︽ᠪᠢ ᠡᠬᠡ ᠤᠷᠤᠨ ᠲᠠᠢ ᠪᠠᠨ︾ ᠤᠷᠠᠨ ᠪᠢᠴᠢᠯᠬᠡ ᠤᠷᠠᠨ ᠵᠢᠷᠤᠭ ᠤᠨ ᠦᠵᠡᠰᠬᠦᠯᠡᠩ ᠨᠡᠬᠡᠬᠡᠯᠳᠡ ᠪᠠᠨ ᠬᠢᠪᠡ
ᠨᠡᠶᠢᠲᠡᠯᠡᠭᠰᠡᠨ ᠴᠠᠭ᠄
2019/11/22
 
   ᠰᠢᠨᠬᠤᠸᠠ ᠨᠧᠲ ᠪᠡᠭᠡᠵᠢᠩ ᠤᠨ 9 ᠰᠠᠷ᠎ᠠ ᠶᠢᠨ 23 ᠤ ᠡᠳᠤᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠶᠤᠸᠠᠨ ᠰᠧ ᠲᠤᠤ᠂ ᠰᠢᠩ ᠾᠧ ᠶᠠᠩ︶ ᠤᠯᠤᠰ ᠲᠠᠶᠠᠭᠠᠷ ᠢᠶᠠᠨ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠲᠡᠮᠳᠡᠭᠯᠡᠵᠤ ᠪᠠᠶᠢᠭ᠎ᠠ ᠲᠠᠰᠢᠷᠠᠮ ᠳᠤ᠂ ᠰᠢᠨᠬᠤᠸᠠ ᠬᠤᠷᠢᠶ᠎ᠠ ᠶᠢᠨ ᠨᠠᠮ ᠤᠨ ᠬᠤᠷᠢᠶ᠎ᠠ᠂ ᠰᠢᠨᠬᠤᠸᠠ ᠬᠤᠷᠢᠶ᠎ᠠ ᠶᠢᠨ ᠲᠡᠳᠬᠦᠪᠦᠷᠢ ᠳᠤ ᠭᠠᠷᠤᠭᠰᠠᠨ ᠺᠠᠳ᠋ᠷ ᠠᠵᠢᠯᠳᠠᠨ ᠤ ᠠᠵᠢᠯ ᠤᠨ ᠲᠤᠪᠴᠢᠶ᠎ᠠ᠂ ᠰᠢᠨᠬᠤᠸᠠ ᠬᠤᠷᠢᠶ᠎ᠠ ᠶᠢᠨ ᠠᠵᠢᠯᠳᠠᠨ ᠤ ᠡᠪᠯᠡᠯ ᠤᠨ ᠬᠤᠯᠪᠤᠭᠠᠳᠤ ᠬᠤᠷᠠᠯ᠂ ᠰᠢᠨᠬᠤᠸᠠ ᠤᠷᠠᠨ ᠪᠢᠴᠢᠯᠬᠡ ᠤᠷᠠᠨ ᠵᠢᠷᠤᠭ ᠤᠨ ᠬᠦᠷᠢᠶᠡᠯᠡᠩ ᠠᠴᠠ ᠬᠠᠮᠳᠤᠷᠠᠨ ᠡᠷᠬᠢᠯᠡᠭᠰᠡᠨ ︽ᠪᠢ ᠡᠬᠡ ᠤᠷᠤᠨ ᠲᠠᠢ ᠪᠠᠨ -- ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠲᠡᠮᠳᠡᠭᠯᠡᠬᠦ ᠠᠵᠢᠯᠳᠠᠨ ᠤ ᠤᠷᠠᠨ ᠪᠢᠴᠢᠯᠬᠡ ᠤᠷᠠᠨ ᠵᠢᠷᠤᠭ ᠤᠨ ᠦᠵᠡᠰᠬᠦᠯᠡᠩ︾ 23 ᠤ ᠡᠳᠤᠷ ᠰᠢᠨᠬᠤᠸᠡ ᠬᠤᠷᠢᠶᠠᠨ ᠳᠤ ᠨᠡᠬᠡᠬᠡᠯᠳᠡ ᠪᠠᠨ ᠬᠢᠪᠡ᠃    ᠲᠤᠰ ᠦᠵᠡᠰᠬᠦᠯᠡᠩ ᠳᠤ ᠰᠢᠨᠬᠤᠸᠠ ᠬᠤᠷᠢᠶ᠎ᠠ ᠶᠢᠨ ᠪᠦᠬᠦ ᠰᠠᠯᠠᠭ᠎ᠠ ᠮᠦᠴᠢᠷ ᠤᠨ ᠬᠢᠨ ᠠᠵᠢᠯᠳᠠᠳ ᠪᠤᠯᠤᠨ ᠲᠡᠳᠬᠦᠪᠦᠷᠢ ᠳᠤ ᠭᠠᠷᠤᠭᠰᠠᠨ ᠠᠵᠢᠯᠳᠠᠳ ᠤᠨ ᠤᠷᠠᠨ ᠪᠢᠴᠢᠯᠬᠡ᠂ ᠲᠤᠰᠤᠨ ᠵᠢᠷᠤᠭ᠂ ᠤᠰᠤᠨ ᠪᠤᠳᠤᠭ ᠤᠨ ᠵᠢᠷᠤᠭ ᠂ ᠰᠡᠶᠢᠯᠤᠮᠡᠯ ᠵᠡᠷᠬᠡ 300 ᠭᠠᠷᠤᠢ ᠪᠦᠲᠦᠬᠡᠯ ᠲᠡᠯᠭᠡᠭᠳᠡᠪᠡ᠃
 
ᠢᠷᠡᠯᠲᠡ᠄ ᠰᠢᠨᠬᠤᠸᠠ ᠮᠣᠩᠭᠤᠯ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号