ᠰᠢᠯᠢ ᠶᠢᠨ ᠭᠤᠤᠯ ᠠᠶᠢᠮᠠᠬ ᠤᠨ 150 ᠭᠠᠷᠤᠢ ᠠᠵᠤ ᠠᠬᠤᠢᠢᠯᠠᠯ 4000 ᠭᠠᠷᠤᠢ ᠠᠵᠢᠯ ᠤᠨ ᠪᠠᠢᠷᠢᠢ ᠲᠡᠭᠡᠷ᠎ᠡ  ᠠᠵᠢᠯᠳᠠᠨ ᠡᠯᠰᠡᠵᠦ ᠡᠬᠢᠯᠡᠯ᠎ᠠ
ᠨᠡᠶᠢᠲᠡᠯᠡᠭᠰᠡᠨ ᠴᠠᠭ᠄
2019/11/12
   10 ᠰᠠᠷ᠎ᠠ ᠶᠢᠨ 27 ᠤ ᠡᠳᠦᠷ᠂ ᠰᠢᠯᠢᠩᠬᠤᠳᠠ ᠳᠤ ᠪᠤᠯᠤᠭᠰᠠᠨ ᠰᠢᠯᠢ ᠶᠢᠨ ᠭᠤᠤᠯ ᠠᠶᠢᠮᠠᠭ ᠤᠨ ᠠᠵᠢᠯ ᠤᠯᠭᠤᠵᠤ ᠦᠢᠯᠡᠰ ᠪᠤᠰᠬᠠᠬᠤ ᠦᠢᠯᠡᠴᠢᠯᠡᠭᠡᠨ ᠤ ᠲᠠᠨᠢᠯᠴᠠᠭᠤᠯᠭ᠎ᠠ ᠶᠢᠨ ᠬᠤᠷᠠᠯ ᠲᠡᠭᠡᠷ᠎ᠡ᠂ ᠪᠦᠬᠦ ᠠᠶᠢᠮᠠᠭ ᠤᠨ ᠬᠡᠪᠴᠢᠶᠡᠨ ᠤ 150 ᠭᠠᠷᠤᠢ ᠠᠵᠤ ᠠᠬᠤᠢᠢᠯᠠᠯ ᠨᠡᠶᠢᠭᠡᠮ ᠨᠡᠶᠢᠳᠡ ᠳᠤ ᠰᠢᠯᠢᠳᠡᠭ ᠠᠳᠠᠯ ᠦᠢᠯᠡᠰ ᠪᠤᠰᠬᠠᠭᠰᠠᠨ ᠲᠦᠷᠦᠯ ᠵᠦᠢᠯ ᠢ ᠲᠠᠨᠢᠯᠴᠠᠭᠤᠯᠬᠤ ᠵᠢᠨ‌ᠬᠠᠮᠳᠤ᠂ 710 ᠭᠠᠷᠤᠢ ᠤᠷᠤᠨ ᠪᠠᠶᠢᠷᠢ ᠳᠤ ᠬᠤᠯᠪᠤᠭᠳᠠᠭᠰᠠᠨ ᠨᠡᠶᠢᠳᠡ 4038 ᠠᠵᠢᠯ ᠤᠨ ᠪᠠᠶᠢᠷᠢ ᠳᠤ ᠠᠵᠢᠯᠴᠢᠨ ᠡᠯᠰᠡᠵᠦ‌ᠡᠬᠢᠯᠡᠵᠠᠢ᠃            ᠲᠤᠰ ᠡᠳᠦᠷ ᠤᠨ ᠲᠠᠨᠢᠯᠴᠠᠭᠤᠯᠭ᠎ᠠ ᠶᠢᠨ ᠬᠤᠷᠠᠯ ᠲᠡᠭᠡᠷ᠎ᠡ᠂ ᠠᠵᠢᠯ ᠡᠷᠢᠬᠦ ᠪᠠᠷ  ᠢᠷᠡᠭᠰᠡᠳ ᠤᠨ  ᠲᠤᠲᠤᠷ᠎ᠠ  ᠴᠦᠬᠡᠨ ᠪᠤᠰᠤ ᠶᠡᠭᠡ ᠲᠡᠭᠡᠳᠤ ᠰᠤᠷᠭᠠᠭᠤᠯᠢ ᠶᠢᠨ ᠤᠶᠤᠳᠠᠳ ᠪᠤᠢ᠃ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠵᠢᠨ‌ᠤᠰᠤ ᠬᠦᠷᠦᠰᠤᠨ ᠤ ᠬᠠᠮᠠᠭᠠᠯᠠᠯᠳᠠ ᠶᠢᠨ ᠮᠡᠷᠭᠡᠵᠢᠯ ᠤᠨ  ᠰᠠᠯᠪᠤᠷᠢ ᠶᠢᠨ  ᠬᠤᠶᠠᠳᠤᠭᠠᠷ  ᠤᠨ ᠤ  ᠤᠶᠤᠳᠠᠨ  ᠶᠠᠩ  ᠭᠤᠸᠠᠩ ᠰᠤᠷᠪᠤᠯᠵᠢᠯᠠᠭᠴᠢ ᠳᠤ᠄ ︽ᠮᠢᠨᠤ ᠬᠤᠪᠢ ᠳᠤ  ᠰᠤᠷᠤᠭᠰᠠᠨ  ᠮᠡᠷᠭᠡᠵᠢᠯ ᠢᠶᠠᠷ ᠢᠶᠠᠨ  ᠠᠵᠢᠯ  ᠤᠯᠬᠤ  ᠪᠤᠯ  ᠲᠠᠪᠠᠭᠤᠯᠢᠭ  ᠭᠡᠵᠦ ᠦᠵᠡᠨ᠎ᠡ᠂ ᠡᠶᠢᠮᠤ ᠠᠴᠠ ᠦᠨᠦᠳᠦᠷ ᠪᠢ ᠪᠠᠶᠢᠳᠠᠯ ᠢ ᠤᠢᠢᠯᠠᠭᠠᠬᠤ ᠪᠠᠷ ᠲᠠᠮᠵᠢᠭᠠᠳ ᠠᠵᠤ ᠠᠬᠤᠢᠢᠯᠠᠯ ᠤᠨ  ᠠᠵᠢᠯᠴᠢᠨ  ᠡᠯᠰᠡᠬᠦ‌‍ᠶᠡᠷᠦᠩᠬᠡᠢ ᠪᠠᠶᠢᠳᠠᠯ ᠭᠢᠭᠡᠳ ᠠᠵᠢᠯ ᠤᠯᠭᠤᠯᠳᠠ ᠶᠢᠨ ᠲᠦᠷᠦ ᠶᠢᠨ ᠪᠤᠳᠤᠯᠭ᠎ᠠ ᠶᠢᠨ ᠲᠤᠬᠠᠢ ᠤᠢᠢᠯᠠᠭᠠᠵᠤ  ᠮᠡᠳᠡᠭᠰᠡᠨ ᠨᠢ  ᠮᠢᠨᠦ‌‍ᠶᠡᠭᠡ ᠤᠯᠤᠯᠳᠠ ᠪᠤᠯᠤᠨ᠎ᠠ︾ ᠭᠡᠵᠦ ᠶᠠᠷᠢᠵᠤ ᠪᠠᠶᠢᠯ᠎ᠠ᠃            ᠡᠨᠡ ᠲᠤᠬᠠᠢ ᠰᠢᠯᠢ ᠶᠢᠨ ᠭᠤᠤᠯ  ᠠᠶᠢᠮᠠᠭ ᠤᠨ ᠬᠦᠮᠦᠨ ᠤ ᠬᠦᠴᠦᠨ ᠤ  ᠡᠬᠢ  ᠪᠠᠶᠠᠯᠢᠭ  ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠲᠠᠷᠤᠭ᠎ᠠ ᠴᠡᠩᠭᠡᠯ ᠲᠠᠨᠢᠯᠴᠠᠭᠤᠯᠬᠤ ᠳᠠᠭᠠᠨ᠄ ︽ᠠᠵᠢᠯ ᠤᠯᠭᠤᠵᠤ ᠦᠢᠯᠡᠰ ᠪᠤᠰᠬᠠᠬᠤ  ᠲᠤᠬᠠᠢ‌‍ᠲ᠋ᠦ᠋ᠷᠦ ᠶᠢᠨ  ᠪᠤᠳᠤᠯᠭ᠎ᠠ ᠶᠢ  ᠨᠡᠶᠢᠭᠡᠮ ᠨᠡᠶᠢᠳᠡ ᠳᠤ  ᠤᠬᠠᠭᠤᠯᠬᠤ᠂ ᠠᠵᠢᠯ ᠤᠨ ᠦᠷ᠎ᠡ  ᠪᠦᠲᠦᠮᠵᠢ ᠶᠢ  ᠤᠯᠠᠨ ᠳᠤ ᠲᠠᠨᠢᠯᠴᠠᠭᠤᠯᠬᠤ ᠶᠢᠨ ᠤᠯᠠᠮ ᠢᠶᠠᠷ ᠠᠵᠢᠯ ᠤᠯᠬᠤ ᠳᠤ ᠬᠦᠴᠢᠷ ᠪᠤᠶᠤ ᠠᠵᠢᠯᠳᠠᠨ ᠠᠵᠢᠯᠴᠢᠨ ᠡᠯᠰᠡᠬᠦ ᠳᠤ ᠬᠦᠴᠢᠷ ᠠᠰᠠᠭᠤᠳᠠᠯ ᠢ ᠲᠤᠬᠢᠲᠠᠢ ᠰᠢᠢᠳᠪᠦᠷᠢᠯᠡᠬᠦ ᠳᠤ ᠰᠢᠯᠢᠳᠡᠭ ᠰᠠᠶᠢᠨ ᠲᠠᠪᠴᠠᠩ ᠬᠠᠨᠭ᠍ᠭᠠᠬᠤ ᠶᠢᠨ ᠲᠦᠯᠦᠭᠡ ᠶᠤᠮ︾ ᠭᠡᠯ᠎ᠠ᠃            ᠤᠢᠢᠷ᠎ᠠ ᠶᠢᠨ ᠵᠢᠯ ᠳᠤ᠂ ᠰᠢᠯᠢ ᠶᠢᠨ ᠭᠤᠤᠯ ᠠᠶᠢᠮᠠᠭ ᠢᠮᠠᠬᠳᠠ ᠠᠵᠢᠯ ᠤᠯᠭᠤᠯᠳᠠ ᠶᠢᠨ ᠲᠤᠭᠳᠠᠭᠤᠨ ᠪᠠᠶᠢᠯᠭᠠᠬᠤ ᠵᠢ‌‍ᠴᠢᠩᠭ᠎ᠠ  ᠠᠳᠬᠤᠵᠤ᠂  ᠨᠢᠭᠡ  ᠪᠦᠯᠦᠭ ᠲᠦᠷᠦ ᠶᠢᠨ ᠪᠤᠳᠤᠯᠭ᠎ᠠ ᠶᠢᠨ  ᠴᠢᠨᠠᠷᠳᠠᠢ   ᠪᠢᠴᠢᠭ ᠮᠠᠲ᠋ᠧᠷᠢᠶᠠᠯ ᠢ  ᠲᠤᠭᠳᠠᠭᠠᠨ ᠬᠡᠷᠡᠭᠵᠢᠭᠦᠯᠵᠦ᠂ ᠪᠦᠬᠦ ᠠᠶᠢᠮᠠᠭ ᠤᠨ ᠠᠵᠢᠯ ᠤᠯᠭᠤᠵᠤ ᠦᠢᠯᠡᠰ ᠪᠤᠰᠬᠠᠬᠤ ᠲᠤᠬᠠᠢ ᠲᠦᠷᠤ ᠶᠢᠨ  ᠪᠤᠳᠤᠯᠭ᠎ᠠ ᠶᠢᠨ ᠰᠢᠰᠲ᠋ᠧᠮ ᠢ ᠴᠢᠨᠠᠬᠰᠢᠳᠠ ᠪᠦᠷᠢᠨᠰᠢᠭᠦᠯᠬᠦ ᠶᠢᠨ ᠵᠡᠷᠭᠡ ᠪᠠᠷ ᠨᠡᠩ ᠤᠯᠠᠨ ᠠᠵᠢᠯ  ᠡᠷᠢᠭᠰᠡᠳ ᠲᠤ ᠲᠤᠬᠢᠲᠠᠢ ᠰᠠᠶᠢᠬᠠᠨ ᠠᠵᠢᠯ ᠤᠨ ᠪᠠᠶᠢᠷᠢ ᠬᠠᠨᠭ᠍ᠭᠠᠬᠤ ᠶᠢ ᠪᠠᠲᠤᠯᠠᠭᠰᠠᠭᠠᠷ ᠢᠷᠡᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号