠤᠳ ᠬᠠᠷᠢᠶ᠎ᠠ ᠠᠵᠢᠯᠯᠠᠬᠤ ᠭᠠᠵᠠᠷ ᠤᠨ ᠢᠶᠠᠨ ᠲᠠᠮᠠᠬᠢ ᠲᠠᠲᠠᠬᠤ ᠶᠢ ᠬᠤᠷᠢᠭᠯᠠᠬᠤ ᠠᠵᠢᠯ ᠳᠤ ᠬᠢᠨᠠᠯᠲᠠ ᠲᠠᠯᠪᠢᠵᠣ ᠬᠠᠮᠢᠶᠠᠷᠬᠤ ᠠᠵᠢᠯ ᠢ ᠬᠠᠷᠢᠭᠤᠴᠠᠨ᠎ᠠ᠄      ︵ ᠨᠢᠬᠡ︶ ᠵᠣᠴᠢᠳ ᠤᠨ ᠪᠠᠭᠤᠳᠠᠯ᠂ ᠬᠤᠭᠤᠯᠠᠨ ᠭᠡᠷ᠂ ᠠᠶᠠᠨᠴᠢᠨ ᠤ ᠪᠠᠭᠤᠳᠠᠯ᠂ ᠺᠣᠹᠧ ᠤᠨ ᠳᠡᠯᠭᠡᠭᠦᠷ ᠵᠡᠷᠭᠡ ᠬᠤᠨᠤᠭ ᠤᠨ ᠭᠠᠵᠠᠷ᠂ ᠬᠠᠷᠢᠯᠴᠠᠬᠤ ᠭᠠᠵᠠᠷ ᠲᠠᠯᠠᠪᠣᠷ ᠤᠳ ᠬᠠᠷᠢᠶ᠎ᠠ ᠠᠵᠢᠯ ᠤᠨ ᠭᠠᠵᠠᠷ ᠲᠠᠯᠠᠪᠣᠷ ᠤᠨ ᠢᠶᠠᠨ ᠲᠠᠮᠠᠬᠢ ᠲᠠᠲᠠᠬᠤ ᠶᠢ ᠬᠤᠷᠢᠭᠯᠠᠬᠤ ᠠᠵᠢᠯ ᠳᠤ ᠬᠢᠨᠠᠯᠲᠠ ᠬᠠᠮᠢᠶᠠᠷᠣᠯᠲᠠ ᠬᠢᠬᠦ ᠶᠢ ᠬᠠᠷᠢᠭᠤᠴᠠᠨ᠎ᠠ︔      ︵ ᠬᠤᠶᠠᠷ︶ ᠣᠯᠠᠨ ᠨᠡᠶᠢᠲᠡ ᠶᠢᠨ ᠪᠡᠶ᠎ᠡ ᠣᠬᠢᠶᠠᠬᠤ ᠭᠠᠵᠠᠷ᠂ ᠦᠰᠦ ᠵᠠᠰᠠᠬᠤ ᠭᠠᠵᠠᠷ᠂ ᠵᠢᠰᠦ ᠭᠤᠶᠣᠯᠠᠬᠤ ᠭᠠᠵᠠᠷ ᠵᠡᠷᠭᠡ ᠨᠢ ᠬᠠᠷᠢᠶ᠎ᠠ ᠠᠵᠢᠯ ᠤᠨ ᠭᠠᠵᠠᠷ ᠲᠠᠯᠠᠪᠣᠷ ᠤᠨ ᠢᠶᠠᠨ ᠲᠠᠮᠠᠬᠢ ᠲᠠᠲᠠᠬᠤ ᠶᠢ ᠬᠤᠷᠢᠭᠯᠠᠬᠤ ᠠᠵᠢᠯ ᠳᠤ ᠬᠢᠨᠠᠯᠲᠠ ᠬᠠᠮᠢᠶᠠᠷᠣᠯᠲᠠ ᠬᠢᠬᠦ ᠶᠢ ᠬᠠᠷᠢᠭᠤᠴᠠᠨ᠎ᠠ︔      ︵ ᠳᠦᠷᠪᠡ︶ ᠪᠡᠶ᠎ᠡ ᠶᠢᠨ ᠲᠠᠮᠢᠷ ᠤᠨ ᠲᠠᠯᠠᠪᠠᠢ ︵ ᠣᠷᠳᠣᠨ︶᠂ ᠣᠮᠪᠠᠯᠲᠠ ᠶᠢᠨ ᠲᠠᠯᠠᠪᠠᠢ ︵ᠣᠷᠳᠣᠨ︶᠂ ᠴᠡᠴᠡᠷᠯᠢᠭ ᠵᠡᠷᠭᠡ ᠪᠡᠶ᠎ᠡ ᠶᠢᠨ ᠲᠠᠮᠢᠷ᠂ ᠵᠤᠭ᠎ᠠ ᠴᠡᠩᠬᠡᠯ ᠤᠨ ᠲᠠᠯᠠᠪᠠᠢ ᠨᠢ  ᠬᠠᠷᠢᠶ᠎ᠠ ᠠᠵᠢᠯ ᠤᠨ ᠭᠠᠵᠠᠷ ᠲᠠᠯᠠᠪᠣᠷ  ᠤᠨ ᠢᠶᠠᠨ ᠲᠠᠮᠠᠬᠢ ᠲᠠᠲᠠᠬᠤ ᠶᠢ ᠬᠤᠷᠢᠭᠯᠠᠬᠤ ᠠᠵᠢᠯ ᠳᠤ ᠬᠢᠨᠠᠯᠲᠠ ᠬᠠᠮᠢᠶᠠᠷᠣᠯᠲᠠ ᠬᠢᠬᠦ ᠶᠢ ᠬᠠᠷᠢᠭᠤᠴᠠᠨ᠎ᠠ︔       ︵ᠲᠠᠪᠤ︶ ᠮᠦᠽᠸᠢ᠂ ᠨᠣᠮ ᠤᠨ ᠰᠠᠩ ᠵᠡᠷᠭᠡ ᠰᠣᠶᠣᠯ᠂ ᠰᠣᠯᠢᠯᠴᠠᠭᠠᠨ ᠤ ᠭᠠᠵᠠᠷ ᠲᠠᠯᠠᠪᠣᠷ ᠤᠳ ᠬᠠᠷᠢᠶ᠎ᠠ ᠠᠵᠢᠯ ᠤᠨ ᠭᠠᠵᠠᠷ ᠲᠠᠯᠠᠪᠣᠷ ᠤᠨ ᠢᠶᠠᠨ ᠲᠠᠮᠠᠬᠢ ᠲᠠᠲᠠᠬᠤ ᠶᠢ ᠬᠤᠷᠢᠭᠯᠠᠬᠤ ᠠᠵᠢᠯ ᠳᠤ ᠬᠢᠨᠠᠯᠲᠠ ᠬᠠᠮᠢᠶᠠᠷᠣᠯᠲᠠ ᠬᠢᠬᠦ ᠶᠢ ᠬᠠᠷᠢᠭᠤᠴᠠᠨ᠎ᠠ︔      ︵ ᠵᠢᠷᠭᠤᠭ᠎ᠠ︶ ᠬᠤᠳᠠᠯᠳᠣᠭᠠᠨ ᠤ ᠲᠠᠯᠠᠪᠠᠢ᠂ ᠨᠣᠮ ᠤᠨ ᠳᠡᠯᠭᠡᠭᠦᠷ ᠵᠡᠷᠭᠡ ᠪᠠᠷᠠᠭ᠎ᠠ ᠲᠠᠸᠠᠷ ᠬᠤᠳᠠᠯᠳᠣᠨ ᠠᠪᠬᠤ ᠭᠠᠵᠠᠷ ᠲᠠᠯᠠᠪᠣᠷ ᠤᠳ ᠬᠠᠷᠢᠶ᠎ᠠ ᠠᠵᠢᠯ ᠤᠨ ᠭᠠᠵᠠᠷ ᠲᠠᠯᠠᠪᠣᠷ ᠤᠨ ᠢᠶᠠᠨ ᠲᠠᠮᠠᠬᠢ ᠲᠠᠲᠠᠬᠤ ᠶᠢ ᠬᠤᠷᠢᠭᠯᠠᠬᠤ ᠠᠵᠢᠯ ᠳᠤ ᠬᠢᠨᠠᠯᠲᠠ ᠬᠠᠮᠢᠶᠠᠷᠣᠯᠲᠠ ᠬᠢᠬᠦ ᠶᠢ ᠬᠠᠷᠢᠭᠤᠴᠠᠨ᠎ᠠ︔       ︵ ᠳᠣᠯᠤᠭ᠎ᠠ︶ ᠰᠣᠷᠭᠠᠭᠤᠯᠢ᠂ ᠡᠮᠨᠡᠯᠬᠡ ᠶᠢᠨ ᠬᠤᠷᠢᠶ᠎ᠠ᠂ ᠠᠶᠠᠨᠴᠢᠨ ᠤ ᠲᠡᠭᠡᠭᠡᠪᠦᠷᠢ ᠶᠢᠨ ᠦᠷᠳᠡᠭᠡ ᠵᠡᠷᠭᠡ ᠰᠣᠷᠭᠠᠨ ᠬᠦᠮᠦᠵᠢᠯ᠂ ᠡᠮᠴᠢᠯᠡᠬᠡᠨ ᠤ ᠪᠠᠶᠢᠭᠤᠯᠣᠮᠵᠢ᠂ ᠵᠠᠮ ᠬᠠᠷᠢᠯᠴᠠᠭᠠᠨ ᠤ ᠨᠢᠬᠡᠴᠡ ᠤᠳ ᠬᠠᠷᠢᠶ᠎ᠠ ᠠᠵᠢᠯ ᠤᠨ ᠭᠠᠵᠠᠷ ᠲᠠᠯᠠᠪᠣᠷ ᠤᠨ ᠢᠶᠠᠨ ᠲᠠᠮᠠᠬᠢ ᠲᠠᠲᠠᠬᠤ ᠶᠢ ᠬᠤᠷᠢᠭᠯᠠᠬᠤ ᠠᠵᠢᠯ ᠳᠤ ᠬᠢᠨᠠᠯᠲᠠ ᠬᠠᠮᠢᠶᠠᠷᠣᠯᠲᠠ ᠬᠢᠬᠦ ᠶᠢ ᠬᠠᠷᠢᠭᠤᠴᠠᠨ᠎ᠠ︔      ︵ ᠨᠠᠢᠮᠠ︶ ᠬᠤᠢ ᠭᠤᠣᠯ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠴᠡᠴᠡᠷᠯᠢᠭ᠂ ᠵᠢᠭᠤᠯᠴᠢᠯᠠᠯ ᠤᠨ ᠦᠵᠡᠮᠵᠢ ᠶᠢᠨ ᠴᠡᠭ ᠵᠡᠷᠭᠡ ᠨᠢᠬᠡᠴᠡ ᠤᠳ ᠬᠠᠷᠢᠶ᠎ᠠ ᠠᠵᠢᠯ ᠤᠨ ᠭᠠᠵᠠᠷ ᠲᠠᠯᠠᠪᠣᠷ ᠤᠨ ᠢᠶᠠᠨ ᠲᠠᠮᠠᠬᠢ ᠲᠠᠲᠠᠬᠤ ᠶᠢ ᠬᠤᠷᠢᠭᠯᠠᠬᠤ ᠠᠵᠢᠯ ᠳᠤ ᠬᠢᠨᠠᠯᠲᠠ ᠬᠠᠮᠢᠶᠠᠷᠣᠯᠲᠠ ᠬᠢᠬᠦ ᠶᠢ ᠬᠠᠷᠢᠭᠤᠴᠠᠨ᠎ᠠ᠃      ᠠᠷᠪᠠᠨ ᠭᠤᠷᠪᠠᠳᠣᠭᠠᠷ ᠵᠦᠢᠯ      ᠲᠠᠮᠠᠬᠢ ᠲᠠᠲᠠᠬᠤ ᠶᠢ ᠴᠡᠭᠡᠷᠯᠡᠵᠦ ᠪᠠᠶᠢᠭ᠎ᠠ ᠣᠯᠠᠨ ᠨᠡᠶᠢᠲᠡ ᠶᠢᠨ ᠲᠠᠯᠠᠪᠣᠷ ᠤᠨ ᠪᠠᠶᠢᠭ᠎ᠠ ᠨᠢᠬᠡᠴᠡ ᠨᠢ ᠳᠣᠣᠷᠠᠬᠢ ᠡᠬᠦᠷᠭᠡ ᠬᠠᠷᠢᠭᠤᠴᠠᠯᠭ᠎ᠠ ᠶᠢ ᠬᠦᠢᠴᠡᠳᠬᠡᠬᠦ ᠬᠡᠷᠡᠭᠲᠡᠢ᠄      ︵ ᠨᠢᠬᠡ︶ ᠲᠣᠰ ᠪᠠᠶᠢᠭᠤᠯᠭ᠎ᠠ ᠨᠢᠬᠡᠴᠡ ᠶᠢᠨ ᠪᠣᠳᠠᠳᠣ ᠪᠠᠶᠢᠳᠠᠯ ᠲᠠᠢ ᠪᠠᠨ ᠣᠶᠠᠯᠳᠣᠭᠤᠯᠣᠨ ᠲᠠᠮᠠᠬᠢ ᠲᠠᠲᠠᠬᠤ ᠶᠢ ᠴᠡᠭᠡᠷᠯᠡᠬᠦ ᠣᠬᠠᠭᠤᠯᠭ᠎ᠠ ᠬᠦᠮᠦᠵᠢᠯ ᠤᠨ ᠠᠵᠢᠯ ᠢ ᠰᠠᠶᠢᠳᠣᠷ ᠬᠢᠨ᠎ᠡ︔       ︵ ᠬᠤᠶᠠᠷ︶ ᠲᠠᠮᠠᠬᠢ ᠲᠠᠲᠠᠬᠤ ᠶᠢ ᠴᠡᠭᠡᠷᠯᠡᠬᠦ ᠣᠯᠠᠨ ᠨᠡᠶᠢᠲᠡ ᠶᠢᠨ ᠲᠠᠯᠠᠪᠣᠷ ᠪᠣᠶᠣ ᠣᠷᠣᠨ ᠳᠤ ᠲᠠᠮᠠᠬᠢ ᠲᠠᠲᠠᠬᠤ ᠶᠢ ᠴᠡᠭᠡᠷᠯᠡᠬᠦ ᠳᠡᠮᠳᠡᠭ ᠢ ᠢᠯᠡ ᠭᠠᠵᠠᠷ ᠲᠤ ᠲᠠᠭᠠᠷᠠᠭᠤᠯᠵᠣ ᠲᠠᠯᠪᠢᠨ᠎ᠠ︔      ︵ ᠭᠤᠷᠪᠠ︶ ᠲᠠᠮᠠᠬᠢ ᠲᠠᠲᠠᠬᠤ ᠶᠢ ᠴᠡᠭᠡᠷᠯᠡᠬᠦ ᠣᠯᠠᠨ ᠨᠡᠶᠢᠲᠡ ᠶᠢᠨ ᠲᠠᠯᠠᠪᠣᠷ ᠪᠣᠶᠣ ᠣᠷᠣᠨ ᠤ ᠬᠡᠪᠴᠢᠶᠡᠨ  ᠳᠤ ᠲᠠᠮᠠᠬᠢᠨ ᠤ ᠲᠣᠬᠠᠢ ᠵᠠᠷ ᠮᠡᠳᠡᠬᠡᠨ ᠤ ᠳᠡᠮᠳᠡᠭ᠂ ᠪᠣᠳᠠᠰ ᠪᠣᠯᠣᠨ ᠲᠠᠮᠠᠬᠢ ᠲᠠᠲᠠᠬᠤ ᠳᠤ ᠬᠡᠷᠡᠭᠰᠡᠬᠦ ᠪᠠᠭᠠᠵᠢ ᠶᠢ ᠲᠠᠯᠪᠢᠵᠤ ᠪᠣᠯᠬᠤ ᠦᠭᠡᠢ︔       ︵ ᠳᠦᠷᠪᠡ  ︶ ᠲᠠᠮᠠᠬᠢ ᠲᠠᠲᠠᠬᠤ ᠶᠢ ᠴᠡᠭᠡᠷᠯᠡᠬᠦ ᠣᠯᠠᠨ ᠨᠡᠶᠢᠲᠡ ᠶᠢᠨ ᠲᠠᠯᠠᠪᠣᠷ ᠤᠨ ᠡᠳᠦᠷ ᠳᠣᠳᠣᠮ ᠤᠨ ᠬᠠᠮᠢᠶᠠᠷᠣᠯᠲᠠ ᠶᠢᠨ ᠠᠵᠢᠯ ᠢ ᠬᠠᠷᠢᠭᠤᠴᠠᠵᠣ᠂ ᠲᠣᠰᠬᠠᠢ ᠪᠠ ᠬᠠᠪᠰᠣᠷᠭᠠᠨ ᠬᠢᠬᠦ ᠬᠦᠮᠦᠨ ᠢ ᠲᠣᠬᠢᠷᠠᠭᠤᠯᠣᠨ ᠲᠠᠮᠠᠬᠢ ᠲᠠᠲᠠᠭᠰᠠᠳ ᠢ ᠢᠳᠬᠠᠨ ᠰᠠᠨᠠᠭᠤᠯᠬᠤ ᠠᠵᠢᠯ ᠢ ᠬᠠᠷᠢᠭᠤᠴᠠᠨ᠎ᠠ︔       ︵ ᠲᠠᠪᠤ︶ ᠬᠡᠷ ᠤᠨ ᠭᠠᠳᠠᠨᠠᠬᠢ ᠣᠯᠠᠨ ᠨᠡᠶᠢᠲᠡ ᠶᠢᠨ ᠲᠠᠯᠠᠪᠣᠷ ᠤᠨ ᠨᠠᠰᠢ ᠴᠠᠰᠢ ᠶᠠᠪᠣᠬᠤ ᠵᠠᠮ ᠳᠤ ᠲᠠᠮᠠᠬᠢ ᠲᠠᠲᠠᠬᠤ ᠭᠠᠵᠠᠷ ᠲᠣᠬᠢᠷᠠᠭᠤᠯᠵᠣ ᠪᠣᠯᠬᠤ ᠦᠭᠡᠢ᠃      ︵ ᠵᠢᠷᠭᠤᠭ᠎ᠠ︶ ᠣᠯᠠᠨ ᠨᠡᠶᠢᠲᠡ ᠶᠢᠨ ᠲᠠᠯᠠᠪᠣᠷ ᠲᠤ ᠲᠠᠮᠠᠬᠢ ᠬᠤᠳᠠᠯᠳᠣᠬᠤ ᠠᠦ᠋ᠲ᠋ᠤ᠋ ᠮᠠᠰᠢᠨ ᠲᠠᠭᠠᠷᠠᠭᠤᠯᠵᠣ ᠪᠣᠯᠬᠤ ᠦᠭᠡᠢ᠃      ᠠᠷᠪᠠᠨ ᠳᠦᠷᠪᠡᠳᠦᠭᠡᠷ ᠵᠦᠢᠯ      ᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠲᠠᠮᠠᠬᠢ ᠲᠠᠲᠠᠬᠤ ᠶᠢ ᠬᠤᠷᠢᠭᠯᠠᠬᠤ ᠣᠬᠠᠭᠤᠯᠭ᠎ᠠ ᠬᠦᠮᠦᠵᠢᠯ ᠢ ᠪᠠᠶᠢᠩᠭᠤ ᠶᠢᠨ ᠴᠢᠨᠠᠷᠳᠠᠢ ᠵᠣᠬᠢᠶᠠᠨ ᠪᠠᠶᠢᠭᠤᠯᠣᠨ ᠦᠷᠨᠢᠬᠦᠯᠵᠦ᠂ ᠡᠷᠡᠬᠦᠯ ᠪᠣᠯᠪᠠᠰᠣᠨ ᠠᠮᠢᠳᠣᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠨ᠂ ᠲᠠᠮᠠᠬᠢ   ᠶᠢ ᠴᠡᠭᠡᠷᠯᠡᠭᠰᠡᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ᠃      ᠰᠣᠷᠭᠠᠭᠤᠯᠢ ᠨᠤᠭᠤᠳ ᠲᠠᠮᠠᠬᠢ ᠲᠠᠲᠠᠬᠤ ᠶᠢ ᠬᠤᠷᠢᠭᠯᠠᠬᠤ ᠣᠬᠠᠭᠤᠯᠭ᠎ᠠ ᠬᠦᠮᠦᠵᠢᠯ ᠢ ᠰᠣᠷᠭᠠᠭᠤᠯᠢ ᠶᠢᠨ ᠡᠷᠡᠬᠦᠯ ᠮᠡᠨᠳᠦ ᠶᠢᠨ ᠬᠦᠮᠦᠵᠢᠯ ᠤᠨ ᠲᠦᠯᠦᠪᠯᠡᠭᠡ ᠳᠡᠭᠡᠨ ᠣᠷᠣᠭᠤᠯᠵᠣ᠂ ᠲᠠᠮᠠᠬᠢ ᠲᠠᠲᠠᠬᠤ ᠶᠢ ᠬᠤᠷᠢᠭᠯᠠᠬᠤ ᠣᠯᠠᠨ ᠠᠷᠭ᠎ᠠ ᠬᠡᠯᠪᠡᠷᠢ ᠶᠢᠨ ᠣᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠦᠷᠨᠢᠬᠦᠯᠬᠦ ᠬᠡᠷᠡᠭᠲᠡᠢ᠃ ᠳᠣᠮᠳᠠᠳᠣ ᠪᠠᠭ᠎ᠠ ᠰᠣᠷᠭᠠᠭᠤᠯᠢ ᠶᠢᠨ ᠡᠷᠬᠢᠨ ᠲᠣᠭᠤᠷᠢᠨ ᠳᠤ ᠨᠠᠪᠴᠢᠨ ᠲᠠᠮᠠᠬᠢ ᠪᠣᠷᠣᠯᠠᠭᠤᠯᠬᠤ ᠶᠢ ᠴᠠᠭᠠᠵᠢᠯᠠᠬᠤ᠂ ᠨᠠᠪᠴᠢᠨ ᠲᠠᠮᠠᠬᠢ ᠬᠤᠳᠠᠯᠳᠣᠨ ᠡᠵᠡᠩᠨᠡᠭᠴᠢ ᠨᠢ ᠨᠠᠰᠣᠨ ᠳᠤ ᠬᠦᠷᠦᠬᠡ ᠦᠭᠡᠢ ᠬᠦᠮᠦᠰ ᠲᠤ ᠨᠠᠪᠴᠢᠨ ᠲᠠᠮᠠᠬᠢ ᠶᠢᠨ ᠦᠢᠯᠡᠳᠬᠦᠨ ᠢ ᠬᠤᠳᠠᠯᠳᠣᠵᠣ ᠪᠣᠯᠬᠤ ᠦᠭᠡᠢ᠃ ᠳᠣᠮᠳᠠᠳᠣ ᠪᠠᠭ᠎ᠠ ᠰᠣᠷᠭᠠᠭᠤᠯᠢ᠂ ᠨᠠᠰᠣᠨ ᠳᠤ ᠦᠯᠦ ᠬᠦᠷᠦᠭᠰᠡᠳ ᠤᠨ ᠡᠴᠢᠬᠡ ᠡᠬᠡ ᠪᠣᠶᠣ ᠪᠣᠰᠣᠳ ᠠᠰᠠᠷᠠᠨ ᠬᠠᠷᠠᠭᠠᠯᠵᠠᠭᠴᠢ ᠨᠢ ᠨᠠᠰᠣᠨ ᠳᠤ ᠬᠦᠷᠦᠩᠭᠡ ᠦᠭᠡᠢ ᠬᠦᠮᠦᠰ ᠤᠨ ᠢᠶᠠᠨ ᠲᠠᠮᠠᠬᠢ ᠲᠠᠲᠠᠬᠤ ᠶᠢ ᠬᠤᠷᠢᠭᠯᠠᠬᠤ ᠬᠠᠷᠢᠭᠤᠴᠠᠯᠭ᠎ᠠ ᠡᠬᠦᠷᠭᠡᠯᠡᠬᠦ ᠬᠡᠷᠡᠭᠲᠡᠢ᠃      ᠷᠠᠳᠢᠤ᠋᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠢᠶᠠᠷ ᠳᠠᠮᠵᠢᠨ ᠣᠯᠠᠨ ᠨᠡᠶᠢᠲᠡ ᠳᠤ ᠠᠰᠢᠭ ᠲᠣᠰᠠ  ᠲᠠᠢ ᠣᠬᠠᠭᠤᠯᠭ᠎ᠠ ᠶᠢ ᠢᠳᠡᠪᠬᠢᠲᠡᠢ ᠦᠷᠨᠢᠬᠦᠯᠵᠦ᠂ ᠲᠠᠮᠠᠬᠢ ᠲᠠᠲᠠᠬᠤ ᠨᠢ ᠡᠷᠡᠬᠦᠯ ᠮᠡᠨᠳᠦ ᠲᠤ ᠬᠦᠨᠦᠬᠡᠯ ᠪᠣᠯᠬᠤ ᠶᠡᠷᠦ ᠶᠢᠨ ᠮᠡᠳᠡᠯᠬᠡ ᠶᠢᠨ ᠲᠣᠬᠠᠢ ᠣᠬᠠᠭᠤᠯᠭ᠎ᠠ ᠶᠢᠨ ᠵᠠᠷ ᠢ ᠲᠣᠭᠲᠠᠮᠠᠯ ᠬᠤᠭᠤᠴᠠᠭ᠎ᠠ ᠲᠠᠢ ᠦᠨ᠎ᠡ ᠲᠦᠯᠦᠪᠦᠷᠢ ᠦᠭᠡᠢ ᠪᠠᠷ ᠨᠡᠪᠲᠡᠷᠡᠬᠦᠯᠦᠨ ᠨᠡᠶᠢᠲᠡᠯᠡᠵᠦ᠂ ᠶᠠᠷᠢᠶ᠎ᠠ ᠬᠡᠯᠡᠯᠴᠡᠬᠡᠨ ᠤ ᠣᠳᠣᠷᠢᠳᠣᠮᠵᠢ ᠪᠠ ᠬᠢᠨᠠᠯᠲᠠ ᠲᠠᠯᠪᠢᠯᠲᠠ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠬᠤ ᠬᠡᠷᠡᠭᠲᠡᠢ᠃      ᠠᠷᠪᠠᠨ ᠲᠠᠪᠣᠳᠣᠭᠠᠷ ᠵᠦᠢᠯ       ᠬᠡᠷ ᠤᠨ ᠭᠠᠳᠠᠨ᠎ᠠ ᠪᠣᠶᠣ ᠣᠯᠠᠨ ᠨᠡᠶᠢᠲᠡ ᠶᠢᠨ ᠲᠠᠯᠠᠪᠣᠷ ᠲᠤ ᠨᠠᠪᠴᠢᠨ ᠲᠠᠮᠠᠬᠢᠨ ᠤ ᠵᠠᠷ ᠮᠡᠳᠡᠭᠡ ᠨᠠᠭᠠᠬᠤ ᠶᠢ ᠴᠡᠭᠡᠷᠯᠡᠨ᠎ᠡ᠃     ︵ ᠨᠢᠬᠡ︶ ᠷᠠᠳᠢᠣ᠋᠂ ᠺᠢᠨᠣ᠋ ᠲᠧᠯᠸᠢᠰ᠂ ᠰᠦᠯᠵᠢᠶ᠎ᠡ᠂ ᠰᠣᠨᠢᠨ ᠰᠡᠳᠬᠦᠯ ᠵᠡᠷᠭᠡ ᠵᠠᠭᠤᠴᠢᠯᠠᠭᠤᠷ ᠳᠡᠭᠡᠷ᠎ᠡ ᠨᠠᠪᠴᠢᠨ ᠲᠠᠮᠠᠬᠢᠨ ︵ᠪᠣᠶᠣ ᠦᠬᠡᠷ᠎ᠡ ᠬᠡᠯᠪᠡᠷᠢ ᠪᠠᠷ ᠨᠠᠪᠴᠢᠨ ᠲᠠᠮᠠᠬᠢ ᠬᠤᠳᠠᠯᠳᠣᠬᠤ︶ ᠤ ᠵᠠᠷ ᠨᠡᠶᠢᠲᠡᠯᠡᠬᠦ ᠶᠢ ᠴᠡᠭᠡᠷᠯᠡᠨ᠎ᠡ᠃      ︵ ᠬᠤᠶᠠᠷ︶ ᠨᠠᠪᠴᠢᠨ ᠲᠠᠮᠠᠬᠢᠨ ᠤ ᠪᠦᠲᠦᠭᠡᠭᠳᠡᠬᠦᠨ ᠢ ᠦᠢᠯᠡᠳᠪᠦᠷᠢᠯᠡᠭᠴᠢ ᠪᠠ ᠪᠣᠷᠣᠯᠠᠭᠤᠯᠣᠭᠴᠢ ᠶᠢᠨ ᠡᠯ᠎ᠡ ᠵᠦᠢᠯ ᠤᠨ ᠬᠡᠯᠪᠡᠷᠢ ᠶᠢᠨ ᠬᠤᠳᠠᠯᠳᠣᠭᠠᠨ ᠤ ᠳᠡᠮᠵᠢᠯᠬᠡ ᠦᠵᠡᠬᠦᠯᠬᠦ ᠶᠢ ᠴᠡᠭᠡᠷᠯᠡᠨ᠎ᠡ᠃      ︵ ᠭᠤᠷᠪᠠ︶ ᠨᠠᠪᠴᠢᠨ ᠲᠠᠮᠠᠬᠢᠨ ᠤ ᠪᠦᠲᠦᠭᠡᠭᠳᠡᠬᠦᠨ ᠤ ᠪᠣᠷᠣᠯᠠᠭᠤᠯᠭ᠎ᠠ ᠠᠬᠢᠭᠤᠯᠬᠤ ᠡᠯ᠎ᠡ ᠵᠦᠢᠯ ᠤᠨ ᠠᠵᠢᠯᠯᠠᠭ᠎ᠠ ᠬᠢᠬᠦ ᠶᠢ ᠴᠡᠭᠡᠷᠯᠡᠨ᠎ᠡ᠃      ᠠᠷᠪᠠᠨ ᠵᠢᠷᠭᠤᠳᠣᠭᠠᠷ ᠵᠦᠢᠯ      ᠡᠯ᠎ᠡ ᠰᠠᠯᠠᠭ᠎ᠠ ᠮᠦᠴᠢᠷ᠂ ᠡᠯ᠎ᠡ ᠰᠣᠮᠣ ᠰᠢᠶᠠᠩ ᠪᠠᠯᠭᠠᠰᠣ ᠶᠢᠨ ᠵᠠᠰᠠᠭ  ᠤᠨ ᠣᠷᠳᠣᠨ ᠠᠴᠠ ᠲᠠᠮᠠᠬᠢᠨ ᠣᠳᠤᠭ᠎ᠠ ᠦᠭᠡᠢ ᠪᠠᠶᠢᠭᠤᠯᠭ᠎ᠠ ᠨᠢᠬᠡᠴᠡ ᠶᠢ ᠡᠬᠦᠳᠬᠦ ᠶᠢ ᠵᠣᠷᠢᠭᠵᠢᠭᠤᠯᠵᠣ᠂ ᠲᠠᠮᠠᠬᠢ ᠲᠠᠲᠠᠬᠤ ᠶᠢ ᠬᠤᠷᠢᠭᠯᠠᠬᠤ ᠠᠵᠢᠯ ᠳᠤ ᠳᠣᠪᠣᠶᠢᠮ᠎ᠠ ᠬᠤᠪᠢ ᠨᠡᠮᠡᠷᠢ ᠦᠵᠡᠬᠦᠯᠦᠭᠰᠡᠨ ᠪᠠᠶᠢᠭᠤᠯᠭ᠎ᠠ ᠨᠢᠬᠡᠴᠡ ᠪᠣᠯᠣᠨ ᠬᠤᠪᠢ ᠬᠦᠮᠦᠨ ᠢ ᠰᠠᠶᠢᠰᠢᠶᠠᠨ ᠬᠦᠬᠢᠬᠦᠯᠬᠦ ᠬᠡᠷᠡᠭᠲᠡᠢ᠃      ︵ ᠨᠢᠬᠡ︶ ᠪᠠᠶᠢᠭᠤᠯᠭ᠎ᠠ᠂ ᠠᠵᠢᠯ ᠦᠢᠯᠡᠰ ᠤᠨ ᠨᠢᠬᠡᠴᠡ ᠵᠢᠴᠢ ᠠᠵᠢᠯᠳᠠᠨ ᠲᠠᠮᠠᠬᠢ ᠲᠠᠲᠠᠬᠤ ᠶᠢ ᠬᠤᠷᠢᠭᠯᠠᠬᠤ ᠬᠤᠯᠪᠣᠭᠳᠠᠯ ᠪᠦᠬᠦᠢ ᠲᠣᠭᠲᠠᠭᠠᠯ ᠢ ᠵᠢᠷᠣᠮᠯᠠᠵᠣ᠂ ᠲᠠᠮᠠᠬᠢ ᠲᠠᠲᠠᠬᠤ ᠶᠢ ᠬᠤᠷᠢᠭᠯᠠᠬᠤ ᠠᠵᠢᠯ ᠢ ᠲᠦᠷᠦᠬᠦᠯᠦᠨ ᠬᠡᠷᠡᠭᠵᠢᠬᠦᠯᠬᠦ ᠬᠡᠷᠡᠭᠲᠡᠢ᠃      ︵ ᠬᠤᠶᠠᠷ︶ ᠡᠯ᠎ᠡ ᠪᠠᠶᠢᠭᠤᠯᠭ᠎ᠠ ᠨᠢᠬᠡᠴᠡ ᠤᠳ ᠲᠠᠮᠠᠬᠢᠨ ᠣᠳᠤᠭ᠎ᠠ ᠦᠭᠡᠢ ᠣᠷᠴᠢᠨ ᠢ ᠡᠬᠦᠳᠬᠦ ᠠᠵᠢᠯ ᠢ ᠡᠳᠦᠷ ᠳᠣᠳᠣᠮ ᠤᠨ ᠬᠠᠮᠢᠶᠠᠷᠣᠯᠲᠠ ᠶᠢᠨ ᠠᠵᠢᠯ ᠳᠠᠭᠠᠨ ᠣᠷᠣᠭᠤᠯᠬᠤ ᠬᠡᠷᠡᠭᠲᠡᠢ︔      ︵ ᠭᠤᠷᠪᠠ︶ ᠡᠯ᠎ᠡ ᠱᠠᠳᠣᠨ ᠤ ᠡᠯ᠎ᠡ ᠲᠦᠷᠦᠯ ᠤᠨ ᠡᠮᠴᠢᠯᠡᠬᠡᠨ ᠤ ᠪᠠᠶᠢᠭᠤᠯᠣᠮᠵᠢ ᠤᠳ ᠳᠠᠮᠠᠬᠢ ᠵᠣᠬᠰᠣᠭᠠᠬᠤ ᠶᠢ ᠬᠦᠲᠦᠯᠦᠨ ᠵᠢᠯᠣᠭᠤᠳᠬᠤ ᠡᠬᠦᠳᠡᠨ ᠡᠮᠨᠡᠯᠬᠡ ᠭᠠᠷᠭᠠᠵᠣ᠂ ᠲᠠᠮᠠᠬᠢ ᠲᠠᠲᠠᠭᠴᠢᠳ ᠲᠤ ᠲᠠᠮᠠᠬᠢ  ᠠᠴᠠ ᠨᠢ ᠵᠣᠬᠰᠣᠭᠠᠬᠤ ᠳᠡᠮᠵᠢᠯᠬᠡ ᠦᠵᠡᠬᠦᠯᠬᠦ᠃      ᠳᠦᠷᠪᠡᠳᠦᠭᠡᠷ ᠪᠦᠯᠦᠭ      ᠬᠢᠨᠠᠯᠲᠠ ᠬᠠᠮᠢᠶᠠᠷᠣᠯᠲᠠ       ᠠᠷᠪᠠᠨ ᠳᠣᠯᠣᠳᠣᠭᠠᠷ ᠵᠦᠢᠯ      ᠬᠤᠰᠢᠭᠤᠨ ᠤ ᠡᠬᠡ ᠣᠷᠣᠨᠴᠢ ᠡᠷᠡᠬᠦᠯ ᠬᠠᠮᠠᠭᠠᠯᠠᠯ ᠤᠨ ᠵᠦᠪᠯᠡᠯ ᠲᠣᠰ ᠠᠷᠭ᠎ᠠ ᠶᠢᠨ ᠨᠠᠶᠢᠳᠠᠪᠣᠷᠢᠵᠢᠭᠤᠯᠣᠯᠲᠠ ᠳᠤ ᠬᠢᠨᠠᠯᠲᠠ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃      ᠠᠷᠪᠠᠨ ᠨᠠᠢᠮᠠᠳᠣᠭᠠᠷ ᠵᠦᠢᠯ      ᠡᠷᠬᠡᠳᠦ ᠠᠷᠠᠳ ᠠᠴᠠ ᠲᠠᠮᠠᠬᠢ ᠲᠠᠲᠠᠬᠤ ᠶᠢ ᠴᠡᠭᠡᠷᠯᠡᠬᠦ ᠲᠠᠯᠠᠪᠣᠷ ᠲᠤ ᠲᠠᠮᠠᠬᠢ ᠲᠠᠲᠠᠬᠤ ᠶᠢ ᠢᠳᠬᠠᠨ ᠬᠤᠷᠢᠭᠯᠠᠬᠤ ᠡᠷᠬᠡ ᠲᠠᠢ ᠪᠦᠬᠡᠳ ᠲᠠᠮᠠᠬᠢ ᠲᠠᠲᠠᠬᠤ ᠶᠢ ᠴᠡᠭᠡᠷᠯᠡᠬᠦ ᠣᠯᠠᠨ ᠨᠡᠶᠢᠲᠡ  ᠶᠢᠨ ᠲᠠᠯᠠᠪᠣᠷ ᠤᠨ ᠪᠠᠶᠢᠭ᠎ᠠ ᠨᠢᠬᠡᠴᠡ᠂ ᠲᠠᠯᠠᠪᠣᠷ ᠭᠠᠵᠠᠷ ᠢ ᠲᠣᠰ ᠠᠷᠭ᠎ᠠ ᠶᠢᠨ ᠠᠷᠪᠠᠨ ᠬᠤᠶᠠᠳᠣᠭᠠᠷ ᠵᠦᠢᠯ ᠤᠨ ᠲᠣᠭᠲᠠᠭᠠᠯ ᠢ ᠬᠡᠷᠡᠭᠵᠢᠬᠦᠯᠬᠦ ᠬᠡᠷᠡᠭᠲᠡᠢ ᠭᠡᠵᠦ ᠱᠠᠭᠠᠷᠳᠠᠬᠤ ᠡᠷᠬᠡ ᠲᠠᠢ᠃      ᠠᠷᠪᠠᠨ ᠶᠢᠰᠦᠳᠦᠭᠡᠷ ᠵᠦᠢᠯ      ᠬᠢᠨᠠᠨ ᠪᠠᠶᠢᠴᠠᠭᠠᠭᠴᠢ ᠨᠢ ᠭᠤᠣᠯᠴᠢ ᠪᠦᠭᠡᠳ ᠪᠣᠯᠪᠠᠰᠣᠨ ᠢᠶᠠᠷ ᠬᠠᠣᠯᠢ ᠬᠡᠷᠡᠭᠵᠢᠬᠦᠯᠬᠦ ᠬᠡᠷᠡᠭᠲᠡᠢ᠃ ᠬᠠᠣᠯᠢ ᠬᠡᠷᠡᠭᠵᠢᠬᠦᠯᠬᠦ ᠳᠡᠭᠡᠨ ᠬᠠᠣᠯᠢ ᠬᠡᠷᠡᠭᠵᠢᠬᠦᠯᠬᠦ ᠦᠨᠡᠮᠯᠡᠯ ᠢᠶᠠᠨ ᠦᠵᠡᠬᠦᠯᠵᠦ᠂ ᠬᠠᠣᠯᠢ ᠶᠣᠰᠣᠭᠠᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠦᠭᠡᠢ ᠪᠠᠶᠢᠪᠠᠯ ᠬᠠᠮᠢᠶ᠎ᠠ ᠪᠦᠬᠦᠢ ᠰᠠᠯᠠᠭ᠎ᠠ ᠮᠦᠴᠢᠷ  ᠠᠴᠠ ᠬᠠᠣᠯᠢ ᠶᠣᠰᠣᠭᠠᠷ ᠰᠢᠬᠦᠮᠵᠢᠯᠡᠨ ᠬᠦᠮᠦᠵᠢᠬᠦᠯᠬᠦ ᠪᠣᠶᠣ ᠵᠠᠰᠠᠭ ᠵᠠᠬᠢᠷᠭᠠᠨ ᠤ ᠰᠢᠳᠬᠡᠯ ᠦᠭᠬᠦ ᠬᠡᠷᠡᠭᠲᠡᠢ᠃      ᠲᠠᠪᠣᠳᠣᠭᠠᠷ ᠪᠦᠯᠦᠭ       ᠳᠠᠭᠠᠯᠳᠣᠭᠤᠯᠣᠯ ᠳᠦᠷᠢᠮ       ᠬᠤᠶᠠᠳᠣᠭᠠᠷ ᠵᠦᠢᠯ      ᠬᠠᠣᠯᠢ ᠴᠠᠭᠠᠵᠠ᠂ ᠬᠠᠣᠯᠢ ᠲᠣᠭᠲᠠᠭᠠᠯ᠂ ᠳᠦᠷᠢᠮ ᠲᠣᠭᠲᠠᠭᠠᠯ ᠳᠤ ᠲᠠᠮᠠᠬᠢ ᠲᠠᠲᠠᠬᠤ ᠶᠢ ᠬᠤᠷᠢᠭᠯᠠᠬᠤ ᠲᠣᠬᠠᠢ ᠠᠰᠳᠠᠭᠠᠨ ᠲᠣᠭᠲᠠᠭᠠᠯ ᠪᠠᠶᠢᠪᠠᠯ᠂ ᠲᠡᠬᠦᠨ ᠤ ᠲᠣᠭᠲᠠᠭᠠᠯ ᠶᠣᠰᠣᠭᠠᠷ ᠬᠡᠷᠡᠭᠵᠢᠬᠦᠯᠬᠦ ᠬᠡᠷᠡᠭᠲᠡᠢ᠃      ᠬᠤᠷᠢᠨ ᠨᠢᠬᠡᠳᠦᠭᠡᠷ ᠵᠦᠢᠯ      ᠲᠣᠰ ᠲᠣᠭᠲᠠᠭᠠᠯ ᠤᠨ ᠪᠣᠳᠠᠳᠠᠢ ᠬᠡᠷᠡᠭ ᠤᠳ ᠢ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠠᠴᠠ ᠬᠠᠷᠢᠭᠤᠴᠠᠨ ᠲᠠᠶᠢᠯᠪᠣᠷᠢᠯᠠᠨ᠎ᠠ᠃      ᠬᠤᠷᠢᠨ ᠬᠤᠶᠠᠳᠣᠭᠠᠷ ᠵᠦᠢᠯ      ᠲᠣᠰ ᠲᠣᠭᠲᠠᠭᠠᠯ ᠤᠨ ᠬᠦᠴᠦᠨ ᠲᠠᠢ ᠬᠤᠭᠤᠴᠠᠭ᠎ᠠ ᠨᠢ ᠬᠤᠶᠠᠷ ᠵᠢᠯ ᠪᠣᠯᠣᠨ᠎ᠠ᠂ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠬᠦᠯᠬᠦ ᠬᠡᠷᠡᠭᠲᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号