ᠡᠸᠡᠩᠬᠢ ᠬᠤᠰᠢᠭᠤᠨ ᠤ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠵᠤ ᠤᠶᠢᠵᠢᠭᠤᠯᠤᠭᠰᠠᠨ ᠦᠷ᠎ᠡ ᠪᠦᠳᠦᠬᠡᠯ ᠢᠶᠠᠨ ᠪᠠᠳᠤᠳᠬᠠᠬᠤ ᠠᠵᠢᠯ ᠤᠨ ᠰᠠᠨᠠᠭᠤᠯᠤᠮᠵᠢ
ᠨᠡᠶᠢᠲᠡᠯᠡᠭᠰᠡᠨ ᠴᠠᠭ᠄
2019/2/28
    ᠭᠤᠷᠪᠠᠨ ᠤᠮᠠᠷᠠᠳᠤ ᠶᠢᠨ ᠬᠠᠯᠬᠠᠪᠴᠢ ᠤᠢ ᠶᠢᠨ ᠢᠨᠵᠧᠨᠧᠷᠢᠩ ᠤᠨ ᠬᠦᠮᠦᠨ ᠤ ᠬᠦᠴᠦᠨ ᠢᠶᠠᠷ ᠤᠶᠢᠵᠢᠭᠤᠯᠬᠤ ᠲᠦᠷᠦᠯ ᠵᠦᠢᠯ ᠤᠨ ᠦᠷᠭᠦᠯᠵᠢᠯᠡᠨ ᠠᠬᠢᠭᠤᠯᠤᠭᠳᠠᠬᠤ ᠶᠢ ᠲᠠᠭᠠᠯᠳᠤᠨ᠂ ᠲᠦᠴᠢᠨ ᠵᠢᠯ ᠤᠨ ᠲᠤᠷᠰᠢ ᠂ ᠡᠸᠡᠩᠭᠢ ᠬᠤᠰᠢᠭᠤᠨ ᠠᠴᠠ ᠨᠡᠭᠦᠳᠠᠯ ︵ᠬᠠᠭᠠᠰ ᠲᠤᠭᠳᠠᠩᠭᠤᠢ᠂ ᠲᠤᠭᠳᠠᠩᠭᠤᠢ︶ ᠡᠯᠡᠰᠦ᠂  ᠲᠠᠴᠢᠷᠳᠠᠵᠤ ᠮᠠᠭᠤᠳᠠᠭᠰᠠᠨ ᠠᠲᠠᠷ ᠭᠠᠵᠠᠷ ᠢ ᠨᠠᠶᠢᠳᠠ 35.6025 ᠲᠦᠮᠡᠨ ᠮᠦ ᠵᠠᠰᠠᠭᠰᠠᠨ ᠪᠠᠶᠢᠨ᠎ᠠ᠃ 2017 ᠤᠨ ᠤ ᠰᠡᠭᠦᠯᠴᠢ ᠪᠤᠯᠳᠠᠯ᠎ᠠ᠂ ᠡᠸᠡᠩᠬᠢ ᠬᠤᠰᠢᠭᠤᠨ ᠤ ᠬᠢᠯᠢ ᠶᠢᠨ ᠲᠤᠲᠤᠷᠠᠬᠢ ᠶᠡᠭᠡ ᠬᠡᠮᠵᠢᠶᠠᠨ ᠤ  ᠡᠯᠡᠰᠦᠷᠬᠡᠭ ᠭᠠᠵᠠᠷ᠂ ᠲᠠᠴᠢᠷᠳᠠᠵᠦ ᠮᠠᠭᠤᠳᠠᠭᠰᠠᠨ ᠭᠠᠵᠠᠷ ᠢ  ᠪᠦᠬᠦᠨ ᠢ ᠪᠦᠳᠦᠮᠵᠢᠲᠠᠢ ᠪᠠᠷ ᠬᠢᠵᠠᠭᠠᠷᠯᠠᠨ ᠵᠠᠰᠠᠵᠤ᠂  ᠡᠭᠦᠨ ᠢᠶᠠᠷ ᠲᠠᠮᠵᠢᠨ ᠲᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ᠂ ᠠᠩᠬᠠᠨ ᠤ ᠱᠠᠳᠤᠨ ᠤ ᠲᠡᠮᠡᠴᠡᠬᠦ ᠬᠠᠷᠠᠯᠳᠠ ᠪᠠᠨ ᠪᠠᠶᠠᠯᠡᠭᠦᠯᠦᠭᠰᠡᠨ ᠪᠠᠶᠢᠨ᠎ᠠ᠃         ᠨᠢᠭᠡ᠂  ᠠᠵᠢᠯ ᠤᠨ ᠤᠯᠤᠭᠰᠠᠨ ᠦᠷ᠎ᠡ ᠪᠦᠲᠦᠭᠡᠯ     ᠡᠸᠡᠩᠬᠢ ᠬᠤᠰᠢᠭᠤᠨ ᠤ ᠤᠢ ᠰᠢᠭᠤᠢ ᠶᠢᠨ ᠰᠠᠯᠠᠭ᠎ᠠ ᠮᠦᠴᠢᠷ ᠠᠴᠠ ᠴᠢᠨᠠᠷ ᠰᠠᠶᠢᠳᠠᠢ ᠡᠪᠡᠰᠦ ᠪᠡᠯᠴᠢᠭᠡᠷ ᠢ ᠬᠦᠨᠳᠦ ᠨᠤᠴᠢᠲᠠᠢ ᠬᠦᠨᠦᠭᠡᠳᠡᠭ ᠡᠯᠡᠰᠦᠨ ᠪᠦᠰᠡ᠂ ᠡᠯᠡᠰᠦᠷᠭᠡᠭ ᠭᠠᠵᠠᠷ ᠢ ᠲᠤᠪᠤᠶᠢᠯᠭᠠᠨ ᠵᠠᠰᠠᠵᠠᠢ᠂ ᠲᠠᠷᠤᠢ ᠬᠤᠢ ᠰᠤᠮᠤᠨ ᠤ ᠤᠩᠭᠤᠨᠳᠤᠬᠤᠢ ᠭᠠᠴᠠᠭ᠎ᠠ᠂ ᠳ᠋ᠧᠷᠠᠩ ᠵᠤᠰᠠᠯᠠᠩ  ︔ ᠢᠮᠢᠨ ᠰᠤᠮᠤᠨ ᠤ ᠪᠢᠯᠢᠭᠦᠳᠦ ᠭᠠᠴᠠᠭ᠎ᠠ︔ ᠰᠢᠨᠡᠭᠡᠨ ᠵᠡᠭᠦᠨ ᠰᠤᠮᠤᠨ ᠤ ᠬᠡᠷᠡᠭ ᠡᠷᠬᠢᠯᠡᠬᠦ ᠭᠠᠵᠠᠷ ᠤᠨ ᠡᠯᠡᠰᠦᠷᠭᠡᠭ ᠭᠠᠵᠠᠷ ᠪᠤᠯᠤᠨ᠎ᠠ᠃ ᠡᠳᠡᠭᠡᠷ ᠡᠯᠡᠰᠦᠷᠭᠡᠭ ᠭᠠᠵᠠᠷ ᠨᠢ ᠲᠤᠰ ᠲᠤᠰ ᠲᠤ ᠪᠠᠨ ᠵᠠᠯᠭᠠᠯᠳᠤᠵᠦ᠂ ᠤᠷᠤᠨ ᠪᠦᠰᠡ ᠶᠢᠨ ᠴᠢᠨᠠᠷᠲᠠᠢ ᠡᠯᠡᠰᠦᠨ ᠪᠦᠰᠡ ᠪᠦᠷᠢᠯᠳᠦᠵᠦ᠂ ᠮᠦᠨ ᠴᠦ ᠦᠷᠬᠦᠯᠵᠢᠯᠡᠨ ᠦᠷᠭᠡᠵᠢᠬᠦ ᠬᠠᠨᠳᠤᠰᠢ ᠲᠠᠢ ᠪᠠᠶᠢᠵᠦ᠂ ᠤᠶᠢᠷ᠎ᠠ ᠬᠠᠪᠢ ᠶᠢᠨ ᠠᠶᠢᠯ ᠲᠤᠰᠬᠤᠨ ᠪᠠ ᠴᠢᠨᠠᠷ ᠰᠠᠶᠢᠳᠠᠢ ᠡᠪᠡᠰᠦ ᠪᠡᠯᠴᠢᠭᠡᠷ ᠲᠤ ᠲᠠᠰᠤᠷᠠᠯᠳᠠ ᠦᠭᠡᠢ ᠬᠦᠨᠦᠭᠡᠯ ᠤᠴᠠᠷᠠᠭᠤᠯᠵᠦ ᠪᠠᠶᠢᠨ᠎ᠠ᠃ ᠡᠶᠢᠮᠦ ᠠᠴᠠ᠂ ᠡᠸᠡᠩᠬᠢ ᠬᠤᠰᠢᠭᠤ 2009 ᠤᠨ ᠠᠴᠠ 2013 ᠤᠨ ᠪᠤᠯᠳᠠᠯ᠎ᠠ ᠲᠦᠪᠯᠡᠷᠡᠭᠦᠯᠦᠨ ᠵᠠᠰᠠᠵᠦ᠂  ᠡᠯᠡᠰᠦᠷᠭᠡᠭ ᠭᠠᠵᠠᠷ  ᠲᠤ ᠬᠦᠮᠦᠨ ᠤ ᠬᠦᠴᠦᠨ ᠢᠶᠠᠷ ᠡᠪᠡᠰᠦ ᠲᠠᠷᠢᠵᠦ ᠤᠰᠤᠯᠠᠨ᠂ ᠰᠢᠭᠤᠳ ᠤᠶᠢᠵᠢᠭᠤᠯᠤᠭᠰᠠᠨ ᠭᠠᠵᠠᠷ ᠤᠨ ᠶᠠᠷᠥᠩᠬᠡᠢ ᠬᠡᠰᠡᠭ ᠤᠨ ᠲᠤᠭ᠎ᠠ ᠨᠢ 87 ᠬᠡᠰᠡᠭ᠂ ᠶᠡᠷᠥᠩᠬᠡᠢ ᠲᠠᠯᠠᠪᠠᠢ ᠨᠢ 20000 ᠮᠦ ᠪᠤᠯᠤᠭᠰᠠᠨ ᠪᠠᠶᠢᠨ᠎ᠠ᠃     ᠡᠯᠡᠰᠦᠷᠬᠡᠭ ᠭᠠᠵᠠᠷ ᠢ ᠵᠠᠰᠠᠭᠰᠠᠨ ᠤ ᠲᠠᠷᠠᠭ᠎ᠠ ᠤᠶᠢᠷ᠎ᠠ ᠬᠠᠪᠢ ᠶᠢᠨ ᠴᠢᠨᠠᠷ ᠰᠠᠶᠢᠳᠠᠢ ᠡᠪᠡᠰᠦ ᠪᠠᠯᠴᠢᠭᠡᠷ ᠢ ᠪᠦᠳᠦᠮᠵᠢᠲᠠᠢ ᠬᠠᠮᠠᠭᠠᠯᠠᠵᠦ᠂ ᠨᠢᠭᠡᠴᠢ ᠲᠠᠯᠠᠪᠠᠢ ᠶᠢᠨ ᠡᠪᠡᠰᠦᠨ ᠤ ᠤᠨᠠᠯᠳᠠ ᠶᠢ ᠶᠡᠭᠡ ᠬᠡᠮᠵᠢᠶ᠎ᠠ ᠪᠠᠷ ᠲᠡᠭᠡᠭᠰᠢᠯᠡᠬᠦᠯᠵᠦ ᠂ ᠤᠷᠤᠨ ᠨᠤᠲᠤᠭ ‍ᠤᠨ‌‍ᠲ᠋ᠠᠷᠢᠶᠠᠯᠡᠩ ᠮᠠᠯ ᠠᠵᠤ ᠠᠬᠤᠢ ᠶᠢᠨ ᠬᠦᠭᠵᠢᠯᠳᠠ ᠶᠢ ᠠᠬᠢᠭᠤᠯᠵᠦ᠂ ᠮᠠᠯᠴᠢᠨ ᠲᠦᠮᠡᠨ ᠳᠤ ᠪᠤᠳᠠᠳᠤ ᠠᠰᠢᠭ ᠲᠤᠰᠠ ᠠᠪᠴᠢᠷᠠᠭᠰᠠᠨ ᠪᠠᠶᠢᠨ᠎ᠠ᠃ ᠡᠭᠦᠨ ᠤ ᠬᠠᠮᠳᠦ᠂ ᠬᠠᠶᠢᠯᠡᠷ ᠤᠨ ᠠᠭᠠᠷ ᠤᠨ ᠠᠶᠠᠯᠡᠯ ᠤᠨ ᠱᠤᠭᠤᠮ ᠤᠨ ᠲᠤᠤᠷᠠᠬᠢ ᠲᠠᠯ᠎ᠠ ᠨᠤᠳᠤᠭ ᠤᠨ ᠦᠩᠭᠡ ᠦᠵᠡᠮᠵᠢ ᠶᠢ ᠰᠠᠶᠢᠵᠢᠷᠠᠭᠤᠯᠵᠤ᠂ ᠬᠦᠯᠦᠨ ᠪᠤᠶᠢᠷ ᠬᠤᠳᠠ ᠪᠤᠯᠤᠨ ᠡᠸᠡᠩᠬᠢ ᠬᠤᠰᠢᠭᠤᠨ ᠤ ᠠᠮᠢ ᠠᠬᠤᠢ ᠶᠢᠨ ᠪᠤᠯᠪᠠᠰᠦᠨ ᠤ ᠲᠦᠷᠢ ᠲᠦᠷᠬᠦ ᠶᠢ ᠲᠡᠭᠡᠭᠰᠢᠯᠡᠭᠦᠯᠵᠦ᠂ ᠡᠸᠡᠩᠬᠢ ᠬᠤᠰᠢᠭᠤ ᠲᠠᠷᠡᠴᠢᠯᠡᠨ ᠬᠦᠯᠦᠨ ᠪᠤᠶᠢᠷ ᠬᠤᠳᠠ ᠶᠢᠨ ᠵᠢᠭᠤᠯᠴᠢᠯᠡᠯ ᠤᠨ ᠦᠢᠯᠡᠰ ᠤᠨ ᠬᠦᠭᠵᠢᠯᠳᠠ ᠪᠠ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠠᠵᠢᠯ ᠢ ᠠᠬᠢᠭᠤᠯᠬᠤ ᠳᠤ ᠢᠳᠡᠪᠬᠢᠲᠠᠢ  ᠦᠢᠯᠡᠳᠦᠯ ᠦᠵᠡᠭᠦᠯᠪᠠ  ᠃         ᠬᠤᠶᠠᠷ᠂ ᠤᠷᠤᠰᠢᠵᠤ ᠪᠠᠶᠢᠭ᠎ᠠ ᠠᠰᠠᠭᠤᠳᠠᠯ     ᠤᠶᠢᠷ᠎ᠠ ᠶᠢᠨ ᠬᠡᠳᠦᠨ ᠵᠢᠯ ᠠᠭᠤᠷ ᠠᠮᠢᠰᠬᠤᠯ ᠦᠷᠭᠦᠯᠵᠢᠯᠡᠨ ᠭᠠᠩ ᠬᠠᠭᠤᠷᠠᠢ ᠠᠴᠠ ᠪᠤᠯᠵᠦ᠂ ᠲᠠᠯ᠎ᠠ ᠨᠤᠲᠤᠭ ᠤᠨ ᠪᠡᠯᠴᠢᠭᠡᠷ ᠡᠪᠡᠰᠦ ᠬᠠᠲᠠᠵᠦ ᠰᠢᠷᠠᠯᠡᠨ᠂  ᠰᠡᠶᠢᠷᠡᠭᠵᠢᠨ᠂ ᠪᠤᠭᠤᠨᠢ ᠪᠤᠯᠵᠦ᠂ ᠮᠠᠯᠴᠢᠳ ᠤᠨ ᠲᠦᠰᠢᠭᠯᠡᠨ ᠠᠵᠤ ᠲᠦᠷᠦᠵᠦ ᠪᠠᠶᠢᠭ᠎ᠠ ᠦᠢᠯᠡᠳᠪᠦᠷᠢᠯᠡᠯ ᠤᠨ ᠮᠠᠲ᠋ᠧᠷᠢᠶᠠᠯ — ᠲᠠᠯ᠎ᠠ ᠨᠤᠳᠤᠭ ᠮᠠᠰᠢ ᠬᠡᠪᠡᠷᠡᠭ ᠪᠤᠯᠵᠠᠢ᠃ ᠬᠡᠪᠡᠴᠦ  ᠲᠤᠤᠷᠯᠠᠭᠰᠠᠨ ᠬᠦᠷᠢᠶ᠎ᠡ ᠲᠤᠲᠤᠷᠡᠬᠢ ᠡᠪᠡᠰᠦ ᠪᠠᠯᠴᠢᠭᠡᠷ ᠨᠢ ᠪᠡᠯᠴᠢᠭᠡᠷ ᠲᠡᠭᠡᠷᠡᠬᠢ ᠡᠪᠡᠰᠦ ᠪᠡᠯᠴᠢᠭᠡᠷ ᠢᠶᠠᠨ ᠪᠣᠳᠤᠪᠠᠯ ᠦᠨᠳᠦᠷ ᠤᠨ ᠬᠡᠮᠵᠢᠶ᠎ᠡ᠂ ᠪᠦᠷᠭᠦᠴᠡ᠂ ᠴᠢᠨᠠᠷ ᠴᠢᠨᠰᠠᠭ᠎ᠠ ᠲᠠᠭᠡᠷ᠎ᠡ ᠪᠠᠨ ᠪᠦᠷ ᠬᠠᠷᠢᠴᠠᠩᠭᠤᠢ ᠲᠠᠪᠠᠭᠤᠯᠢᠭ ᠪᠠᠶᠢᠨ᠎ᠠ᠂ ᠡᠶᠢᠮᠦ ᠠᠴᠠ ᠤᠶᠢᠷ᠎ᠠ ᠬᠠᠪᠢ ᠶᠢᠨ ᠮᠠᠯᠴᠢᠳ ᠪᠤᠯᠢᠶᠠᠯᠳᠤᠨ ᠤᠷᠤᠵᠤ ᠢᠷᠡᠵᠦ ᠮᠠᠯ ᠬᠠᠷᠢᠭᠤᠯᠵᠦ ᠪᠤᠢ᠃ ᠡᠭᠦᠨ ᠠᠴᠠ ᠪᠤᠯᠵᠦ᠂ ᠲᠤᠤᠷ ᠬᠠᠰᠢᠶ᠎ᠠ ᠪᠤᠯᠤᠨ ᠲᠤᠨᠤᠭ ᠲᠦᠭᠦᠭᠡᠷᠦᠮᠵᠢ ᠨᠢ ᠬᠦᠨᠳᠦ ᠨᠤᠴᠢᠲᠠᠢ ᠡᠪᠳᠡᠭᠳᠡᠵᠦ᠂ ᠮᠠᠯ ᠬᠠᠷ᠎ᠠ ᠲᠠᠰᠦᠷᠠᠯᠳᠠ ᠦᠭᠡᠢ ᠢᠳᠡᠭᠡᠰᠢᠯᠡᠵᠦ ᠭᠢᠰᠭᠢᠭᠰᠡᠨ ᠠᠴᠠ ᠪᠤᠯᠵᠦ ᠨᠢᠭᠡᠨᠳᠡ ᠵᠠᠰᠠᠵᠤ ᠲᠤᠭᠳᠠᠩᠭᠤᠢ  ᠂ ᠬᠠᠭᠠᠰ ᠲᠤᠭᠳᠠᠩᠭᠤᠢ ᠪᠤᠯᠤᠭᠰᠠᠨ ᠡᠯᠡᠰᠦᠷᠭᠡᠭ ᠭᠠᠵᠠᠷ ᠨᠢ ᠲᠠᠬᠢᠨᠳᠠ ᠡᠰᠡᠷᠭᠦ ᠲᠠᠰᠢ ᠪᠠᠨ ᠬᠦᠭᠵᠢᠵᠦ᠂ ᠨᠠᠭᠦᠳᠡᠯ ᠡᠯᠡᠰᠦᠨ ᠭᠠᠵᠠᠷ ᠪᠤᠯᠵᠦ᠂ ᠤᠷᠢᠳᠤᠬᠢ  ᠴᠢᠷᠮᠠᠶᠢᠯᠭ᠎ᠠ ᠬᠤᠭᠤᠰᠤᠨ ᠪᠤᠯᠵᠦ᠂ ᠬᠤᠬᠢᠷᠠᠬᠤ ᠪᠠᠶᠢᠳᠠᠯ ᠭᠠᠷᠴᠦ᠂ ᠤᠯᠤᠰ᠂ ᠦᠪᠡᠷᠳᠡᠭᠡᠨ ᠵᠠᠰᠠᠬᠤ ᠬᠤᠰᠢᠭᠤ᠂ ᠪᠠᠷᠢᠯᠭ᠎ᠠ ᠬᠢᠵᠦ  ᠬᠠᠮᠢᠶᠠᠷᠤᠯᠳᠠ ᠬᠢᠭᠦ  ᠨᠢᠭᠡᠴᠡ  ᠳᠤ  ᠬᠦᠨᠳᠦ ᠨᠤᠴᠢᠳᠠᠢ ᠠᠵᠤ ᠠᠬᠤᠢ ᠶᠢᠨ ᠬᠤᠬᠢᠷᠠᠯ ᠠᠪᠴᠢᠷᠠᠵᠤ ᠪᠠᠶᠢᠨ᠎ᠠ᠃         ᠭᠤᠷᠪᠠ᠂ ᠬᠤᠶᠢᠰᠢᠳᠠ ᠶᠢᠨ ᠬᠠᠮᠢᠶᠠᠷᠴᠦ ᠬᠠᠮᠠᠭᠠᠯᠠᠬᠤ ᠰᠠᠨᠠᠭᠤᠯᠭ᠎ᠠ     ᠡᠯᠡᠰᠦ ᠶᠢ ᠵᠠᠰᠠᠵᠦ ᠤᠶᠢᠵᠢᠭᠤᠯᠤᠭᠰᠠᠨ ᠦᠷ᠎ᠡ ᠪᠦᠲᠦᠬᠡᠯ ᠢᠶᠠᠨ ᠬᠠᠮᠠᠭᠠᠯᠠᠬᠤ ᠪᠠ ᠪᠠᠳᠤᠳᠬᠠᠬᠤ ᠪᠤᠯ ᠮᠠᠯᠵᠢᠬᠤ ᠤᠷᠤᠨ ᠤ ᠨᠢᠭᠡᠨ ᠴᠢᠬᠤᠯᠠ ᠠᠵᠢᠯ ᠤᠨ ᠡᠭᠦᠷᠭᠡ ᠪᠤᠯᠤᠨ᠎ᠠ᠃ ᠨᠢᠭᠡ ᠳᠤ ᠮᠠᠯᠵᠢᠬᠤ ᠤᠷᠤᠨ᠂ ᠡᠯᠡᠰᠦᠷᠭᠡᠭ ᠭᠠᠵᠠᠷ᠂ ᠮᠠᠯᠴᠢᠨ ᠡᠷᠦᠭᠡ ᠳᠤ ᠭᠦᠨᠵᠡᠭᠡᠶᠢᠷᠡᠨ᠂ ᠤᠬᠠᠭᠤᠯᠭ᠎ᠠ ᠶᠢᠨ ᠠᠵᠢᠯ ᠢ ᠰᠠᠶᠢᠳᠦᠷ ᠬᠢᠵᠦ᠂ ᠮᠠᠯᠴᠢᠨ ᠲᠦᠮᠡᠨ  ᠳᠤ ᠲᠠᠯ᠎ᠠ ᠨᠤᠳᠤᠭ ᠤᠨ ᠬᠠᠯᠬᠠᠪᠴᠢ ᠤᠢ ᠶᠢ ᠪᠠᠶᠢᠭᠤᠯᠬᠤ ᠨᠢ ᠬᠤᠪᠢ ᠶᠢᠨ ᠠᠰᠢᠭ ᠲᠤᠰᠠ ᠪᠠ ᠠᠯᠤᠰ ᠬᠤᠯᠠ  ᠶᠢᠨ ᠠᠴᠢ ᠬᠤᠯᠪᠤᠭᠳᠠᠯ ᠲᠠᠢ ᠭᠡᠰᠡᠨ ᠢ ᠲᠠᠨᠢᠭᠤᠯᠬᠤ ᠬᠡᠷᠡᠭᠳᠠᠢ᠃ ᠲᠠᠯ᠎ᠠ ᠨᠤᠳᠤᠭ ᠲᠡᠭᠡᠷ᠎ᠡ ᠪᠦᠷᠢᠯᠳᠥᠭᠰᠡᠨ ᠨᠡᠭᠦᠳᠠᠯ ᠡᠯᠡᠰᠦᠷᠭᠡᠭ ᠭᠠᠵᠠᠷ ︵ᠲᠤᠪᠤᠷᠴᠠᠭ︶ ᠨᠢ ᠠᠶᠢᠯ ᠲᠤᠰᠬᠤᠨ᠂  ᠵᠠᠰᠠᠮᠠᠯ ᠵᠠᠮ᠂ ᠭᠤᠤᠯ ᠮᠦᠷᠡᠨ ᠪᠤᠯᠤᠨ ᠤᠶᠢᠷ᠎ᠠ ᠬᠠᠪᠢ ᠶᠢᠨ ᠴᠢᠨᠠᠷ ᠰᠠᠶᠢᠳᠠᠢ ᠡᠪᠡᠰᠦ ᠪᠡᠯᠴᠢᠭᠡᠷ ᠢ ᠡᠵᠡᠯᠡᠬᠦ ᠶᠢ ᠢᠳᠡᠭᠳᠡᠬᠦᠯᠬᠦ ᠬᠠᠨᠳᠤᠰᠢ ᠲᠠᠢ ᠪᠤᠯᠵᠦ᠂ ᠡᠯᠡᠰᠦ ᠲᠦᠷᠢᠨ ᠤᠷᠤᠵᠦ ᠬᠦᠮᠦᠨ ᠤᠬᠤᠷᠢᠬᠤ᠂ ᠠᠮᠢ ᠠᠬᠤᠢ ᠮᠠᠭᠤᠵᠢᠷᠠᠬᠤ ᠪᠠᠶᠢᠳᠠᠯ ᠢ ᠪᠤᠢ ᠪᠤᠯᠭᠠᠨ᠎ᠠ  ᠃ ᠡᠭᠦᠨ ᠤ ᠬᠠᠮᠳᠦ᠂ ᠡᠯᠡᠰᠦᠨ ᠰᠢᠭᠤᠷᠭ᠎ᠠ᠂ ᠬᠦᠷᠦᠰᠦ ᠰᠢᠷᠤᠢ ᠶᠢᠨ ᠢᠳᠡᠭᠳᠡᠯ᠂ ᠨᠠᠷᠠᠨ ᠳᠤ ᠰᠢᠷᠠᠭᠳᠠᠵᠦ ᠰᠠᠯᠬᠢᠨ ᠳᠤ ᠢᠳᠡᠭᠳᠡᠬᠦ᠂ ᠴᠠᠭᠠᠨ ᠵᠤᠳ ᠬᠠᠷ᠎ᠠ ᠭᠠᠮᠰᠢᠭ ᠵᠡᠷᠭᠡ ᠪᠠᠶᠢᠭᠠᠯᠢ ᠶᠢᠨ ᠭᠠᠮᠰᠢᠭ ᠮᠠᠰᠢ ᠠᠮᠠᠷᠬᠠᠨ ᠡᠭᠦᠰᠴᠦ ᠮᠠᠳᠡᠨ᠎ᠠ᠃ ᠨᠡᠭᠦᠳᠠᠯ ᠡᠯᠡᠰᠦ᠂ ᠲᠤᠭᠤᠰᠦ ᠲᠡᠭᠳᠡᠬᠦ᠂ ᠡᠯᠡᠰᠦ ᠬᠡᠶᠢᠰᠬᠦ ᠵᠡᠷᠭᠡ ᠨᠢ ᠤᠶᠢᠷ᠎ᠠ ᠬᠠᠪᠢ ᠶᠢᠨ ᠬᠤᠳᠠ ᠪᠠᠯᠭᠠᠰᠤ᠂ ᠠᠶᠢᠯ ᠲᠤᠰᠬᠤᠨ ᠤ ᠤᠷᠴᠢᠨ ᠲᠤᠭᠤᠷᠢᠨ ᠢ ᠬᠦᠨᠳᠦ ᠨᠤᠴᠢᠲᠠᠢ ᠪᠤᠬᠢᠷᠳᠤᠭᠤᠯᠵᠦ᠂ ᠠᠷᠠᠳ ᠤᠯᠠᠨ ᠤ ᠡᠩ ᠤᠨ ᠦᠢᠯᠡᠳᠪᠦᠷᠢᠯᠡᠯ ᠠᠮᠢᠳᠤᠷᠠᠯ ᠪᠤᠯᠤᠨ ᠲᠤᠰᠬᠤᠨ ᠤ ᠲᠦᠷᠢ ᠲᠦᠷᠬᠦ ᠶᠢᠨ ᠴᠡᠪᠡᠷ ᠲᠡᠭᠰᠢ ᠶᠢ ᠨᠦᠯᠦᠭᠡᠯᠡᠵᠦ᠂ ᠮᠠᠯᠵᠢᠬᠤ ᠤᠷᠤᠨ ᠤ ᠡᠶ᠎ᠡ ᠵᠤᠬᠢᠴᠠᠯ ᠲᠠᠢ ᠲᠤᠭᠳᠠᠭᠤᠨ ᠪᠠᠶᠢᠬᠤ ᠶᠢ ᠨᠦᠯᠦᠭᠡᠯᠡᠬᠦ ᠪᠤᠯᠤᠨ᠎ᠠ᠃  ᠬᠦᠷᠦᠰᠦ ᠰᠢᠷᠦᠢ  ᠶᠢᠨ ᠢᠳᠡᠭᠳᠠᠯ ᠨᠢ ᠲᠠᠯ᠎ᠠ ᠨᠤᠳᠤᠭ᠂ ᠦᠨᠳᠦᠷᠯᠢᠭ ᠲᠠᠯ᠎ᠠ ᠭᠠᠵᠠᠷ᠂ ᠲᠤᠪᠤᠴᠠᠭ ᠭᠠᠵᠠᠷ ᠲᠤ ᠮᠠᠰᠢ ᠤᠯᠠᠨ ᠭᠤᠤ ᠭᠠᠩᠭ᠎ᠠ ᠪᠤᠢ ᠪᠤᠯᠭᠠᠵᠤ᠂ ᠲᠠᠯ᠎ᠠ ᠨᠤᠳᠤᠭ ᠤᠨ ᠪᠠᠶᠢᠭᠠᠯᠢᠯᠢᠭ ᠠᠮᠢ ᠠᠬᠤᠢ ᠶᠢᠨ ᠭᠠᠳᠠᠷᠭᠤ ᠶᠢ ᠡᠪᠳᠡᠵᠦ᠂ ᠡᠵᠡᠬᠦᠢ ᠬᠠᠩᠭᠠᠢ ᠲᠠᠯ᠎ᠠ ᠨᠤᠲᠤᠭ ᠤᠨ ᠠᠮᠢ ᠠᠬᠤᠢ ᠶᠢ ᠨᠠᠩ ᠬᠦᠨᠳᠦ ᠨᠤᠴᠢᠲᠠᠢ ᠮᠠᠭᠤᠵᠢᠷᠠᠭᠤᠯᠬᠤ ᠪᠤᠯᠤᠨ᠎ᠠ᠃ ᠡᠶᠢᠮᠦ ᠠᠴᠠ ᠡᠯᠡᠰᠦ ᠶᠢ ᠵᠠᠰᠠᠵᠦ ᠤᠶᠢᠵᠢᠭᠤᠯᠬᠤ ᠪᠤᠯ ᠤᠳᠤᠬᠠᠨ ᠤ  ᠬᠡᠷᠡᠭᠵᠢᠬᠦᠯᠬᠦ ᠴᠢᠬᠤᠯᠡ ᠲᠠᠢ ᠠᠮᠢ ᠠᠬᠤᠢ ᠶᠢᠨ ᠠᠮᠦᠷ ᠲᠦᠪᠰᠢᠨ᠂ ᠮᠠᠯ ᠠᠵᠦ ᠠᠬᠤᠢ ᠶᠢᠨ ᠡᠷᠡᠭᠦᠯ ᠢᠶᠠᠷ ᠬᠦᠭᠵᠢᠬᠦ᠂ ᠦᠷᠬᠦᠯᠵᠢᠯᠡᠨ ᠬᠦᠭᠵᠢᠬᠦ ᠲᠠᠢ ᠬᠤᠯᠪᠤᠭᠳᠠᠭᠰᠠᠨ ᠴᠢᠬᠤᠯᠠ ᠠᠵᠢᠯ ᠤᠨ ᠠᠭᠤᠯᠭ᠎ᠠ ᠪᠤᠯᠤᠨ᠎ᠠ᠂ ᠮᠦᠨ ᠴᠦ ᠲᠠᠯ᠎ᠠ ᠨᠤᠲᠤᠭ ᠤᠨ ᠤᠷᠴᠢᠨ ᠲᠤᠭᠤᠷᠢᠨ ᠢ ᠰᠠᠶᠢᠵᠢᠷᠠᠭᠤᠯᠬᠤ ᠴᠤᠷ ᠤᠨ ᠭᠠᠭᠴᠠ ᠪᠦᠳᠦᠮᠵᠢᠳᠠᠢ ᠠᠷᠭ᠎ᠠ ᠵᠠᠮ ᠪᠤᠯᠤᠨ᠎ᠠ᠃ ᠬᠤᠶᠠᠷ ᠲᠤ ᠮᠠᠯᠵᠢᠬᠤ ᠤᠷᠤᠨ ᠳᠤ ᠭᠦᠨᠵᠡᠭᠡᠶᠢᠷᠡᠵᠦ᠂ ᠬᠦᠨᠳᠦ ᠨᠤᠴᠢᠲᠠᠢ ᠲᠠᠴᠢᠷᠳᠠᠭᠰᠠᠨ᠂ ᠡᠯᠡᠰᠦᠷᠭᠡᠭᠵᠢᠭᠰᠡᠨ ᠡᠪᠡᠰᠦ ᠪᠠᠯᠴᠢᠭᠡᠷ ᠪᠤᠶᠤ ᠠᠭᠯᠠᠭ ᠠᠭᠤᠯᠠ ᠠᠲᠠᠷ ᠭᠠᠵᠠᠷ ᠢ ᠨᠠᠷᠢᠨ ᠤᠶᠢᠯᠠᠭᠠᠵᠤ᠂ ᠡᠯᠡᠰᠦ ᠶᠢ ᠵᠠᠰᠠᠵᠦ ᠤᠶᠢᠵᠢᠭᠤᠯᠬᠤ ᠠᠷᠭ᠎ᠠ ᠪᠠᠷᠢᠯ ᠢ ᠬᠡᠷᠡᠭᠵᠢᠬᠦᠯᠬᠦ ᠲᠤᠬᠠᠢ ᠬᠦᠢᠴᠡᠳ ᠲᠠᠶᠢᠯᠪᠦᠷᠢᠯᠡᠨ᠂ ᠤᠢ ᠰᠢᠭᠤᠢ ᠪᠠᠷ  ᠮᠠᠯ ᠠᠵᠦ ᠠᠬᠤᠢ ᠢ ᠬᠠᠮᠠᠭᠠᠯᠠᠵᠦ᠂ ᠮᠠᠯ ᠠᠵᠦ ᠠᠬᠤᠢ ᠶᠢ ᠠᠬᠢᠭᠤᠯᠤᠨ᠂ ᠨᠤᠲᠤᠭ ᠪᠠᠯᠴᠢᠭᠡᠷ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠦ᠂ ᠨᠢᠭᠡᠴᠢ ᠲᠠᠯᠡᠪᠠᠢ ᠶᠢᠨ ᠡᠪᠡᠰᠦᠨ ᠤ ᠤᠨᠠᠯᠳᠠ ᠶᠢ ᠲᠡᠭᠡᠭᠰᠢᠯᠡᠭᠦᠯᠬᠦ ᠵᠡᠷᠭᠡ ᠮᠠᠯᠴᠢᠳ ᠤᠨ ᠬᠤᠪᠢ ᠪᠠᠶ᠎ᠠ ᠶᠢᠨ ᠠᠰᠢᠭ ᠲᠤᠰᠠ ᠪᠤᠯᠤᠨ ᠠᠯᠤᠰ ᠬᠤᠯᠠ ᠶᠢᠨ ᠠᠰᠢᠭ ᠲᠤᠰᠠ ᠶᠢ ᠳᠡᠭᠡᠭᠰᠢᠯᠡᠭᠦᠯᠦᠭᠰᠡᠨ ᠤᠷᠢᠳᠠᠯ ᠲᠤᠤᠷ᠎ᠠ᠂ ᠡᠯᠡᠰᠦ ᠶᠢ ᠵᠠᠰᠠᠵᠦ ᠤᠶᠢᠵᠢᠭᠤᠯᠬᠤ ᠶᠢ ᠵᠦᠪᠰᠢᠶᠡᠷᠡᠭᠰᠡᠨ ᠮᠠᠯᠴᠢᠳ ᠪᠤᠯᠤᠨ ᠭᠠᠴᠠᠭ᠎ᠠ ᠯᠤᠭ᠎ᠠ ᠤᠶᠢᠵᠢᠭᠤᠯᠬᠤ ᠵᠦᠪᠳᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠦᠵᠦ᠂ ᠬᠤᠰᠢᠭᠤᠨ ᠤ ᠵᠠᠰᠠᠭ ᠤᠨ ᠤᠷᠳᠤᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ ᠬᠢᠨᠠᠨ ᠵᠦᠪᠯᠡᠭᠦᠯᠵᠦ ᠵᠦᠪᠰᠢᠶᠡᠷᠡᠭᠦᠯᠦᠭᠰᠡᠨ ᠤ ᠲᠠᠷᠠᠭ᠎ᠠ᠂ ᠬᠠᠤᠯᠢ ᠶᠤᠰᠦᠨ ᠳᠤ ᠨᠡᠶᠢᠴᠡᠭᠦᠯᠦᠨ ᠡᠯᠡᠰᠦ ᠶᠢ ᠵᠠᠰᠠᠵᠦ ᠤᠶᠢᠵᠢᠭᠤᠯᠬᠤ ᠬᠦᠳᠡᠯᠭᠡᠭᠡᠨ ᠢ ᠦᠷᠨᠢᠭᠦᠯᠦᠨ᠎ᠠ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠦᠴᠦᠳᠠᠢ ᠲᠡᠮᠵᠢᠯᠭᠡ ᠲᠤᠤᠷ᠎ᠠ᠂ ᠡᠸᠠᠩᠬᠢ ᠬᠤᠰᠢᠭᠤ ᠨᠢᠭᠡᠨᠳᠡ ᠵᠠᠰᠠᠭᠰᠠᠨ ᠠᠭᠯᠠᠭ ᠠᠭᠤᠯᠠ᠂ ᠠᠲᠠᠷ ᠭᠠᠵᠠᠷ᠂ ᠡᠯᠡᠰᠦᠷᠬᠡᠭ ᠭᠠᠵᠠᠷ ᠲᠠᠬᠢ ᠬᠠᠮᠢᠶᠠᠷᠴᠦ ᠬᠠᠮᠠᠭᠠᠯᠠᠬᠤ ᠭᠦᠴᠦᠯᠡᠴᠡ ᠪᠠᠨ ᠨᠡᠮᠡᠭᠳᠡᠭᠦᠯᠵᠦ᠂ ᠪᠦᠬᠦᠨ ᠳᠤ ᠨᠢ ᠲᠤᠤᠷ ᠲᠠᠳᠠᠵᠦ᠂  ᠤᠶᠢᠵᠢᠭᠤᠯᠤᠯᠳᠠ ᠶᠢ ᠪᠢᠲᠠᠭᠦᠮᠵᠢᠯᠡᠨ ᠬᠠᠮᠠᠭᠠᠯᠠᠬᠤ ᠫᠠᠶᠢᠰᠠ ᠪᠤᠰᠬᠠᠵᠦ᠂ ᠠᠯᠢᠪᠠ ᠬᠦᠮᠦᠨ ᠠᠮᠢᠲᠠᠨ ᠤᠷᠤᠬᠤ ᠶᠢ ᠡᠷᠡᠰ ᠴᠠᠭᠠᠵᠠᠯᠠᠬᠤ ᠬᠡᠷᠡᠭᠳᠠᠢ᠃  ᠮᠦᠨ ᠴᠦ ᠵᠠᠰᠠᠭ ᠤᠨ ᠤᠷᠳᠤᠨ ᠤ ᠵᠠᠰᠠᠭ ᠵᠠᠭᠢᠷᠭᠠᠨ ᠤ ᠤᠳᠤᠷᠢᠳᠤᠯᠭ᠎ᠠ ᠶᠢᠨ ᠡᠯᠡᠰᠦ ᠶᠢ ᠵᠠᠰᠠᠵᠦ ᠤᠶᠢᠵᠢᠭᠤᠯᠬᠤ ᠬᠠᠷᠠᠯᠳᠠᠳᠤ ᠬᠠᠷᠢᠴᠠᠭᠤᠯᠭ᠎ᠠ ᠶᠢᠨ ᠬᠢᠨᠡᠨ ᠰᠢᠯᠭᠠᠬᠤ ᠲᠦᠷᠢᠮ ᠢ ᠪᠦᠷᠢᠯᠳᠦᠭᠦᠯᠵᠦ᠂ ᠪᠠᠰᠠ ᠰᠤᠮᠤ ᠰᠢᠶᠠᠩ ᠪᠠᠯᠭᠠᠰᠦᠨ ᠤ ᠤᠨ ᠤ  ᠬᠢᠨᠠᠨ ᠰᠢᠯᠭᠠᠬᠤ ᠬᠦᠢᠴᠡᠳᠭᠡᠯ ᠲᠤᠭ᠎ᠠ ᠳᠤ ᠤᠷᠤᠭᠤᠯᠵᠦ᠂ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠬᠦ ᠬᠡᠷᠡᠭᠳᠠᠢ  ᠃ ᠡᠭᠦᠨ ᠤ ᠬᠠᠮᠳᠦ ︽ᠭᠤᠷᠪᠠᠨ ᠬᠢᠵᠠᠭᠠᠷᠯᠠᠬᠤ︾ ᠵᠡᠷᠬᠡ ᠡᠯᠡᠰᠦᠷᠭᠡᠭ  ᠭᠠᠵᠠᠷ ᠤᠨ ᠤᠷᠭᠤᠮᠠᠯ ᠤᠨ ᠬᠤᠴᠢᠯᠭ᠎ᠠ ᠶᠢ ᠬᠠᠮᠠᠭᠠᠯᠠᠬᠤ ᠲᠦᠷᠢᠮ  ᠢ ᠴᠢᠩᠭᠠᠳᠬᠠᠵᠦ᠂ ᠬᠤᠰᠢᠭᠤᠨ ᠤ ᠤᠢ ᠰᠢᠭᠤᠢ ᠶᠢᠨ ᠠᠮᠦᠷ ᠢ ᠬᠠᠮᠠᠭᠠᠯᠠᠬᠤ ᠺᠠᠳ᠋ᠷ ᠴᠠᠭᠳᠠᠭ᠎ᠠ ᠦᠷᠭᠦᠯᠵᠢ ᠲᠦᠷᠦᠯ ᠵᠦᠢᠯ ᠤᠨ ᠲᠤᠭᠤᠷᠢᠭ ᠲᠤ ᠤᠴᠢᠵᠦ ᠲᠤᠭᠤᠷᠢᠨ ᠪᠠᠶᠢᠴᠠᠭᠠᠵᠦ᠂ ᠲᠤᠤᠷ ᠬᠠᠰᠢᠶ᠎ᠡ ᠶᠢ ᠡᠪᠳᠡᠵᠦ᠂ ᠤᠷᠭᠤᠮᠠᠯ ᠤᠨ ᠬᠤᠴᠢᠯᠭ᠎ᠠ ᠶᠢ ᠡᠪᠳᠡᠬᠦ ᠦᠵᠡᠭᠳᠡᠯ ᠢ ᠬᠤᠷᠢᠭᠯᠠᠬᠤ ᠬᠡᠷᠡᠭᠳᠠᠢ᠃ ᠤᠳᠤᠬᠠᠨ ᠤ ᠬᠡᠷᠡᠭᠵᠢᠭᠦᠯᠵᠦ ᠪᠠᠶᠢᠭ᠎ᠠ ᠡᠯᠡᠰᠦ ᠶᠢ ᠵᠠᠰᠠᠵᠦ ᠤᠶᠢᠵᠢᠭᠤᠯᠤᠭᠰᠠᠨ ᠭᠠᠵᠠᠷ ᠤᠨ ᠲᠠᠯᠠᠪᠠᠢ ᠶᠢᠨ ᠶᠡᠭᠡ ᠪᠠᠭ᠎ᠠ ᠨᠢ ᠠᠳᠠᠯᠢ ᠪᠤᠰᠤ ᠮᠦᠷᠳᠡᠭᠡᠨ ᠲᠠᠷᠬᠠᠢ ᠪᠠᠶᠢᠳᠠᠯ ᠲᠠᠢ᠂ ᠤᠶᠢᠵᠢᠭᠤᠯᠬᠤ ᠠᠵᠢᠯᠯᠠᠭ᠎ᠠ ᠦᠷᠨᠢᠭᠦᠯᠬᠦ ᠳᠤ ᠬᠦᠴᠢᠷᠲᠠᠢ ᠪᠠᠶᠢᠬᠤ ᠪᠦᠬᠡᠳ ᠬᠠᠮᠢᠶᠠᠷᠴᠦ ᠬᠠᠮᠠᠭᠠᠯᠠᠬᠤ ᠳᠤ ᠬᠦᠴᠢᠷᠳᠠᠯ ᠢ ᠨᠡᠮᠡᠭᠳᠡᠭᠦᠯᠦᠭᠰᠡᠨ ᠪᠠᠶᠢᠨ᠎ᠠ᠃ ᠮᠦᠨ ᠴᠦ ᠬᠠᠮᠢᠶᠠᠷᠴᠦ ᠬᠠᠮᠠᠭᠠᠯᠠᠬᠤ ᠵᠠᠷᠤᠳᠠᠯ ᠮᠦᠩᠭᠦ ᠬᠦᠷᠦᠯᠴᠡᠬᠦ ᠦᠭᠡᠢ᠂ ᠬᠡᠳᠦᠶᠢᠪᠡᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠬᠠᠷᠭᠤᠴᠠᠯᠭ᠎ᠠ ᠶᠢ ᠬᠦᠮᠦᠨ  ᠳᠤᠨᠢ  ᠨᠠᠶᠢᠳᠠᠪᠤᠷᠢᠵᠢᠭᠤᠯᠤᠭᠰᠠᠨ ᠪᠤᠯᠪᠠᠴᠦ᠂ ᠠᠵᠢᠯᠯᠠᠭᠤᠯᠬᠤ ᠳᠤ ᠮᠠᠰᠢ ᠤᠯᠠᠨ ᠬᠦᠴᠢᠷ ᠪᠠᠷᠬᠡᠰᠢᠶᠠᠯ ᠲᠤᠯᠭᠠᠷᠠᠵᠦ᠂ ᠬᠠᠮᠢᠶᠠᠷᠴᠦ ᠬᠠᠮᠠᠭᠠᠯᠠᠬᠤ ᠦᠷ᠎ᠡ ᠪᠦᠳᠦᠮᠵᠢ ᠮᠦᠨ ᠴᠦ ᠪᠠᠷᠤᠭᠳᠠᠢ ᠪᠠᠶᠢᠨ᠎ᠠ᠃ ᠡᠶᠢᠮᠦ ᠠᠴᠠ ᠬᠤᠰᠢᠭᠤᠨ ᠤ ᠵᠠᠰᠠᠭ  ᠤᠨ ᠤᠷᠳᠤᠨ ᠠᠴᠠ ᠡᠯᠡᠰᠦ ᠶᠢ ᠵᠠᠰᠠᠵᠦ ᠤᠶᠢᠵᠢᠭᠤᠯᠬᠤ ᠳᠤ ᠪᠡᠯᠡ ᠮᠦᠩᠭᠦ ᠤᠷᠤᠭᠤᠯᠤᠨ ᠨᠦᠬᠦᠪᠦᠷᠢ ᠦᠭᠬᠦ ᠶᠢ ᠬᠦᠰᠡᠵᠦ ᠪᠠᠶᠢᠨ᠎ᠠ᠃ ᠭᠤᠷᠪᠠ ᠳᠤ ᠲᠦᠷᠦᠯ ᠵᠦᠢᠯ ᠢ ᠨᠢᠭᠡᠳᠭᠡᠵᠦ ᠲᠡᠭᠦᠯᠳᠠᠷᠵᠢᠬᠦᠯᠬᠦ ᠪᠤᠯᠤᠨ᠎ᠠ᠃  ᠤᠯᠠᠮ ᠨᠢᠭᠡ ᠠᠯᠬᠤᠮ ᠡᠯᠡᠰᠦ ᠶᠢ ᠵᠠᠰᠠᠵᠦ ᠤᠶᠢᠵᠢᠭᠤᠯᠬᠤ ᠢᠨᠵᠧᠨᠧᠷᠢᠩ ᠢ ᠨᠤᠲᠤᠭ ᠪᠠᠯᠴᠢᠭᠡᠷ ᠤᠨ ᠱᠠᠩᠨᠠᠨ ᠨᠦᠬᠦᠪᠦᠷᠢᠯᠡᠬᠦ ᠲᠤᠭᠳᠠᠴᠠ᠂  ᠲᠠᠷᠢᠶᠠᠯᠠᠩ ᠤᠨ ᠶᠠᠷᠥᠩᠬᠡᠶᠢᠯᠡᠨ ᠨᠠᠭᠡᠭᠡᠨ ᠬᠦᠭᠵᠢᠭᠦᠯᠬᠦ ᠵᠡᠷᠭᠡ ᠢᠨᠵᠧᠨᠧᠷᠢᠩ ᠲᠠᠢ ᠤᠷᠭᠠᠨᠢᠭ ᠢᠶᠠᠷ ᠤᠶᠠᠯᠳᠤᠭᠤᠯᠤᠨ᠂ ᠡᠯᠡᠰᠦ ᠶᠢ ᠵᠠᠰᠠᠵᠦ ᠤᠶᠢᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠳᠤ ᠤᠷᠤᠯᠴᠠᠭᠰᠠᠨ ᠮᠠᠯᠴᠢᠳ ᠲᠤ ᠵᠤᠬᠢᠬᠤ ᠨᠦᠬᠦᠪᠦᠷᠢ ᠦᠭᠴᠦ᠂ ᠤᠳᠤᠬᠢ ᠠᠮᠢᠳᠤᠷᠠᠯ ᠤᠨ ᠪᠠᠶᠢᠳᠠᠯ ᠪᠤᠯᠤᠨ ᠠᠮᠢᠳᠤᠷᠠᠯ ᠤᠨ ᠲᠦᠪᠰᠢᠨ ᠢ ᠪᠠᠲᠤᠯᠠᠵᠦ᠂ ᠡᠯᠡᠰᠦ ᠶᠢ ᠵᠠᠰᠠᠵᠦ ᠤᠶᠢᠵᠢᠭᠤᠯᠬᠤ ᠠᠵᠢᠯ ᠳᠤ ᠨᠦᠬᠦᠴᠠᠯ ᠬᠠᠩᠭᠠᠵᠦ ᠦᠭᠬᠦ ᠬᠡᠷᠡᠭᠳᠠᠢ᠃      
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号