ᠤᠯᠠᠭᠠᠨᠮᠦ᠋ᠴᠢᠷ ᠤᠨ ᠦᠢᠯᠡᠰ ᠬᠠᠤᠯᠢ ᠳᠦᠷᠢᠮ ᠤᠨ ᠬᠠᠮᠠᠭᠠᠯᠠᠯᠳᠠ ᠲᠠᠢ ᠪᠤᠯᠪᠠ
ᠨᠡᠶᠢᠲᠡᠯᠡᠭᠰᠡᠨ ᠴᠠᠭ᠄
2019/11/22
  ᠮᠠᠨ ᠤ ᠤᠯᠤᠰ ᠤᠨ ᠤᠯᠠᠭᠠᠨᠮᠦ᠋ᠴᠢᠷ ᠤᠨ ᠲᠤᠬᠠᠢ ᠤᠷᠤᠨ ᠨᠤᠳᠤᠭ ᠤᠨ ᠴᠢᠨᠠᠷ ᠲᠠᠢ ᠠᠩᠬᠠᠨ ᠤ ᠬᠠᠤᠯᠢ ᠲᠤᠭᠳᠠᠭᠠᠯ -- ︽ᠦᠪᠦᠷ ᠮᠤᠩᠬᠤᠯ ᠤᠨ ᠦᠪᠡᠷᠳᠡᠬᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠲᠦᠷᠢᠮ︾ ᠢ 11 ᠰᠠᠷ᠎ᠠ ᠶᠢᠨ 1 ᠤ ᠡᠳᠤᠷ ᠠᠴᠠ ᠡᠬᠢᠯᠡᠨ ᠠᠯᠪᠠᠨ ᠶᠤᠰᠤᠭᠠᠷ ᠬᠡᠷᠡᠭᠵᠢᠬᠦᠯᠦᠭᠰᠡᠨ ᠨᠢ ᠤᠯᠠᠭᠠᠨᠮᠦ᠋ᠴᠢᠷ ᠤᠨ ᠦᠢᠯᠡᠰ ᠤᠨ ᠬᠠᠤᠯᠢ ᠶᠢᠨ ᠲᠠᠭᠠᠤ ᠬᠦᠭᠵᠢᠬᠦ ᠰᠢᠨ᠎ᠡ ᠱᠠᠳᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃   ᠦᠪᠦᠷ ᠮᠤᠩᠬᠤᠯ ᠤᠨ ᠤᠯᠠᠭᠠᠨᠮᠦ᠋ᠴᠢᠷ ᠲᠤ ᠠᠵᠢᠯ ᠤᠨ ᠪᠠᠶᠢᠷᠢ ᠶᠢᠨ ᠲᠤᠭ᠎ᠠ ᠨᠤᠷᠮ᠎ᠠ᠂ ᠵᠠᠷᠤᠳᠠᠯ ᠮᠦᠩᠭᠦ ᠶᠢᠨ ᠲᠤᠳᠠᠭᠤᠳᠠᠯ᠂ ᠬᠡᠰᠢᠬᠦᠳ ᠤᠨ ᠬᠦᠭᠰᠢᠷᠡᠯᠳᠡ᠂ ᠰᠢᠯᠢᠳᠡᠭ ᠪᠤᠯᠪᠠᠰᠤᠨ ᠬᠦᠴᠦᠨ ᠲᠤᠳᠠᠮᠠᠭ ᠵᠡᠷᠬᠡ ᠶᠠᠭᠠᠷᠠᠯᠲᠠᠢ ᠰᠢᠶ᠋ᠳᠪᠦᠷᠢᠯᠡᠬᠦ ᠠᠰᠠᠭᠤᠳᠠᠯ ᠲᠤᠯᠭᠠᠷᠠᠵᠤ ᠪᠠᠶᠢᠭ᠎ᠠ ᠠᠴᠠ ᠤᠯᠠᠭᠠᠨᠮᠦ᠋ᠴᠢᠷ ᠤᠨ ᠦᠢᠯᠡᠰ ᠤᠨ ᠬᠦᠭᠵᠢᠯᠳᠡ ᠶᠢ ᠨᠦᠯᠦᠬᠡᠯᠡᠵᠤ ᠪᠤᠢ᠃   ᠡᠳᠡᠬᠡᠷ ᠠᠰᠠᠭᠤᠳᠠᠯ ᠳᠤ ᠵᠤᠷᠢᠭᠤᠯᠤᠨ ᠨᠡᠶᠢᠳᠡ 27 ᠵᠤᠷᠪᠤᠰ ᠢᠶᠠᠷ ᠪᠦᠷᠢᠯᠳᠦᠭᠰᠡᠨ ᠤᠯᠠᠭᠠᠨᠮᠦ᠋ᠴᠢᠷ ᠤᠨ ︽ᠲᠦᠷᠢᠮ︾ ᠳᠤᠭᠳᠠᠭᠠᠵᠤ᠂ ᠲᠡᠬᠦᠨ ᠤ ᠰᠢᠨᠵᠢ ᠴᠢᠨᠠᠷ ᠪᠤᠯᠤᠨ ᠴᠢᠭ ᠬᠠᠨᠳᠤᠯᠭ᠎ᠠ᠂ ᠡᠬᠦᠷᠬᠡ ᠶᠢ ᠲᠤᠳᠤᠷᠬᠠᠶᠢᠯᠠᠭᠰᠠᠨ ᠪᠠ ᠤᠯᠠᠭᠠᠨᠮᠦ᠋ᠴᠢᠷ ᠤᠨ ᠪᠤᠯᠪᠠᠰᠤᠨ ᠬᠦᠴᠦᠨ ᠡᠯᠰᠡᠬᠦ᠂ ᠵᠠᠷᠤᠳᠠᠯ ᠮᠦᠩᠭᠦ ᠪᠠᠨ ᠪᠠᠳᠤᠯᠠᠬᠤ᠂ ᠠᠵᠢᠯ ᠤᠨ ᠵᠡᠷᠬᠡ ᠬᠡᠮ ᠢ ᠬᠢᠨᠠᠨ ᠲᠤᠭᠳᠠᠭᠠᠬᠤ᠂ ᠪᠤᠯᠪᠠᠰᠤᠷᠠᠯ ᠬᠦᠷᠳᠡᠬᠡᠬᠦ᠂ ᠵᠠᠰᠠᠭ ᠤᠨ ᠤᠷᠳᠤᠨ ᠠᠴᠠ ᠬᠢᠨᠠᠨ ᠰᠢᠯᠭᠠᠬᠤ᠂ ᠪᠷᠧᠨ᠋ᠳ᠋ ᠢᠶᠠᠨ ᠬᠠᠮᠠᠭᠠᠯᠠᠬᠤ ᠵᠡᠷᠬᠡ ᠤᠯᠠᠨ ᠲᠠᠯ᠎ᠠ ᠶᠢᠨ ᠲᠦᠷᠢᠮ ᠢ ᠨᠠᠷᠢᠨ ᠲᠤᠭᠳᠠᠭᠠᠵᠤ᠂ ᠤᠯᠠᠭᠠᠨᠮᠦ᠋ᠴᠢᠷ ᠤᠨ ᠦᠢᠯᠡᠰ ᠤᠨ ᠪᠦᠬᠦ ᠲᠠᠯ᠎ᠠ ᠪᠠᠷ ᠲᠤᠭᠳᠠᠭᠤᠨ ᠢᠶᠠᠷ ᠬᠦᠭᠵᠢᠬᠦ ᠶᠢ ᠪᠠᠲᠤᠯᠠᠭᠰᠠᠨ ᠪᠠᠶᠢᠨ᠎ᠠ᠃   ᠤᠯᠠᠭᠠᠨᠮᠦ᠋ᠴᠢᠷ ᠪᠤᠯ ᠦᠨᠳᠤᠰᠦᠨ ᠱᠠᠳᠤ᠂ ᠠᠷᠠᠳ ᠲᠦᠮᠡᠨ ᠳᠤ ᠴᠢᠭᠯᠡᠬᠦᠯᠦᠭᠰᠡᠨ ᠬᠤᠰᠢᠭᠤᠴᠢ᠂ ᠤᠯᠠᠨ ᠲᠦᠮᠡᠨᠴᠢ᠂ ᠦᠨᠳᠤᠰᠦᠳᠡᠨ ᠤ᠂ ᠴᠠᠭ ᠦᠶ᠎ᠡ ᠶᠢᠨ ᠰᠢᠨᠵᠢ ᠶᠢ ᠬᠠᠮᠤᠷᠤᠭᠰᠠᠨ ᠤᠷᠠᠯᠢᠭ ᠤᠨ ᠵᠢᠵᠢᠭ ᠪᠠᠭ ᠮᠦᠨ ᠬᠡᠮᠡᠨ ᠲᠤᠰ ︽ᠲᠦᠷᠢᠮ︾ ᠳᠤ ᠠᠩᠬ᠎ᠠ ᠤᠳᠠᠭ᠎ᠠ ᠤᠯᠠᠭᠠᠨᠮᠦ᠋ᠴᠢᠷ ᠤᠨ ᠠᠭᠤᠯᠬᠤᠨ ᠪᠠ ᠰᠢᠨᠵᠢ ᠴᠢᠨᠠᠷ ᠢ ᠲᠤᠳᠤᠷᠬᠠᠶᠢᠯᠠᠭᠰᠠᠨ ᠪᠠᠶᠢᠨ᠎ᠠ᠃
 
ᠢᠷᠡᠯᠲᠡ᠄ ᠦᠪᠦᠷ ᠮᠤᠩᠭ᠋ᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号