ᠰᠢᠯᠢ ᠶᠢᠨ ᠭᠤᠤᠯ ᠠᠶᠢᠮᠠᠭ ᠤᠨ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ  ᠡᠪᠡᠳᠴᠢᠳᠠᠨ ᠲᠠᠢ ᠤᠶᠢᠷᠠᠳᠤᠬᠰᠠᠨ 42 ᠬᠥᠮᠥᠨ ᠳᠤ ᠠᠨᠠᠭᠠᠬᠤ ᠤᠬᠠᠭᠠᠨ ᠤ  ᠠᠵᠢᠭᠯᠠᠯᠲᠠ ᠬᠢᠬᠦ ᠪᠠᠨ ᠪᠤᠯᠢᠪᠡ
ᠨᠡᠶᠢᠲᠡᠯᠡᠭᠰᠡᠨ ᠴᠠᠭ᠄
2019/11/21
   ᠠᠷᠠᠳ ᠤᠨ ᠰᠦᠯᠵᠢᠶ᠎ᠡ ᠶᠢᠨ ᠪᠡᠭᠡᠵᠢᠩ ᠤᠨ 11 ᠰᠠᠷ᠎ᠠ ᠶᠢᠨ 18 ᠤ ᠡᠳᠦᠷ ᠤᠨ  ᠮᠡᠳᠡᠭᠡ  ᠥᠪᠥᠷ  ᠮᠣᠩᠭᠤᠯ ᠤᠨ ᠥᠪᠡᠷᠲᠡᠭᠡᠨ  ᠵᠠᠰᠠᠬᠤ  ᠣᠷᠣᠨ ᠤ  ᠡᠷᠡᠭᠦᠯ  ᠬᠠᠮᠠᠭᠠᠯᠠᠯ  ᠡᠷᠡᠭᠦᠯ  ᠮᠡᠨᠳᠦ ᠶᠢᠨ  ᠵᠥᠪᠯᠡᠯ ᠤᠨ  ᠰᠦᠯᠵᠢᠶ᠎ᠡ ᠶᠢᠨ  ᠮᠡᠳᠡᠭᠡ ᠶᠢ ᠦᠨᠳᠦᠰᠦᠯᠡᠪᠡᠯ᠂  18 ᠤ  ᠡᠳᠦᠷ᠂  ᠪᠡᠭᠡᠵᠢᠩ ᠳᠤ  ᠠᠭᠤᠰᠬᠢᠨ  ᠬᠤᠯᠤᠭᠠᠨ᠎ᠠ ᠶᠢᠨ   ᠬᠢᠵᠢᠭ ᠲᠤ   ᠨᠡᠷᠪᠡᠭᠳᠡᠪᠡ   ᠬᠡᠵᠦ ᠤᠨᠤᠰᠢᠯᠠᠬᠳᠠᠬᠰᠠᠨ 2 ᠡᠪᠡᠳᠴᠢᠳᠡᠨ ᠲᠠᠢ ᠣᠶᠢᠷᠠᠳᠣᠭᠰᠠᠨ 42  ᠬᠥᠮᠥᠨ ᠳᠤ  ᠠᠨᠠᠭᠠᠬᠤ  ᠤᠬᠠᠭᠠᠨ ᠤ  ᠠᠵᠢᠭᠯᠠᠯᠲᠠ  ᠬᠢᠬᠦ ᠬᠤᠭᠤᠴᠠᠭ᠎ᠠ ᠲᠠᠭᠤᠰᠴᠤ᠂ ᠡᠳᠡᠭᠡᠷ 42 ᠬᠦᠮᠦᠨ ᠳᠤ ᠬᠠᠯᠠᠭᠤᠷᠠᠬᠤ  ᠵᠡᠷᠭᠡ  ᠬᠡᠪ ᠤᠨ  ᠪᠤᠰᠤ  ᠢᠯᠡᠷᠡᠯ  ᠭᠠᠷᠤᠬᠰᠠᠨ  ᠦᠭᠡᠢ ᠪᠦᠭᠡᠳ ᠲᠤᠷᠰᠢᠯᠲᠠ ᠶᠢᠨ ᠲᠠᠰᠤᠭ ᠤᠨ PCR ᠰᠢᠯᠭᠠᠨ ᠪᠠᠶᠢᠴᠠᠭᠠᠯᠲᠠ ᠨᠢ ᠴᠥᠮ  ᠪᠢᠯᠢᠭ  ᠴᠢᠨᠠᠷᠲᠠᠶ  ᠪᠠᠶᠢᠵᠤ᠂  ᠲᠤᠰᠬᠠᠶ ᠮᠡᠷᠭᠡᠵᠢᠯᠲᠡᠨ ᠨᠡᠷ ᠵᠥᠪᠳᠡᠯᠴᠡᠨ ᠰᠤᠳᠤᠯᠤᠭᠠᠳ ᠠᠨᠠᠭᠠᠬᠤ ᠤᠬᠠᠭᠠᠨ ᠤ  ᠠᠵᠢᠭᠯᠠᠯᠲᠠ  ᠬᠢᠬᠦ ᠪᠠᠨ  ᠪᠤᠯᠢᠪᠠ᠃  ᠣᠳᠣᠬᠠᠨ ᠳᠤ ᠪᠠᠰᠠ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ  ᠡᠪᠡᠳᠴᠢᠳᠠᠨ ᠲᠠᠢ  ᠤᠶᠢᠷᠠᠳᠤᠬᠰᠠᠨ  4  ᠬᠦᠮᠦᠨ ᠳᠤ  ᠦᠷᠭᠦᠯᠵᠢᠯᠡᠨ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠬᠤ ᠪᠦᠭᠡᠳ  ᠲᠡᠳᠡᠨ ᠳᠤ  ᠬᠠᠯᠠᠭᠤᠷᠠᠬᠤ  ᠵᠡᠷᠭᠡ  ᠬᠡᠪ ᠤᠨ  ᠪᠤᠰᠤ  ᠢᠯᠡᠷᠡᠯ ᠭᠠᠷᠤᠬᠰᠠᠨ ᠦᠭᠡᠢ᠃ ᠰᠢᠯᠢ ᠶᠢᠨ  ᠭᠤᠤᠯ  ᠠᠶᠢᠮᠠᠭ ᠤᠨ  ᠬᠥᠪᠡᠭᠡᠲᠦ  ᠰᠢᠷ᠎ᠠ  ᠬᠤᠰᠢᠭᠤ ᠠᠴᠠ  ᠢᠷᠡᠭᠰᠡᠨ  ᠪᠤᠯᠴᠢᠷᠬᠠᠶ ᠶᠢᠨ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ  ᠡᠪᠡᠳᠴᠢᠲᠡᠨ ᠢ  ᠮᠥᠨᠬᠦ  ᠬᠤᠸᠠᠳᠧ  ᠰᠢᠶᠠᠨ ᠤ  ᠡᠮᠨᠡᠯᠭᠡ ᠶᠢᠨ  ᠬᠤᠷᠢᠶᠠᠨ ᠳᠤ ᠲᠤᠰᠠᠭᠠᠷᠯᠠᠨ ᠡᠮᠨᠡᠨ ᠵᠠᠰᠠᠬᠰᠠᠭᠠᠷ ᠪᠠᠶᠢᠬᠤ ᠪᠦᠭᠡᠳ ᠲᠣᠰ ᠡᠪᠡᠳᠴᠢᠳᠡᠨ ᠲᠠᠢ ᠤᠶᠢᠷᠠᠳᠤᠬᠰᠠᠨ 28 ᠬᠥᠮᠥᠨ ᠳᠤ ᠦᠷᠭᠦᠯᠵᠢᠯᠡᠨ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠤᠢ᠂ ᠣᠳᠣᠬᠠᠨ ᠳᠤ ᠲᠡᠳᠡᠨ ᠳᠤ ᠬᠠᠯᠠᠭᠤᠷᠠᠬᠤ ᠵᠡᠷᠭᠡ  ᠬᠡᠪ ᠤᠨ  ᠪᠤᠰᠤ  ᠢᠯᠡᠷᠡᠯ ᠭᠠᠷᠤᠬᠰᠠᠨ ᠥᠬᠡᠶ᠂ ᠣᠷᠣᠨ ᠤ ᠳᠣᠲᠣᠷ᠎ᠠ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠳ ᠲᠠᠬᠢᠵᠦ ᠭᠠᠷᠤᠬᠰᠠᠨ ᠦᠭᠡᠢ᠃               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ  ᠵᠥᠪᠯᠡᠯ ᠤᠨ ᠬᠢᠨ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ  ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠬᠯᠠᠬᠤ ᠡᠯ᠎ᠡ ᠵᠦᠢᠯ ᠤᠨ ᠠᠵᠢᠯ ᠤᠨ ᠡᠭᠦᠷᠭᠡ ᠪᠠ  ᠡᠮᠴᠢᠯᠡᠭᠡᠨ ᠤ  ᠠᠪᠤᠷᠠᠨ  ᠵᠠᠰᠠᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠬᠤᠷᠢᠬᠯᠠᠬᠤ ᠶᠢ ᠦᠨᠡᠨᠬᠦ ᠪᠡᠶᠡᠯᠡᠬᠦᠯᠬᠦ ᠪᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号