ᠤᠯᠠᠭᠠᠨᠮᠦ᠋ᠴᠢᠷ ᠤᠨ ᠨᠠᠭᠠᠳᠤᠮ ᠤᠨ ᠦᠶ᠎ᠡ ᠪᠠᠷ ᠬᠢ ᠲᠤᠷᠭᠠᠨ ᠭᠱᠠᠨ
ᠨᠡᠶᠢᠲᠡᠯᠡᠭᠰᠡᠨ ᠴᠠᠭ᠄
2019/11/14
       
    ᠨᠠᠢᠮᠠᠳᠣᠭᠠᠷ ᠬᠤᠭᠤᠴᠠᠭᠠᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠤᠷᠠᠯᠢᠬ ᠤᠨ ᠨᠠᠭᠠᠳᠤᠮ 20 ᠤ ᠡᠳᠦᠷ ᠠᠯᠠᠱᠠ ᠠᠶᠢᠮᠠᠬ ᠤᠨ ᠠᠯᠠᠱᠠ ᠵᠡᠭᠦᠨ ᠬᠤᠰᠢᠭᠤᠨ ᠤ ᠦᠷᠡᠰ ᠤᠨ ᠲᠠᠯ᠎ᠠ ᠳᠤ ᠨᠡᠭᠡᠭᠡᠯᠲᠡ ᠪᠠᠨ ᠬᠢᠪᠡ᠃ ᠶᠢᠰᠦᠨ ᠡᠳᠦᠷ ᠦᠷᠭᠦᠯᠵᠢᠯᠡᠬᠦ ᠲᠤᠰ ᠨᠠᠭᠠᠳᠤᠮ ᠳᠤ ᠦᠪᠦᠷ ᠮᠤᠩᠭᠤᠯ ᠤᠨ ᠡᠯ᠎ᠡ ᠭᠠᠵᠠᠷ ᠵᠢᠴᠢ ᠭᠠᠨᠰᠦ᠂ ᠬᠦᠬᠡᠨᠠᠭᠤᠷ᠂ ᠰᠢᠨᠵᠢᠶᠠᠩ᠂ ᠯᠢᠶᠤᠤᠨᠢᠩ᠂ ᠭᠢᠷᠢᠨ᠂ ᠬᠠᠷᠠᠮᠦ᠋ᠷᠡᠨ ᠵᠡᠷᠭᠡ ᠮᠤᠵᠢ ᠤᠷᠤᠨ ᠤ 22 ᠰᠢᠯᠢᠳᠡᠭ ᠤᠯᠠᠭᠠᠨᠮᠦ᠋ᠴᠢᠷ ᠤᠨ ᠮᠢᠩᠭ᠎ᠠ ᠰᠢᠬᠠᠮ ᠲᠤᠬᠯᠠᠬᠴᠢᠳ ᠬᠦᠷᠦᠯᠴᠡᠨ ᠢᠷᠡᠵᠦ᠂ ᠴᠠᠬᠳᠠᠭᠠᠨ ᠤ ᠭᠠᠵᠠᠷ᠂ ᠬᠢᠯᠢ ᠶᠢᠨ ᠬᠠᠷᠠᠭᠤᠯ ᠂ ᠬᠢᠯᠢ ᠶᠢᠨ ᠪᠤᠭᠤᠮᠳᠠ᠂ ᠬᠦᠷᠢᠶᠡᠯᠡᠩ᠂ ᠬᠦᠳᠡᠭᠡ ᠲᠤᠰᠬᠤᠨ ᠮᠠᠯᠵᠢᠬᠤ ᠤᠷᠤᠨ ᠳᠤ ᠬᠦᠷᠴᠦ ᠲᠤᠬᠯᠠᠨ᠂ ᠤᠯᠠᠭᠠᠨᠮᠦ᠋ᠴᠢᠷ ᠤᠨ ᠰᠢᠯᠢᠳᠡᠭ ᠪᠦᠲᠦᠭᠡᠯ ᠢᠶᠠᠨ ᠦᠵᠡᠭᠦᠯᠵᠦ᠂ ᠠᠯᠠᠱᠠ ᠨᠤᠲᠤᠬ ᠤᠨ ᠤᠯᠠᠨ ᠲᠦᠮᠡᠨ ᠳᠤ ᠦᠨᠳᠦᠰᠦᠲᠡᠨ ᠤ ᠰᠤᠶᠤᠯ ᠤᠨ ᠦᠷ᠎ᠡ ᠪᠦᠲᠦᠭᠡᠯ ᠢ ᠰᠤᠨᠢᠷᠬᠠᠭᠤᠯᠤᠬᠰᠠᠨ ᠪᠠᠶᠢᠨ᠎ᠠ᠃ ︵ᠭᠡᠷᠡᠯ ᠵᠢᠷᠤᠬ ᠢ ᠸᠠᠩ ᠵᠤᠩ︶
 
ᠢᠷᠡᠯᠲᠡ᠄ ᠰᠢᠨᠬᠤᠸᠠ ᠨᠸᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号