ᠴᠢᠰᠤᠨ ᠳᠠᠷᠤᠯᠲᠠ ᠥᠨᠳᠥᠷ ᠡᠪᠡᠳᠴᠢᠳᠠᠨ᠂ ᠰᠢᠬᠢᠷ ᠰᠢᠵᠢᠩ ᠡᠪᠡᠳᠴᠢᠲᠡᠨ ᠤ  ᠡᠭᠦᠳᠡᠨ ᠡᠮᠨᠡᠯᠭᠡ ᠳᠤ ᠡᠮ ᠬᠡᠷᠡᠭᠯᠡᠭᠰᠡᠨ ᠵᠠᠷᠤᠳᠠᠯ ᠤᠨ 50% ᠠᠴᠠ ᠳᠡᠭᠡᠭᠰᠢᠬᠢ ᠶᠢ  ᠲᠠᠩᠰᠠᠨ ᠠᠴᠠ ᠲᠠᠶᠢᠯᠵᠤ ᠨᠠᠰᠤᠲᠠᠶᠢᠴᠤᠳ ᠤᠨ ᠡᠷᠡᠭᠦᠯ ᠮᠡᠨᠳᠦ ᠨᠠᠰᠤᠵᠢᠯ ᠤᠨ  ᠬᠡᠷᠡᠭᠴᠡᠭᠡ ᠶᠢ ᠨᠠᠩ ᠰᠠᠶᠢᠨ ᠬᠠᠨᠭ᠍ᠭᠠᠨ᠎ᠠ
ᠨᠡᠶᠢᠲᠡᠯᠡᠭᠰᠡᠨ ᠴᠠᠭ᠄
2019/11/22
  ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 8 ᠤ ᠡᠳᠦᠷ ᠤᠨ ᠮᠡᠳᠡᠭᠡ ︵ᠰᠤᠷᠪᠤᠯᠵᠢᠯᠠᠭᠴᠢ ᠴᠧᠨ ᠹᠠᠩ᠂ ᠴᠢᠦᠶ ᠲᠢᠩ᠂ ᠲᠢᠶᠠᠨ ᠰᠢᠶᠣᠤ ᠬᠠᠩ︶  ᠬᠤᠲᠠ  ᠬᠥᠳᠡᠭᠡ ᠶᠢᠨ  ᠰᠠᠭᠤᠭᠠᠯᠢ  ᠠᠷᠠᠳ ᠤᠨ  ᠦᠨᠳᠦᠰᠦᠨ  ᠡᠮ  ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ 3 ᠳ᠋ᠦᠩᠰᠢᠭᠤᠷ ᠭᠠᠷᠤᠶ  ᠴᠢᠰᠤᠨ  ᠳᠠᠷᠤᠯᠲᠠ  ᠥᠨᠳᠥᠷ  ᠡᠪᠡᠳᠴᠢᠳᠠᠨ᠂  ᠰᠢᠬᠢᠷ  ᠰᠢᠵᠢᠩ ᠡᠪᠡᠳᠴᠢᠲᠡᠨ ᠲᠦᠷᠦᠭᠦᠬᠡᠨ ︽ᠠᠰᠢᠬᠳᠠᠢ  ᠴᠢᠮᠡᠭᠡ︾  ᠤᠯᠪᠠ᠄  ᠲᠡᠲᠡᠨ ᠤ  ᠤᠯᠤᠰ ᠤᠨ  ᠦᠨᠳᠦᠰᠦᠨ  ᠡᠮ  ᠡᠮᠨᠡᠯᠭᠡ ᠶᠢᠨ ᠳᠠᠭᠠᠳᠬᠠᠯ ᠤᠨ ᠬᠡᠷᠡᠭᠯᠡᠬᠦ ᠡᠮ ᠤᠨ ᠭᠠᠷᠴᠠᠭ ᠤᠨ ᠬᠡᠪᠴᠢᠶᠡᠨ ᠳᠣᠲᠣᠷᠠᠬᠢ ᠡᠭᠦᠳᠡᠨ ᠡᠮᠨᠡᠯᠭᠡ ᠳᠤ ᠡᠮ ᠬᠡᠷᠡᠭᠯᠡᠭᠰᠡᠨ ᠵᠠᠷᠤᠳᠠᠯ ᠤᠨ ᠳᠠᠩᠰᠠᠠ ᠠᠴᠠ ᠲᠠᠶᠢᠯᠬᠤ ᠬᠠᠷᠢᠴᠠᠯ ᠢ 50% ᠠᠴᠠ ᠳᠡᠭᠡᠭᠰᠢ ᠪᠣᠯᠲᠠᠯ᠎ᠠ ᠲᠡᠭᠡᠭᠰᠢᠯᠡᠭᠦᠯᠪᠡ᠃            ᠡᠮᠦᠨᠡᠭᠡᠨ᠂ ᠮᠠᠨ ᠤ ᠤᠯᠤᠰ ᠤᠨ ᠣᠯᠠᠨ  ᠭᠠᠵᠠᠷ ᠤᠨ ᠬᠢᠨ  ᠡᠭᠦᠳᠡᠨ  ᠡᠮᠨᠡᠯᠭᠡ ᠶᠢᠨ  ᠬᠦᠨᠳᠦ  ᠡᠪᠡᠳᠴᠢᠨ  ᠪᠤᠶᠤ ᠤᠳᠠᠭᠠᠨ ᠴᠢᠨᠠᠷᠲᠠᠶ ᠡᠪᠡᠳᠴᠢᠨ ᠤ ᠪᠠᠲᠤᠯᠠᠭ᠎ᠠ ᠶᠢᠨ  ᠲᠣᠭᠲᠠᠴᠠ ᠪᠠᠷ  ᠳᠠᠮᠵᠢᠭᠤᠯᠤᠨ᠂  ᠡᠪᠡᠳᠴᠢᠨ ᠤ  ᠪᠠᠶᠢᠳᠠᠯ ᠨᠢ  ᠬᠦᠨᠳᠦ ᠨᠣᠴᠢᠲᠠᠶ᠂ ᠵᠣᠬᠢᠬᠤ ᠡᠪᠡᠳᠴᠢᠨ ᠤ ᠪᠠᠶᠢᠳᠠᠯ ᠳᠤ ᠲᠣᠬᠢᠷᠠᠬᠤ ᠵᠠᠷᠢᠮ  ᠴᠢᠰᠤᠨ  ᠳᠠᠷᠤᠯᠲᠠ  ᠥᠨᠳᠥᠷ  ᠡᠪᠡᠳᠴᠢᠳᠠᠨ᠂  ᠰᠢᠬᠢᠷ ᠰᠢᠵᠢᠩ ᠡᠪᠡᠳᠴᠢᠲᠡᠨ ᠤ ᠡᠪᠡᠳᠴᠢᠨ ᠤ ᠳᠠᠷᠤᠭᠠᠰᠤ ᠶᠢ ᠬᠥᠩᠭᠡᠷᠡᠭᠦᠯᠵᠡᠶ᠃ ᠭᠡᠪᠡᠴᠦ ᠡᠯ᠎ᠡ ᠭᠠᠵᠠᠷ ᠤᠨ  ᠡᠭᠦᠳᠡᠨ  ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠪᠠᠲᠤᠯᠠᠭ᠎ᠠ  ᠬᠠᠨᠭ᠍ᠭᠠᠬᠤ  ᠨᠥᠬᠦᠴᠡᠯ ᠨᠢ  ᠨᠡᠶᠢᠳᠡᠮ ᠳᠡᠭᠡᠨ  ᠨᠡᠯᠢᠶᠡᠳ  ᠥᠨᠳᠥᠷ  ᠪᠠᠶᠢᠵᠤ᠂ ᠡᠷᠴᠢᠮ ᠨᠢ ᠴᠦ ᠠᠳᠠᠯᠢ ᠥᠬᠡᠶ ᠪᠠᠶᠢᠨ᠎ᠠ᠃              ᠤᠯᠤᠰ ᠤᠨ ᠡᠷᠡᠭᠦᠯ  ᠬᠠᠮᠠᠭᠠᠯᠠᠯ  ᠡᠷᠡᠭᠦᠯ  ᠮᠡᠨᠳᠦ ᠶᠢᠨ  ᠵᠥᠪᠯᠡᠯ ᠤᠨ  ᠡᠷᠡᠭᠦᠯ  ᠬᠠᠮᠠᠭᠠᠯᠠᠯ ᠤᠨ  ᠬᠥᠭᠵᠢᠯᠲᠡ ᠶᠢᠨ ᠰᠤᠳᠤᠯᠭᠠᠨ ᠤ ᠲᠥᠪ ᠤᠨ ᠰᠤᠳᠤᠯᠤᠭᠴᠢ᠂ ᠡᠮ ᠡᠮᠨᠡᠯᠭᠡ ᠶᠢᠨ ᠪᠠᠲᠤᠯᠠᠭ᠎ᠠ ᠶᠢᠨ ᠰᠤᠳᠤᠯᠭᠠᠨ ᠤ  ᠲᠠᠰᠤᠭ ᠤᠨ  ᠡᠷᠬᠢᠯᠡᠭᠴᠢ  ᠭᠦ᠋ ᠰᠢᠤᠸᠠᠢ ᠹᠸᠢ ᠬᠡᠯᠡᠭᠦ ᠳᠡᠭᠡᠨ᠂ ᠮᠠᠨ ᠤ ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ  ᠳᠠᠭᠠᠳᠬᠠᠯ  ᠪᠠ  ᠬᠤᠲᠠ  ᠬᠥᠳᠡᠭᠡ ᠶᠢᠨ  ᠰᠠᠭᠤᠭᠠᠯᠢ  ᠠᠷᠠᠳ ᠤᠨ  ᠡᠮ  ᠡᠮᠨᠡᠯᠭᠡ ᠶᠢᠨ  ᠳᠠᠭᠠᠳᠬᠠᠯ  ᠭᠡᠵᠦ ᠬᠤᠪᠢᠶᠠᠨ᠎ᠠ᠃ ᠡᠨᠡᠭᠦ ᠡᠮ  ᠡᠮᠨᠡᠯᠭᠡ ᠶᠢᠨ  ᠳᠠᠭᠠᠳᠬᠠᠯ ᠤᠨ  ᠰᠢᠨ᠎ᠠ  ᠠᠷᠭ᠎ᠠ  ᠠᠪᠴᠠᠯ ᠨᠢ  ᠠᠰᠢᠭ  ᠬᠦᠷᠲᠡᠭᠰᠡᠳ ᠢ  ︽ᠳᠡᠰ ᠳᠡᠪᠰᠢᠭᠦᠯᠵᠦ︾᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ  ᠡᠮ  ᠡᠮᠨᠡᠯᠭᠡ ᠶᠢᠨ  ᠳᠠᠭᠠᠳᠬᠠᠯ ᠳᠠᠬᠢ  ᠡᠩ ᠤᠨ  ᠴᠢᠰᠤᠨ ᠳᠠᠷᠤᠯᠲᠠ ᠥᠨᠳᠥᠷ ᠡᠪᠡᠳᠴᠢᠳᠠᠨ᠂ ᠰᠢᠬᠢᠷ  ᠰᠢᠵᠢᠩ  ᠡᠪᠡᠳᠴᠢᠲᠡᠨ ᠢ  ᠬᠠᠮᠤᠷᠴᠠᠶ︔  ᠬᠤᠶᠠᠷ  ᠶᠡᠭᠡ  ᠤᠳᠠᠭᠠᠨ  ᠴᠢᠨᠠᠷᠲᠠᠶ ᠡᠪᠡᠳᠴᠢᠨ ᠤ ᠡᠭᠦᠳᠡᠨ ᠡᠮᠨᠡᠯᠭᠡ ᠶᠢᠨ ᠳᠠᠩᠰᠠᠨ ᠠᠴᠠ  ᠲᠠᠶᠢᠯᠬᠤ  ᠬᠠᠷᠢᠴᠠᠯ ᠢ  ᠨᠡᠮᠡᠭᠳᠡᠭᠦᠯᠦᠭᠰᠡᠨ   ᠨᠢ  ᠬᠡᠳᠦᠨ  ᠳ᠋ᠦᠩᠰᠢᠭᠤᠷ ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠭᠦ ᠪᠤᠯᠤᠨ᠎ᠠ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号