ᠬᠡᠦᠭᠡᠳ ᠨᠤᠶᠢᠷ ᠲᠤᠲᠠᠭᠤ ᠪᠤᠯᠪᠠᠯ ᠬᠡᠳᠦ ᠮᠠᠷᠢᠶᠠᠯᠠᠵᠤ ᠪᠡᠶ᠎ᠡ ᠶᠢᠨ ᠬᠦᠨᠳᠦ ᠨᠢ  ᠪᠠᠷᠢᠮᠵᠢᠶ᠎ᠠ ᠠᠴᠠ ᠬᠡᠳᠦᠷᠡᠭᠡᠳ ᠵᠢᠷᠦᠬᠡᠨ ᠡᠪᠡᠳᠴᠢᠨ ᠪᠠ  ᠰᠢᠬᠢᠷ ᠰᠢᠵᠢᠩ  ᠡᠪᠡᠳᠴᠢᠨ ᠤᠯᠬᠤ ᠠᠶᠤᠯ ᠲᠠᠢ ᠪᠤᠯᠤᠨ᠎ᠠ
ᠨᠡᠶᠢᠲᠡᠯᠡᠭᠰᠡᠨ ᠴᠠᠭ᠄
2019/11/14
   ᠠᠩᠭ᠍ᠯᠢ ᠶᠢᠨ ᠨᠢᠭᠡᠨ ᠰᠤᠳᠤᠯᠭᠠᠨ ᠤ ᠳ᠋ᠦᠩ ᠠᠴᠠ ᠦᠵᠡᠪᠡᠯ᠂ ᠬᠡᠦᠭᠡᠳ ᠨᠤᠶᠢᠷ ᠲᠤᠲᠠᠭᠤ  ᠪᠤᠯᠪᠠᠯ  ᠬᠡᠳᠦ  ᠮᠠᠷᠢᠶᠠᠯᠠᠬᠤ ᠪᠤᠯᠤᠮᠵᠢ ᠨᠢ ᠶᠡᠬᠡᠲᠡ ᠨᠡᠮᠡᠭᠲᠡᠬᠦ ᠪᠤᠯᠤᠨ᠎ᠠ᠃              ᠬᠡᠦᠭᠡᠳ ᠤᠨ ᠬᠡᠳᠦ ᠮᠠᠷᠢᠶᠠᠯᠠᠬᠤ ᠪᠠ ᠤᠨᠲᠠᠬᠤ ᠶᠢᠨ ᠬᠤᠭᠤᠷᠤᠨᠲᠤᠬᠢ ᠬᠠᠷᠢᠴᠠᠭ᠎ᠠ   ᠶᠢ ᠰᠤᠳᠤᠯᠬᠤ ᠶᠢᠨ ᠳᠤᠰᠠᠲᠠ᠂ ᠠᠩᠭ᠍ᠯᠢ ᠶᠢᠨ ᠸᠧᠯᠢᠺ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨᠲᠠᠳ ᠦᠩᠭᠡᠷᠡᠭᠰᠡᠨ ᠤ 42 ᠵᠦᠢᠯ   ᠤᠨ  ᠳᠤᠷᠰᠢᠯᠲᠠ   ᠶᠢᠨ ᠦᠷ᠎ᠡ ᠳ᠋ᠦᠩ ᠢ ᠵᠠᠲᠠᠯᠤᠨ ᠰᠢᠨᠵᠢᠯᠡᠵᠡᠢ᠃ ᠡᠳᠡᠭᠡᠷ ᠳᠤᠷᠰᠢᠯᠲᠠ ᠨᠢ 7.5 ᠳᠦᠮᠡᠨ 18 ᠨᠠᠰᠦᠨ ᠠᠴᠠ ᠲᠤᠷᠤᠭᠰᠢᠬᠢ ᠬᠡᠦᠭᠡᠳ ᠪᠠ ᠵᠠᠯᠠᠭᠤᠴᠤᠳ ᠪᠠᠭᠠᠴᠤᠳ ᠲᠤ ᠬᠤᠯᠪᠤᠬᠲᠠᠵᠤ᠂ ᠲᠠᠭᠠᠵᠤ ᠰᠤᠷᠪᠤᠯᠵᠢᠯᠠᠬᠰᠠᠨ ᠳᠤᠮᠳᠠᠴᠢ ᠴᠠᠭ ᠨᠢ ᠭᠤᠷᠪᠠᠨ ᠵᠢᠯ ᠪᠤᠯᠤᠨ᠎ᠠ᠃ ᠰᠤᠳᠤᠯᠤᠬᠴᠢᠳ ᠠᠰᠠᠭᠤᠯᠲᠠ ᠶᠢᠨ ᠬᠠᠭᠤᠲᠠᠰᠦ ᠲᠠᠭᠯᠠᠭᠤᠯᠬᠤ ᠪᠠ ᠪᠠᠭᠠᠵᠢ ᠳᠦᠬᠦᠬᠡᠷᠤᠮᠵᠢ ᠵᠡᠬᠦᠯᠭᠡᠨ ᠰᠤᠳᠤᠯᠤᠬᠲᠠᠬᠤ ᠡᠲᠡᠭᠡᠳ ᠤᠨ ᠢᠶᠠᠨ ᠠᠵᠢᠯᠯᠠᠵᠤ ᠠᠮᠠᠷᠠᠬᠤ ᠲᠠᠳᠬᠠᠯ᠂ ᠡᠷᠡᠬᠦᠯ ᠮᠠᠨᠳᠦ ᠶᠢᠨ ᠪᠠᠶᠢᠲᠠᠯ ᠵᠢᠴᠢ ᠪᠡᠶ᠎ᠡ ᠶᠢᠨ ᠬᠦᠨᠳᠦ ᠶᠢᠨ ᠢᠯᠡᠳᠭᠡᠭᠴᠢ ᠲᠤᠭ᠎ᠠ ᠶᠢ ᠲᠤᠭᠲᠠᠮᠠᠯ ᠬᠤᠭᠤᠴᠠᠭ᠎ᠠ ᠲᠠᠢ ᠪᠠᠷ ᠤᠶᠢᠯᠠᠭᠠᠭᠰᠠᠨ ᠪᠠᠶᠢᠨ᠎ᠠ᠃ ᠡᠬᠦᠨ ᠤ ᠳ᠋ᠦᠩ ᠳᠤ  ᠤᠯᠵᠤ  ᠮᠡᠲᠡᠭᠰᠡᠨ   ᠨᠢ᠂ ᠨᠤᠶᠢᠷ  ᠲᠤᠲᠠᠭᠤ ᠬᠡᠦᠭᠡᠳ ᠤᠨ ᠪᠡᠶ᠎ᠡ ᠶᠢᠨ ᠬᠦᠨᠳᠦ ᠶᠢᠨ ᠨᠡᠮᠡᠭᠲᠡᠬᠦ ᠬᠠᠷᠢᠴᠠᠯ ᠨᠢ ᠨᠠᠰᠦ ᠰᠠᠴᠠᠭᠤ ᠨᠤᠶᠢᠷ ᠰᠠᠶᠢᠲᠠᠢ ᠬᠡᠦᠭᠡᠳ ᠤᠨ ᠬᠢ ᠠᠴᠠ ᠦᠨᠳᠦᠷ ᠪᠠᠶᠢᠨ᠎ᠠ᠂ ᠨᠤᠶᠢᠷ ᠲᠤᠲᠠᠭᠤ ᠬᠡᠦᠭᠡᠳ ᠤᠨ ᠪᠡᠶ᠎ᠡ ᠶᠢᠨ ᠬᠦᠨᠳᠦ ᠪᠠᠷᠢᠮᠵᠢᠶ᠎ᠠ ᠠᠴᠠ ᠬᠡᠳᠦᠷᠡᠬᠦ ᠪᠤᠶᠤ ᠮᠠᠷᠢᠶᠠᠯᠠᠬᠤ ᠪᠤᠯᠤᠮᠵᠢ ᠨᠢ  ᠨᠤᠶᠢᠷ ᠰᠠᠶᠢᠲᠠᠢ ᠬᠡᠦᠭᠡᠳ ᠤᠨ ᠬᠢ ᠠᠴᠠ ᠳᠤᠮᠳᠠᠴᠢ ᠪᠠᠷ 58% ᠦᠨᠳᠦᠷ ᠪᠠᠶᠢᠨ᠎ᠠ᠃ ᠪᠤᠲᠠᠲᠠᠢ ᠪᠠᠷ ᠬᠡᠯᠡᠪᠡᠯ᠂ 4 ~11 ᠰᠠᠷ᠎ᠠ ᠪᠤᠯᠵᠤ ᠪᠠᠶᠢᠭ᠎ᠠ ᠨᠢᠯᠬ᠎ᠠ ᠬᠡᠦᠬᠡᠳ ᠤᠨ ᠤᠨᠲᠠᠭᠰᠠᠨ ᠴᠠᠭ ᠨᠢ 12 ᠴᠠᠭ ᠬᠦᠷᠬᠦ ᠦᠭᠡᠢ ᠦᠶ᠎ᠡ ᠳᠤ᠂ ᠬᠡᠳᠦ ᠮᠠᠷᠢᠶᠠᠯᠠᠬᠤ ᠳᠦᠭᠰᠢᠬᠦᠷᠢ   ᠨᠢ 40% ᠪᠠᠷ ᠲᠡᠭᠡᠭᠰᠢᠯᠡᠨ᠎ᠡ︔ 3~5 ᠨᠠᠰᠤᠳᠠᠢ ᠬᠡᠦᠬᠡᠳ ᠤᠨ ᠤᠨᠲᠠᠭᠰᠠᠨ ᠴᠠᠭ ᠨᠢ 10 ᠴᠠᠭ ᠬᠦᠷᠬᠦ  ᠦᠭᠡᠢ  ᠦᠶ᠎ᠡ   ᠳᠤ᠂ ᠬᠡᠳᠦ ᠮᠠᠷᠢᠶᠠᠯᠠᠬᠤ ᠳᠦᠭᠰᠢᠬᠦᠷᠢ ᠨᠢ 57% ᠪᠠᠷ ᠲᠡᠭᠡᠭᠰᠢᠯᠡᠨ᠎ᠡ︔ 6~13 ᠨᠠᠰᠤᠳᠠᠢ ᠬᠡᠦᠬᠡᠳ  ᠤᠨ ᠤᠨᠲᠠᠭᠰᠠᠨ  ᠴᠠᠭ   ᠨᠢ  9 ᠴᠠᠭ ᠬᠦᠷᠬᠦ ᠦᠭᠡᠢ ᠦᠶ᠎ᠡ ᠳᠤ᠂ ᠬᠡᠳᠦ ᠮᠠᠷᠢᠶᠠᠯᠠᠬᠤ ᠳᠦᠭᠰᠢᠬᠦᠷᠢ ᠨᠢ 123%   ᠪᠠᠷ ᠲᠡᠭᠡᠭᠰᠢᠯᠡᠨ᠎ᠡ︔ 14 ~17  ᠨᠠᠰᠤᠳᠠᠢ ᠬᠡᠦᠬᠡᠳ ᠤᠨ ᠤᠨᠲᠠᠭᠰᠠᠨ ᠴᠠᠭ ᠨᠢ 8 ᠴᠠᠭ ᠬᠦᠷᠬᠦ ᠦᠭᠡᠢ ᠦᠶ᠎ᠡ ᠳᠤ ᠬᠡᠳᠦ  ᠮᠠᠷᠢᠶᠠᠯᠠᠬᠤ  ᠳᠦᠭᠰᠢᠬᠦᠷᠢ   ᠨᠢ  30%   ᠪᠠᠷ ᠲᠡᠭᠡᠭᠰᠢᠯᠡᠨ᠎ᠡ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号