ᠲᠠᠯ᠎ᠠ ᠨᠤᠳᠤᠭ ᠤᠨ ᠭᠠᠪᠰᠢᠭᠠᠢ ᠮᠤᠷᠢᠳᠤ ᠴᠡᠷᠢᠭ ᠤᠨ ᠵᠢᠪᠬᠤᠭ᠎ᠠ ᠶᠢ ᠪᠦᠵᠢᠭᠳᠦ ᠵᠦᠴᠦᠬᠡ ᠪᠠᠷ ᠬᠠᠷᠠᠭᠤᠯᠤᠨᠠᠮ
ᠨᠡᠶᠢᠲᠡᠯᠡᠭᠰᠡᠨ ᠴᠠᠭ᠄
2019/11/22
 
   ᠰᠢᠨᠬᠤᠸᠠ ᠮᠤᠩᠬᠤᠯ ᠨᠧᠲ ᠬᠦᠬᠡᠬᠤᠳᠠ ᠶᠢᠨ 10 ᠰᠠᠷ᠎ᠠ ᠶᠢᠨ 27 ᠤ ᠡᠳᠤᠷ ᠤᠨ ᠴᠠᠬᠢᠯᠭᠠᠨ ᠮᠡᠳᠡᠭᠡ ︵ᠪᠠᠢ ᠯᠢᠩ ᠳ᠋ᠢ︶ ᠤᠶᠢᠷ᠎ᠠ ᠳᠤ᠂ ᠦᠨᠳᠤᠰᠦᠳᠡᠨ ᠤ ᠪᠦᠵᠢᠭᠳᠦ ᠵᠦᠴᠦᠬᠡ ︽ᠮᠤᠷᠢᠳᠤ ᠴᠡᠷᠢᠭ︾ ᠦᠪᠦᠷ ᠮᠤᠩᠬᠤᠯ ᠤᠨ ᠦᠨᠳᠤᠰᠦᠳᠡᠨ ᠤ ᠤᠷᠠᠯᠢᠭ ᠵᠦᠴᠦᠬᠡ ᠶᠢᠨ ᠬᠦᠷᠢᠶᠡᠯᠡᠩ ᠳᠤ ᠲᠤᠭᠯᠠᠭᠰᠠᠨ ᠢᠶᠠᠷ ᠢᠷᠭᠡᠳ ᠤᠨ ᠰᠤᠶᠤᠯ ᠤᠨ ᠠᠮᠢᠳᠤᠷᠠᠯ ᠢ ᠬᠦᠭᠵᠢᠬᠡᠭᠰᠡᠨ ᠪᠠᠶᠢᠨ᠎ᠠ᠃    ︽ᠮᠤᠷᠢᠳᠤ ᠴᠡᠷᠢᠭ︾ ᠪᠤᠯ ᠦᠪᠦᠷ ᠮᠤᠩᠬᠤᠯ ᠤᠨ ᠦᠨᠳᠤᠰᠦᠳᠡᠨ ᠤ ᠤᠷᠠᠯᠢᠭ ᠵᠦᠴᠦᠬᠡ ᠶᠢᠨ ᠬᠦᠷᠢᠶᠡᠯᠡᠩ ᠤᠨ ᠪᠡᠶ᠎ᠡ ᠲᠠᠭᠠᠭᠠᠨ ᠨᠠᠶᠢᠷᠠᠭᠤᠯᠵᠤ ᠪᠦᠲᠦᠭᠡᠭᠰᠡᠨ ᠪᠦᠵᠢᠭᠳᠦ ᠵᠦᠴᠦᠬᠡ ᠪᠤᠯᠤᠨ᠎ᠠ᠃ ᠦᠨᠦ ᠵᠢᠯ ᠤᠨ 8 ᠰᠠᠷ᠎ᠠ ᠳᠤ ᠠᠩᠬᠠᠨ ᠤ ᠲᠤᠭᠯᠠᠯᠳᠠ ᠪᠠᠨ ᠬᠢᠭᠰᠡᠨ ᠠᠴᠠ ᠨᠠᠰᠢ ᠬᠦᠮᠦᠰ ᠤᠨ ᠠᠩᠬᠠᠷᠤᠯ ᠢ ᠲᠠᠳᠠᠭᠰᠠᠨ ᠪᠦᠬᠡᠳ ᠰᠠᠶᠢᠨ ᠦᠨᠡᠯᠡᠭᠡ ᠶᠢ ᠤᠯᠪᠠ᠃     ᠲᠤᠰ ᠪᠦᠵᠢᠭᠳᠦ ᠵᠦᠴᠦᠬᠡ ᠨᠢ ᠤᠷᠤᠰᠢᠯ ᠪᠠ ᠵᠢᠷᠭᠤᠭᠠᠨ ᠦᠵᠡᠭᠳᠡᠯ ᠢᠶᠠᠷ ᠪᠦᠷᠢᠯᠳᠤᠵᠤ᠂ ᠪᠦᠵᠢᠭ ᠤᠨ ᠤᠷᠠᠯᠢᠭ ᠤᠨ ᠠᠷᠭ᠎ᠠ ᠪᠠᠷ ᠮᠤᠷᠢᠳᠤ ᠴᠡᠷᠢᠭ ᠤᠨ ᠦᠯᠢᠭᠡᠷ ᠢ ᠬᠦᠦᠷᠨᠢᠵᠤ᠂ ᠲᠠᠯ᠎ᠠ ᠨᠤᠳᠤᠭ ᠤᠨ ᠮᠤᠷᠢᠳᠤ ᠴᠡᠷᠢᠭ ᠤᠨ ᠴᠢᠩᠭ᠎ᠠ ᠬᠠᠳᠠᠭᠤ ᠲᠡᠮᠡᠴᠡᠯ ᠤᠨ ᠵᠤᠷᠢᠭ ᠪᠠ ᠰᠠᠭᠠᠳ ᠪᠡᠷᠬᠡᠰᠢᠶᠡᠯ ᠢ ᠲᠠᠪᠠᠨ ᠲᠤᠭᠤᠯᠬᠤ ᠢᠳᠡᠬᠡᠯ ᠦᠨᠡᠮᠰᠢᠯ ᠢ ᠮᠠᠭᠳᠠᠵᠠᠢ᠃
 
ᠢᠷᠡᠯᠲᠡ᠄ ᠰᠢᠨᠬᠤᠸᠠ ᠮᠣᠩᠭᠤᠯ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号