ᠡᠯᠧᠺᠲᠷᠤᠨ ᠲᠠᠮᠠᠬᠢ ᠵᠢᠷᠦᠬᠡᠨ ᠡᠪᠡᠳᠴᠢᠨ ᠤ ᠲᠦᠭᠰᠢᠭᠦᠷᠢ ᠶᠢ ᠨᠡᠮᠡᠭᠳᠡᠭᠦᠯᠬᠦ  ᠪᠣᠯᠤᠯᠴᠠᠭ᠎ᠠ ᠲᠠᠢ
ᠨᠡᠶᠢᠲᠡᠯᠡᠭᠰᠡᠨ ᠴᠠᠭ᠄
2019/11/14
   ᠰᠢᠨᠬᠤᠸᠠ ᠬᠤᠷᠢᠶᠠᠨ ᠤ ᠸᠠᠰᠢᠩᠲ᠋ᠣᠨ ᠤ 5 ᠰᠠᠷ᠎ᠠ ᠶᠢᠨ 27 ᠤ ᠡᠳᠦᠷ ᠤᠨ ᠮᠡᠳᠡᠭᠡ  ︵ᠰᠤᠷᠪᠤᠯᠵᠢᠯᠠᠭᠴᠢ ᠵᠧᠤ ᠵᠧᠤ︶ ᠠᠮᠧᠷᠢᠺᠠ ᠶᠢᠨ ᠬᠠᠮᠤᠭ ᠤᠨ ᠰᠢᠨ᠎ᠡ ᠨᠢᠭᠡᠨ ᠰᠤᠳᠤᠯᠭᠠᠨ ᠳᠤ᠂  ᠡᠯᠧᠺᠲᠷᠤᠨ  ᠲᠠᠮᠠᠬᠢᠨ ᠤ  ᠠᠩᠬᠢᠯᠤᠮ᠎ᠠ  ᠦᠨᠦᠷᠳᠦ  ᠰᠢᠩᠭᠡᠨ ᠪᠡᠶᠡᠳᠦ ᠨᠢ ᠳᠣᠲᠣᠷ ᠬᠠᠯᠢᠰᠤᠨ ᠤ ᠡᠰ ᠤᠨ ᠴᠢᠳᠠᠮᠵᠢ ᠶᠢ ᠡᠪᠳᠡᠬᠦ ᠶᠢᠨ ᠤᠯᠠᠮ ᠢᠶᠠᠷ ᠵᠢᠷᠦᠬᠡᠨ ᠡᠪᠡᠳᠴᠢᠨ ᠤ  ᠲᠦᠭᠰᠢᠭᠦᠷᠢ ᠶᠢ ᠨᠡᠮᠡᠭᠳᠡᠭᠦᠯᠵᠦ ᠮᠡᠳᠡᠨ᠎ᠡ ᠬᠡᠳᠡᠭ ᠢ ᠢᠯᠡᠷᠡᠬᠦᠯᠵᠡᠢ᠃              ᠰᠲ᠋ᠠᠨᠹᠤᠷᠳ᠋ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ ᠤ  ᠳᠡᠭᠡᠳᠦ  ᠰᠤᠷᠭᠠᠭᠤᠯᠢ  ᠵᠡᠷᠭᠡ  ᠪᠠᠶᠢᠭᠤᠯᠤᠮᠵᠢ ᠶᠢᠨ ᠰᠤᠳᠤᠯᠭᠠᠨ ᠤ ᠠᠵᠢᠯᠲᠠᠨ 27 ᠤ ᠡᠳᠦᠷ ︽ᠠᠮᠧᠷᠢᠺᠠ ᠶᠢᠨ ᠵᠢᠷᠦᠬᠡᠨ ᠡᠪᠡᠳᠴᠢᠨ ᠤ ᠰᠢᠨᠵᠢᠯᠡᠭᠡᠨ ᠤ ᠨᠡᠶᠢᠭᠡᠮᠯᠢᠭ ᠤᠨ ᠰᠡᠳᠬᠦᠯ︾ ᠳᠡᠭᠡᠷ᠎ᠡ ᠮᠡᠳᠡᠭᠦᠯᠦᠯᠲᠡ ᠨᠡᠶᠢᠳᠡᠯᠡᠵᠦ ᠬᠡᠯᠡᠬᠦ ᠳᠡᠭᠡᠨ᠂ ᠲᠡᠳᠡ ᠬᠥᠮᠥᠨ ᠲᠥᠷᠥᠯᠬᠢᠲᠡᠨ ᠤ  ᠣᠯᠠᠨ  ᠴᠢᠳᠠᠮᠵᠢᠲᠤ ᠰᠲ᠋ᠧᠮ ᠡᠰ ᠢ ᠦᠳᠦᠭᠡᠵᠦ ᠪᠠᠶᠢᠭᠠᠳ ᠳᠣᠲᠣᠷ ᠬᠠᠯᠢᠰᠤᠨ ᠤ ᠡᠰ ᠢ ᠪᠤᠶᠢᠵᠢᠭᠤᠯᠵᠤ᠂ ᠨᠢᠺᠣᠲ᠋ᠢᠨ ᠠᠭᠤᠯᠤᠭᠰᠠᠨ ᠪᠤᠶᠤ ᠨᠢᠺᠣᠲ᠋ᠢᠨ ᠡᠰᠡ ᠠᠭᠤᠯᠤᠭᠰᠠᠨ 6 ᠵᠦᠢᠯ ᠤᠨ ᠠᠳᠠᠯᠢ ᠪᠤᠰᠤ ᠬᠡᠯᠪᠡᠷᠢ ᠶᠢᠨ ᠦᠷᠭᠦᠯᠵᠢ ᠬᠠᠷᠠᠭᠳᠠᠳᠠᠭ ᠡᠯᠧᠺᠲᠷᠤᠨ ᠲᠡᠮᠡᠬᠢᠨ ᠤ  ᠰᠢᠩᠭᠡᠨ ᠪᠡᠶᠡᠳᠦ ᠲᠠᠢ ᠬᠦᠷᠦᠯᠴᠡᠭᠦᠯᠭᠦ ᠲᠤᠷᠰᠢᠯᠳᠠ ᠬᠢᠵᠡᠢ᠃ ᠳᠣᠲᠣᠷ ᠬᠠᠯᠢᠰᠤᠨ ᠤ ᠡᠰ ᠪᠣᠯ ᠵᠢᠷᠦᠬᠡ᠂ ᠴᠢᠰᠤᠨ ᠰᠤᠳᠠᠯ ᠪᠠ ᠯᠢᠮᠹᠠ ᠶᠢᠨ ᠰᠤᠳᠠᠰᠤᠨ ᠤ ᠥᠩᠭᠡᠨ ᠲᠠᠯ᠎ᠠ ᠶᠢᠨ ᠭᠤᠣᠯ ᠡᠰ ᠤᠨ ᠨᠢᠭᠡᠨ ᠵᠦᠢᠯ ᠤᠨ ᠲᠥᠷᠥᠯ ᠬᠡᠯᠪᠡᠷᠢ ᠪᠣᠯᠤᠨ᠎ᠠ᠃              ᠦᠷ᠎ᠡ ᠳ᠋ᠦᠩ ᠠᠴᠠ ᠨᠢ ᠠᠪᠴᠦ ᠦᠵᠡᠪᠡᠯ᠂ ᠵᠢᠭᠠᠷᠲᠤ ᠭᠠᠪᠢᠷ᠎ᠠ ᠶᠢᠨ ᠦᠨᠦᠷ ᠪᠠ ᠪᠠᠳᠷᠠᠰᠢ ᠶᠢᠨ ᠠᠯᠺᠤᠤᠯ ᠤᠨ ᠦᠨᠦᠷ ᠲᠠᠢ ᠡᠯᠧᠺᠲᠷᠤᠨ ᠲᠡᠮᠡᠬᠢᠨ ᠤ ᠰᠢᠩᠭᠡᠨ ᠪᠡᠶᠡᠳᠦ ᠳᠤ ᠬᠦᠷᠦᠯᠴᠡᠭᠰᠡᠨ ᠤ ᠳᠠᠷᠠᠭ᠎ᠠ᠂ ᠨᠢᠺᠣᠲ᠋ᠢᠨ ᠠᠭᠤᠯᠬᠤ ᠦᠭᠡᠢ ᠴᠦ ᠭᠡᠰᠡᠨ ᠳᠣᠲᠣᠷ ᠬᠠᠯᠢᠰᠤᠨ ᠤ ᠡᠰ ᠤᠨ ᠠᠮᠢᠵᠢᠷᠠᠯ ᠤᠨ ᠬᠦᠴᠦᠨ ᠨᠢ ᠮᠡᠳᠡᠭᠳᠡᠮ᠎ᠡ ᠪᠠᠭᠤᠷᠠᠬᠤ ᠮᠦᠷᠳᠡᠭᠡᠨ ᠳᠣᠲᠣᠷ ᠬᠠᠯᠢᠰᠤᠨ ᠤ ᠡᠰ ᠤᠨ ᠬᠢᠯᠭᠠᠰᠤᠨ ᠰᠤᠳᠠᠯ ᠤᠨ ᠬᠡᠯᠪᠡᠷᠢᠲᠦ ᠭᠤᠤᠷᠰᠤᠯᠢᠭ ᠪᠦᠲᠦᠴᠡ ᠪᠤᠢ ᠪᠣᠯᠬᠤ ᠴᠢᠳᠠᠪᠤᠷᠢ ᠨᠢ ᠴᠦ ᠨᠥᠯᠥᠭᠡᠯᠡᠭᠳᠡᠵᠦ ᠪᠤᠢ᠂ ᠡᠶᠢᠮᠦ ᠪᠦᠲᠦᠴᠡ ᠨᠢ ᠰᠢᠨ᠎ᠡ ᠴᠢᠰᠤᠨ ᠰᠤᠳᠠᠯ ᠪᠤᠢ ᠪᠤᠯᠬᠤ ᠲᠠᠢ ᠬᠤᠯᠪᠣᠭ᠎ᠠ ᠲᠠᠢ ᠪᠠᠶᠢᠳᠠᠬ᠃ ᠪᠤᠰᠤᠳ ᠠᠩᠬᠢᠯᠤᠮ᠎ᠠ ᠦᠨᠦᠷᠲᠦ ᠬᠡᠯᠪᠡᠷᠢ ᠶᠢᠨ ᠰᠢᠩᠭᠡᠨ ᠪᠡᠶᠡᠳᠦ ᠨᠢ ᠪᠠᠰᠠ ᠳᠣᠲᠣᠷ ᠬᠠᠯᠢᠰᠤᠨ ᠤ ᠡᠰ ᠲᠤ ᠵᠣᠬᠢᠬᠤ ᠬᠡᠮᠵᠢᠶᠡᠨ ᠤ ᠬᠤᠤᠷᠳᠠᠭᠤᠯᠤᠯ ᠤᠴᠠᠷᠠᠭᠤᠯᠵᠦ ᠪᠤᠢ᠃              ᠵᠢᠭᠠᠷᠲᠤ ᠭᠠᠪᠢᠷ᠎ᠠ ᠶᠢᠨ ᠦᠨᠦᠷ ᠪᠠ ᠬᠡᠦᠷᠡᠰᠦ ᠰᠢᠬᠢᠷ ᠤᠨ ᠦᠨᠦᠷᠲᠦ ᠡᠪᠡᠰᠦᠨ ᠤ ᠦᠨᠦᠷ ᠲᠠᠢ ᠡᠯᠧᠺᠲᠷᠤᠨ ᠲᠠᠮᠠᠬᠢᠨ ᠤ ᠰᠢᠩᠭᠡᠨ ᠪᠡᠶᠡᠳᠦ ᠨᠢ ᠪᠠᠰᠠ ᠳᠣᠲᠣᠷ ᠬᠠᠯᠢᠰᠤᠨ ᠤ ᠡᠰ ᠤᠨ ᠳᠣᠣᠷ᠎ᠠ ᠨᠢᠭᠲᠠᠴᠠᠳᠤ ᠥᠭᠡᠬᠦᠨ ᠤᠭᠤᠷᠠᠭ ᠪᠠ ᠥᠭᠡᠬᠦ ᠶᠢᠨ ᠵᠦᠢᠯ ᠢ ᠰᠢᠩᠭᠡᠭᠡᠨ ᠠᠪᠬᠤ ᠴᠢᠳᠠᠪᠤᠷᠢ ᠶᠢ ᠨᠡᠮᠡᠭᠳᠡᠭᠦᠯᠵᠦ ᠪᠠᠶᠢᠨ᠎ᠠ᠂ ᠡᠨᠡ ᠨᠢ ᠶᠡᠷᠦ ᠳᠡᠭᠡᠨ ᠳᠣᠲᠣᠷ  ᠬᠠᠯᠢᠰᠤᠨ ᠤ ᠡᠰ ᠲᠤ ᠦᠷᠪᠢᠰᠦᠯ ᠡᠭᠦᠰᠬᠦ ᠪᠠ ᠠᠵᠢᠯᠯᠠᠭ᠎ᠠ ᠨᠢ ᠬᠡᠪ ᠤᠨ ᠪᠠᠶᠢᠳᠠᠯ ᠢᠶᠠᠨ ᠠᠯᠳᠠᠬᠤ ᠲᠠᠢ ᠬᠤᠯᠪᠣᠭ᠎ᠠ ᠲᠠᠢ ᠪᠠᠶᠢᠳᠠᠬ ᠪᠥᠭᠡᠳ ᠳᠣᠲᠣᠷ ᠬᠠᠯᠢᠰᠤᠨ ᠤ ᠡᠰ ᠤᠨ ᠰᠢᠷᠬ᠎ᠠ ᠶᠢ ᠵᠠᠰᠠᠬᠤ ᠴᠢᠳᠠᠪᠤᠷᠢ ᠶᠢ ᠪᠠᠭᠤᠷᠠᠭᠤᠯᠳᠠᠭ᠃              ᠡᠭᠦᠨ ᠠᠴᠠ ᠭᠠᠳᠠᠨ᠎ᠠ᠂ ᠡᠯᠧᠺᠲᠷᠤᠨ ᠲᠡᠮᠡᠬᠢᠨ ᠤ ᠰᠢᠩᠭᠡᠨ ᠪᠡᠶᠡᠳᠦ ᠲᠠᠢ ᠬᠦᠷᠦᠯᠴᠡᠪᠡᠯ ᠪᠠᠰᠠ ᠬᠦᠴᠢᠯᠲᠥ᠋ᠷᠥᠭᠴᠢᠬᠦᠢ ᠪᠥᠭᠡᠮ ᠰᠢᠬᠢᠷ ᠤᠨ ᠪᠥᠭᠡᠮ ᠬᠦᠴᠢᠯ ︵D N A︶ ᠢ ᠭᠡᠮᠲᠦᠭᠡᠬᠦ ᠪᠤᠶᠤ ᠡᠰ ᠤᠨ  ᠦᠬᠦᠵᠢᠯ ᠲᠠᠢ ᠬᠠᠮᠢᠶᠠᠳᠠᠬᠤ ᠮᠣᠯᠧᠺᠦ᠋ᠯ ᠤᠨ ᠲᠦᠪᠰᠢᠨ ᠢ ᠢᠯᠡᠳᠲᠡ ᠳᠡᠭᠡᠭᠰᠢᠯᠡᠭᠦᠯᠬᠦ ᠪᠤᠯᠤᠨ᠎ᠠ ᠬᠡᠵᠡᠢ᠃              ᠰᠤᠳᠤᠯᠭᠠᠲᠠᠳ ᠠᠴᠠ ᠡᠯᠧᠺᠲᠷᠤᠨ ᠲᠠᠮᠠᠬᠢ ᠨᠢ  ᠮᠡᠬᠡᠯᠡᠬᠦ ᠴᠢᠨᠠᠷ ᠲᠠᠢ  ᠪᠠᠶᠢᠳᠠᠬ  ᠪᠣᠯᠬᠤᠷ ᠬᠥᠮᠦᠰ ᠢ ᠣᠬᠤᠷᠬᠠᠨ ᠬᠤᠭᠤᠴᠠᠭᠠᠨ ᠳᠤ ᠨᠠᠩ ᠥᠨᠳᠥᠷ ᠬᠢᠷᠢ ᠲᠦᠪᠰᠢᠨ ᠪᠦᠬᠦᠢ ᠨᠢᠺᠣᠲ᠋ᠢᠨ ᠲᠠᠢ ᠠᠮᠠᠷᠬᠠᠨ ᠤᠶᠢᠷᠠᠳᠤᠭᠤᠯᠵᠤ ᠪᠤᠢ᠃ ᠡᠳᠡᠭᠡᠷ ᠬᠢᠮᠢ ᠶᠢᠨ ᠪᠣᠳᠠᠰ ᠨᠢ ᠬᠦᠮᠦᠨ ᠤ ᠪᠡᠶ᠎ᠡ ᠶᠢᠨ ᠳᠣᠲᠣᠷ᠎ᠠ ᠡᠷᠭᠢᠯᠳᠦᠬᠦ ᠪᠦᠭᠡᠳ ᠵᠢᠷᠦᠬᠡ ᠴᠢᠰᠤᠨ ᠰᠤᠳᠠᠯ ᠤᠨ ᠡᠷᠡᠭᠦᠯ  ᠮᠡᠨᠳᠦ ᠶᠢ  ᠨᠥᠯᠥᠭᠡᠯᠡᠨ᠎ᠡ ᠬᠡᠳᠡᠭ ᠢ ᠡᠯᠧᠺᠲᠷᠤᠨ ᠲᠠᠮᠠᠬᠢ ᠲᠠᠳᠠᠵᠦ ᠪᠠᠶᠢᠭ᠎ᠠ ᠬᠦᠮᠦᠰ ᠲᠠᠨᠢᠵᠤ ᠣᠯᠬᠤ ᠬᠡᠷᠡᠭᠲᠡᠶ ᠬᠡᠵᠦ ᠰᠡᠷᠡᠮᠵᠢᠯᠡᠬᠦᠯᠦᠭᠰᠡᠨ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号