ᠡᠸ᠋ᠨᠩᠬᠢ ᠬᠤᠰᠢᠭᠤᠨ ᠤ ᠴᠠᠭ ᠠᠭᠤᠷ ᠤᠨ ᠪᠠᠶᠢᠳᠠᠯ ᠵᠢᠴᠢ ᠲᠠᠷᠢᠶᠠᠯᠠᠩ ᠮᠠᠯ ᠠᠵᠣ ᠠᠬᠤᠢ ᠶᠢᠨ ᠦᠢᠯᠡᠳᠪᠦᠷᠢᠯᠡᠯ ᠵᠡᠷᠭᠡ ᠶᠢ ᠨᠦᠯᠦᠬᠡᠯᠡᠵᠦ ᠪᠠᠶᠢᠭ᠎ᠠ ᠪᠠᠶᠢᠳᠠᠯ ᠤᠨ ᠲᠣᠬᠠᠢ ᠵᠠᠳᠠᠯᠣᠯᠲᠠ
ᠨᠡᠶᠢᠲᠡᠯᠡᠭᠰᠡᠨ ᠴᠠᠭ᠄
2019/2/28
    ᠡᠪᠦᠯ ᠣᠷᠣᠭᠰᠠᠨ ᠠᠴᠠ ᠨᠠᠰᠢ᠂ ᠡᠸ᠋ᠨᠩᠬᠢ ᠬᠤᠰᠢᠭᠤᠨ ᠳᠤ ᠳᠦᠴᠢ ᠭᠠᠷᠣᠢ ᠡᠳᠦᠷ ᠴᠠᠰᠣ ᠣᠷᠣᠭᠰᠠᠨ ᠦᠭᠡᠢ ᠠᠴᠠ ᠳᠣᠮᠳᠠ ᠵᠡᠷᠭᠡ ᠶᠢᠨ ᠬᠠᠷ᠎ᠠ ᠵᠣᠳ ᠪᠣᠯᠣᠭᠰᠠᠨ ᠪᠠᠶᠢᠨ᠎ᠠ᠃ ᠴᠠᠰᠣ ᠦᠭᠡᠢ ᠡᠳᠦᠷ ᠬᠤᠨᠤᠭ ᠤᠨ ᠦᠷᠬᠦᠯᠵᠢᠯᠡᠬᠦ ᠶᠢ ᠳᠠᠭᠠᠯᠳᠣᠨ᠂ ᠪᠦᠬᠦ ᠬᠤᠰᠢᠭᠤᠨ ᠤ ᠡᠯ᠎ᠡ ᠭᠠᠵᠠᠷ ᠤᠳ ᠮᠠᠯ ᠣᠳᠣᠷᠯᠠᠬᠤ ᠪᠠᠷ ᠭᠤᠣᠯᠯᠠᠭᠰᠠᠨ  ᠠᠴᠠ ᠦᠪᠡᠷ ᠤᠨ ᠦᠷᠳᠡᠭ ᠨᠢ ᠮᠡᠳᠡᠭᠳᠡᠮ᠎ᠠ ᠨᠡᠮᠡᠭᠳᠡᠵᠦ᠂ ᠬᠡᠷᠪᠡ ᠦᠷᠬᠦᠯᠵᠢᠯᠡᠨ ᠴᠠᠰᠣ ᠣᠷᠣᠬᠤ ᠦᠭᠡᠢ ᠪᠠᠶᠢᠪᠠᠯ ᠬᠦᠨᠳᠤ ᠰᠦᠷᠡᠭᠡᠢ ᠭᠠᠢ ᠭᠠᠮᠰᠢᠭ ᠲᠤ ᠤᠴᠠᠷᠠᠭᠤᠯᠵᠦ ᠮᠡᠳᠡᠨ᠎ᠠ᠃         ᠨᠢᠬᠡ᠂ ᠭᠠᠮᠰᠢᠭ ᠤᠨ ᠪᠠᠶᠢᠳᠠᠯ     ︵ ᠨᠢᠬᠡ︶ ᠮᠠᠯ ᠣᠨᠤᠭ᠎ᠠ ᠶᠢᠨ ᠭᠠᠮᠰᠢᠭᠳᠠᠯ ᠤᠨ ᠪᠠᠶᠢᠳᠠᠯ᠄     ᠡᠸ᠋ᠨᠩᠬᠢ ᠬᠤᠰᠢᠭᠤᠨ ᠤ ᠡᠨᠡ ᠵᠢᠯ ᠤᠨ ᠡᠪᠦᠯᠵᠢᠬᠦᠯᠬᠦ ᠮᠠᠯ ᠤᠨ ᠲᠤᠭ᠎ᠠ ᠲᠣᠯᠣᠭᠠᠢ 60.5 ᠲᠦᠮᠡ ᠪᠣᠯᠣᠨ᠎ᠠ᠂ ᠬᠠᠷ᠎ᠠ ᠵᠣᠳ ᠲᠤ ᠠᠳᠣᠭᠤ ᠪᠣᠯᠣᠨ ᠪᠣᠭ ᠮᠠᠯ ᠤᠨ ᠭᠤᠣᠯ ᠬᠦᠨᠦᠬᠡᠳᠡᠭᠰᠡᠨ ᠲᠤᠭ᠎ᠠ ᠨᠢ 22 ᠲᠦᠮᠡᠨ ᠲᠣᠯᠣᠭᠠᠢ  ᠳᠤ ᠬᠦᠷᠴᠦ᠂ ᠪᠦᠬᠦ ᠬᠤᠰᠢᠭᠤᠨ ᠤ ᠮᠠᠯ ᠤᠨ ᠶᠡᠷᠥᠩᠬᠡᠢ ᠲᠤᠭ᠎ᠠ ᠶᠢᠨ 36.4% ᠢ ᠡᠵᠡᠯᠡᠪᠡ︔ ᠡᠬᠦᠨ ᠳᠤ᠄ ᠡᠸ᠋ᠨᠩᠬᠢ ᠬᠤᠰᠢᠭᠤ ᠴᠠᠰᠣ ᠦᠬᠡᠢ ᠠᠴᠠ ᠠᠳᠣᠭᠤ ᠶᠢ ᠰᠣᠯᠠ ᠲᠠᠯᠪᠢᠵᠣ ᠢᠳᠡᠰᠢᠯᠡᠬᠦᠯᠬᠦ ᠳᠤ ᠲᠣᠶᠢᠯ ᠤᠨ ᠠᠰᠢᠭ ᠦᠭᠡᠢ ᠪᠠᠶᠢᠵᠣ᠂ ᠪᠦᠬᠦ ᠬᠤᠰᠢᠭᠤᠨ ᠤ 4 ᠲᠦᠮᠡ ᠭᠠᠷᠣᠢ ᠠᠳᠣᠭᠤ ᠶᠢᠨ 2.4 ᠲᠦᠮᠡᠨ ᠠᠳᠣᠭᠤ ᠬᠠᠷ᠎ᠠ ᠵᠣᠳ  ᠲᠤ ᠨᠦᠯᠦᠭᠡᠯᠡᠭᠳᠡᠵᠦ᠂ ᠡᠵᠡᠯᠡᠬᠦ ᠬᠠᠷᠢᠴᠠᠯ ᠨᠢ 60% ᠬᠦᠷᠦᠪᠡ᠃     ︵ ᠬᠤᠶᠠᠷ︶ ᠡᠯ᠎ᠡ ᠭᠠᠵᠠᠷ ᠤᠨ ᠭᠠᠮᠰᠢᠭᠳᠠᠯ ᠤᠨ ᠪᠠᠶᠢᠳᠠᠯ᠄ ᠪᠠᠶᠠᠨᠳᠣᠬᠤᠢ ᠪᠠᠯᠭᠠᠰᠣ᠂ ᠳ᠋ᠠᠲᠠᠨ ᠪᠠᠯᠭᠠᠰᠣ᠂ ᠬᠤᠩᠭᠤᠯᠵᠢ ᠪᠠᠯᠭᠠᠰᠣ ᠵᠡᠷᠭᠡ ᠭᠠᠵᠠᠷ ᠤᠨ ᠮᠠᠯ ᠲᠡᠵᠢᠭᠡᠪᠦᠷᠢ ᠨᠢ ᠭᠠᠮᠰᠢᠭ ᠲᠤ ᠲᠠᠶᠢᠮᠤ ᠶᠡᠭᠡ ᠨᠦᠯᠦᠭᠡᠯᠡᠭᠳᠡᠭᠰᠡᠨ ᠦᠭᠡᠢ︔ ᠬᠤᠢ ᠰᠣᠮᠣ᠂ ᠢᠮᠢᠨ ᠰᠣᠮᠣ᠂ ᠪᠠᠷᠠᠭᠤᠨ ᠰᠣᠮᠣ᠂ ᠵᠡᠬᠦᠨ ᠰᠣᠮᠣ ᠵᠡᠷᠭᠡ ᠭᠠᠵᠠᠷ ᠤᠨ ᠮᠠᠯ ᠠᠵᠣ ᠠᠬᠤᠢ ᠭᠠᠮᠰᠢᠭ ᠲᠤ ᠨᠦᠯᠦᠭᠡᠯᠡᠭᠳᠡᠭᠰᠡᠨ ᠨᠢ ᠬᠠᠷᠢᠴᠠᠩᠭᠤᠢ ᠪᠠᠷ ᠶᠡᠭᠡ ᠪᠠᠶᠢᠳᠠᠭ᠃ ᠭᠤᠣᠯᠳᠠᠭᠤ ᠮᠠᠯ ᠣᠨᠤᠭ᠎ᠠ ᠣᠰᠣᠯᠠᠬᠤ ᠦᠪᠡᠷ ᠤᠨ ᠦᠷᠳᠡᠭ ᠢ ᠶᠡᠬᠡᠪᠡᠷ ᠨᠡᠮᠡᠭᠳᠡᠬᠦᠯᠵᠦ᠂ ︽ᠣᠳᠣᠷ︾ ᠢᠶᠠᠷ ᠮᠠᠯ ᠬᠠᠷᠢᠭᠤᠯᠬᠤ ᠳᠠᠷᠣᠭᠠᠰᠣ ᠶᠢ ᠬᠦᠨᠳᠦᠷᠡᠬᠦᠯᠪᠡ᠃ ᠪᠦᠬᠦ ᠬᠤᠰᠢᠭᠤᠨ ᠤ ᠣᠷᠢᠳᠴᠢᠯᠠᠨ ᠡᠪᠦᠯᠵᠢᠶᠡᠨ ᠳᠡᠭᠡᠨ ᠪᠣᠴᠠᠵᠣ ᠢᠷᠡᠭᠰᠡᠨ ᠮᠠᠯ 20 ᠲᠦᠮᠡᠨ ᠲᠣᠯᠣᠭᠠᠢ ᠪᠣᠯᠵᠣ᠂ ︽ᠣᠳᠣᠷ︾ ᠢᠶᠠᠷ ᠶᠠᠪᠣᠬᠤ ᠮᠠᠯ ᠪᠠᠷᠤᠭ 20 ᠲᠦᠮᠡᠨ ᠲᠣᠯᠣᠭᠠᠢ᠂ ᠬᠤᠰᠢᠭᠤᠨ ᠠᠴᠠ ᠭᠠᠳᠠᠭᠰᠢ ᠰᠢᠯᠵᠢᠬᠦᠯᠦᠭᠰᠡᠨ ᠮᠠᠯ 9.2 ᠲᠦᠮᠡᠨ ᠲᠣᠯᠣᠭᠠᠢ ᠪᠣᠯᠪᠠ᠃     ︵ ᠭᠤᠷᠪᠠ︶ ᠭᠠᠮᠰᠢᠭ ᠤᠨ ᠪᠠᠶᠢᠳᠠᠯ ᠤᠨ ᠳᠣᠪᠣᠶᠢᠮ᠎ᠠ ᠠᠰᠠᠭᠤᠳᠠᠯ᠄ ᠨᠢᠬᠡ ᠳᠤ ᠮᠠᠯ ᠣᠨᠤᠭ᠎ᠠ ᠶᠢᠨ ᠣᠰᠣᠨ  ᠤ ᠠᠰᠠᠭᠤᠳᠠᠯ ᠢ ᠰᠢᠢᠳᠪᠦᠷᠢᠯᠡᠬᠦ ᠨᠢ ᠮᠠᠯ ᠠᠵᠣ ᠠᠬᠤᠢ ᠶᠢᠨ ᠦᠢᠯᠡᠳᠪᠦᠷᠢᠯᠡᠯ ᠤᠨ ᠭᠤᠣᠯᠳᠠᠯᠭ᠎ᠠ ᠶᠢᠨ ᠳᠣᠮᠳᠠᠬᠢ ᠭᠤᠣᠯᠳᠠᠯᠭ᠎ᠠ ᠪᠣᠯᠪᠠ᠃ ᠬᠤᠶᠠᠷ ᠲᠤ ᠮᠠᠯ ᠤᠨ ᠲᠠᠷᠭᠤ ᠬᠦᠴᠦ ᠨᠦᠯᠦᠬᠡᠯᠡᠭᠳᠡᠵᠦ᠂ ᠬᠢᠵᠢᠭ ᠬᠡᠮ ᠳᠡᠯᠭᠡᠷᠡᠵᠦ᠂ ᠠᠮᠣᠷ ᠲᠦᠪᠰᠢᠨ ᠢᠶᠠᠷ ᠡᠪᠦᠯ ᠢ ᠲᠣᠭᠤᠯᠬᠤ ᠪᠠ ᠢᠷᠡᠬᠦ ᠵᠢᠯ ᠤᠨ ᠬᠠᠪᠣᠷ ᠤᠨ ᠲᠦᠯ ᠲᠣᠰᠴᠣ ᠪᠣᠶᠢᠵᠢᠭᠤᠯᠬᠤ ᠵᠡᠷᠭᠡ ᠲᠠᠯ᠎ᠠ ᠶᠢᠨ ᠲᠦᠭᠰᠢᠬᠦᠷᠢ ᠶᠢ ᠨᠡᠮᠡᠭᠳᠡᠬᠦᠯᠪᠡ᠃ ᠭᠤᠷᠪᠠ ᠳᠤ ᠢᠷᠡᠬᠦ ᠵᠢᠯ ᠤᠨ ᠬᠠᠪᠣᠷ ᠤᠨ ᠭᠠᠩ ᠬᠠᠭᠰᠠᠷᠭᠠᠨ ᠪᠣᠯᠬᠤ ᠪᠣᠯᠣᠮᠵᠢ ᠶᠢ ᠶᠡᠭᠡ ᠪᠣᠯᠭᠠᠪᠠ᠃     ︵ ᠳᠦᠷᠪᠡ︶ ᠭᠠᠮᠰᠢᠭ ᠤᠨ ᠳᠠᠷᠠᠭᠠᠬᠢ ᠪᠠᠶᠢᠳᠠᠯ᠄ ᠨᠢᠬᠡ ᠳᠤ ᠡᠸ᠋ᠨᠩᠬᠢ ᠬᠤᠰᠢᠭᠤᠨ ᠤ ᠮᠠᠯ ᠠᠵᠣ ᠠᠬᠤᠢ  ᠶᠢᠨ ᠦᠢᠯᠡᠳᠪᠦᠷᠢᠯᠡᠯ ᠤᠨ ᠦᠨᠳᠦᠰᠦᠨ ᠪᠦᠲᠦᠭᠡᠨ ᠪᠠᠶᠢᠭᠤᠯᠣᠯᠲᠠ  ᠲᠡᠭᠦᠯᠳᠡᠷᠵᠢᠭᠦᠯᠦᠭᠰᠡᠨ ᠢᠶᠠᠷ ᠮᠠᠯ ᠠᠵᠣ ᠠᠬᠤᠢ  ᠶᠢᠨ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠴᠢᠳᠠᠪᠣᠷᠢ ᠲᠠᠰᠣᠷᠠᠯᠲᠠ ᠦᠭᠡᠢ ᠲᠡᠭᠡᠭᠰᠢᠯᠡᠪᠡ᠃ ᠮᠠᠯᠴᠢᠳ ᠣᠰᠣ ᠵᠦᠭᠡᠭᠡᠪᠦᠷᠢᠯᠡᠨ ᠤᠰᠤᠯᠠᠬᠤ ᠪᠠ ᠡᠪᠦᠯᠵᠢᠶᠡᠨ ᠤ ᠭᠠᠵᠠᠷ ᠲᠠᠭᠠᠨ ᠣᠳᠣᠷᠯᠠᠬᠤ ᠵᠡᠷᠭᠡ ᠠᠷᠭ᠎ᠠ ᠪᠠᠷ ᠮᠠᠯ ᠣᠰᠣᠯᠠᠬᠤ  ᠳᠤ ᠬᠦᠴᠢᠷ ᠠᠰᠠᠭᠤᠳᠠᠯ ᠢ ᠠᠷᠭᠠᠴᠠᠵᠣ ᠪᠠᠶᠢᠬᠤ᠃ ᠬᠤᠶᠠᠷ ᠲᠤ 2018 ᠣᠨ ᠳᠤ ᠪᠡᠯᠴᠢᠭᠡᠷ ᠡᠪᠡᠰᠦ ᠡᠯᠪᠡᠭ ᠪᠣᠯᠬᠤᠷ ᠡᠪᠦᠯ ᠢ ᠠᠮᠤᠷ ᠲᠦᠪᠰᠢᠨ ᠢᠶᠠᠷ ᠲᠣᠭᠤᠯᠬᠤ ᠳᠤ ᠳᠡᠵᠢᠬᠡᠯ ᠪᠣᠷᠳᠤᠭ᠎ᠠ ᠶᠢᠨ ᠪᠠᠳᠤᠯᠠᠭ᠎ᠠ ᠶᠢ ᠬᠠᠩᠭᠠᠪᠠ᠃ ᠣᠳᠣᠬᠠᠨ ᠪᠣᠯᠲᠠᠯ᠎ᠠ᠂ ᠡᠸ᠋ᠨᠩᠬᠢ ᠬᠤᠰᠢᠭᠤ ᠶᠢᠨ ᠡᠯ᠎ᠠ ᠭᠠᠵᠠᠷ ᠲᠤ ᠲᠡᠵᠢᠬᠡᠯ ᠡᠪᠡᠰᠦ ᠬᠦᠢᠴᠡᠳ ᠪᠣᠯᠬᠤᠷ ᠡᠪᠤᠯ ᠤᠨ ᠬᠠᠷ᠎ᠠ ᠭᠠᠮᠰᠢᠭ ᠲᠤ ᠮᠠᠯ ᠤᠨᠤᠭ᠎ᠠ ᠦᠬᠦᠵᠦ ᠰᠦᠢᠳᠦᠭᠰᠡᠨ ᠦᠭᠡᠢ᠃         ᠬᠤᠶᠠᠷ ᠲᠤ᠂ ᠠᠵᠢᠯ ᠤᠨ ᠠᠷᠭ᠎ᠠ ᠬᠡᠮᠵᠢᠶ᠎ᠡ     ︵ ᠨᠢᠬᠡ︶ ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ ᠪᠠᠨ ᠴᠢᠩᠭᠠᠳᠬᠠᠵᠣ᠂ ᠠᠵᠢᠯ ᠤᠨ ᠬᠤᠪᠢᠶᠠᠷᠢ  ᠪᠠᠨ ᠳᠣᠳᠣᠷᠬᠠᠶᠢᠯᠠᠪᠠ᠃ ᠡᠪᠦᠯ ᠢ ᠠᠮᠣᠷ ᠲᠦᠪᠰᠢᠨ ᠢᠶᠠᠷ ᠲᠣᠭᠤᠯᠬᠤ ᠬᠢᠬᠡᠳ ᠮᠠᠯ ᠠᠵᠣ ᠠᠬᠤᠢ ᠶᠢᠨ ᠭᠠᠮᠰᠢᠭ ᠢ ᠰᠡᠷᠭᠡᠶᠢᠯᠡᠨ ᠡᠰᠡᠷᠭᠦᠴᠡᠬᠦ ᠠᠵᠢᠯ ᠤᠨ ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠬᠤᠰᠢᠭᠤᠨ ᠤ ᠭᠠᠮᠰᠢᠭ ᠢ ᠡᠰᠡᠷᠭᠦᠴᠡᠬᠦ ᠠᠯᠪᠠᠨ ᠭᠡᠷ ᠤᠨ ᠪᠣᠷᠣ ᠲᠦᠯᠦᠪ ᠳᠣᠳᠣᠷ᠎ᠠ ᠡᠯ᠎ᠡ ᠰᠣᠮᠣ ᠰᠢᠶᠠᠩ ᠪᠠᠯᠭᠠᠰᠣ ᠯᠤᠭ᠎ᠠ ᠶᠢᠨ ᠨᠡᠪᠳᠡᠷᠡᠯᠴᠡᠨ ᠵᠣᠬᠢᠴᠠᠭᠤᠯᠬᠤ ᠲᠣᠭᠲᠠᠴᠠ ᠶᠢ ᠳᠠᠷᠣᠢ ᠲᠦᠷᠭᠡᠨ ᠪᠠᠶᠢᠭᠤᠯᠵᠣ᠂ ᠡᠬᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢ ᠶᠤᠰᠤᠭᠠᠷ᠂ ᠲᠣᠰ ᠲᠣᠰ ᠤᠨ ᠡᠬᠦᠷᠭᠡ ᠬᠠᠷᠢᠭᠤᠴᠠᠯᠭ᠎ᠠ ᠪᠠᠨ ᠨᠢᠮᠪᠠᠢ ᠬᠦᠢᠴᠡᠳᠬᠡᠵᠦ᠂ ᠭᠠᠮᠰᠢᠭ ᠤᠨ ᠪᠠᠶᠢᠳᠠᠯ ᠢ ᠢᠳᠡᠪᠬᠢᠲᠡᠢ ᠠᠷᠭᠠᠴᠠᠪᠠ᠃ ᠡᠬᠦᠨ ᠤ ᠬᠠᠮᠳᠣ ᠡᠪᠦᠯ ᠤᠨ ᠣᠯᠠᠷᠢᠯ ᠤᠨ ᠮᠠᠯ ᠠᠵᠣ ᠠᠬᠤᠢ ᠶᠢᠨ ᠦᠢᠯᠡᠳᠪᠦᠷᠢᠯᠡᠯ ᠤᠨ ᠪᠦᠲᠦᠭᠡᠨ ᠪᠠᠶᠢᠭᠤᠯᠣᠯᠲᠠ ᠶᠢᠨ ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ ᠶᠢ ᠦᠨᠡᠨᠬᠦ ᠴᠢᠩᠭᠠᠳᠬᠠᠵᠣ᠂ ᠡᠯ᠎ᠡ ᠭᠠᠵᠠᠷ ᠤᠨ ᠮᠠᠯ ᠠᠵᠣ ᠠᠬᠤᠢ ᠶᠢᠨ ᠦᠢᠯᠡᠳᠪᠦᠷᠢᠯᠡᠯ ᠤᠨ ᠠᠵᠢᠯ ᠤᠨ ᠲᠦᠯᠦᠪᠯᠡᠭᠡ ᠲᠠᠢ᠂ ᠵᠣᠬᠢᠶᠠᠨ ᠪᠠᠶᠢᠭᠤᠯᠣᠯᠲᠠ ᠲᠠᠢ᠂ ᠠᠮᠣᠷ ᠲᠦᠪᠰᠢᠨ᠂ ᠡᠮᠬᠢ ᠴᠡᠭᠴᠡ ᠲᠠᠢ ᠶᠠᠪᠣᠭᠳᠠᠬᠤ ᠶᠢ ᠯᠠᠪᠳᠠᠶᠢᠶ᠎ᠠ ᠪᠠᠳᠣᠯᠠᠭᠰᠠᠨ ᠪᠠᠶᠢᠨ᠎ᠠ᠃     ︵ ᠬᠤᠶᠠᠷ︶ ᠮᠠᠯ ᠤᠨ ᠬᠦᠨᠳᠣ ᠭᠡᠴᠡᠬᠦᠦ ᠬᠢᠵᠢᠭ ᠬᠡᠮ ᠢ ᠣᠷᠢᠳᠴᠢᠯᠠᠨ ᠰᠡᠷᠭᠡᠶᠢᠯᠡᠬᠦ ᠠᠵᠢᠯ ᠢ ᠦᠨᠡᠨᠬᠦ ᠰᠠᠶᠢᠳᠣᠷ ᠬᠢᠪᠡ᠃ ︽ ᠰᠡᠷᠭᠡᠶᠢᠯᠡᠬᠦ ᠪᠠᠷ ᠭᠤᠣᠯ ᠪᠣᠯᠭᠠᠵᠣ᠂ ᠠᠯᠪᠠᠳᠠᠯᠭ᠎ᠠ ᠪᠠᠷ ᠦᠯᠦ ᠬᠠᠯᠳᠠᠭᠠᠯᠲᠠ ᠬᠢᠬᠦ︾ ᠱᠠᠭᠠᠷᠳᠠᠯᠭ᠎ᠠ ᠶᠣᠰᠣᠭᠠᠷ᠂ ᠡᠪᠦᠯ ᠤᠨ ᠣᠯᠠᠷᠢᠯ ᠤᠨ ᠮᠠᠯ ᠤᠨ ᠬᠢᠵᠢᠭ ᠬᠡᠮ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠪᠠ᠃ ᠦᠨᠳᠦᠰᠦᠨ ᠱᠠᠲᠣᠨ ᠤ ᠮᠠᠯ ᠡᠮᠨᠡᠯᠬᠡ ᠶᠢᠨ ᠦᠷᠳᠡᠭᠡ ᠲᠤ ᠵᠢᠵᠢᠭᠦᠷᠯᠡᠬᠦ ᠳᠦᠷᠢᠮ ᠢ ᠡᠬᠢᠯᠡᠨ ᠬᠡᠷᠡᠭᠵᠢᠬᠦᠯᠵᠦ᠂ ᠴᠢᠬᠤᠯᠠ ᠲᠠᠢ ᠡᠮ ᠢ ᠬᠦᠢᠴᠡᠳ ᠪᠡᠯᠡᠳᠬᠡᠵᠦ᠂ ᠬᠤᠰᠢᠭᠤᠨ ᠤ ᠬᠢᠯᠢ ᠪᠠᠷ ᠣᠷᠣᠵᠣ ᠭᠠᠷᠬᠤ ᠠᠮᠢᠳᠠᠨ ᠤ ᠬᠢᠵᠢᠭ ᠢ ᠪᠠᠶᠢᠴᠠᠭᠠᠬᠤ ᠠᠵᠢᠯ ᠢ ᠴᠢᠩᠭᠠᠳᠬᠠᠵᠣ᠂ ᠮᠠᠯ ᠤᠨ ᠬᠢᠵᠢᠭ ᠬᠡᠮ ᠲᠤ ᠬᠠᠯᠪᠦᠷᠢᠯᠠᠭᠳᠠᠬᠤ ᠲᠦᠭᠰᠢᠬᠦᠷᠢ ᠶᠢ ᠪᠠᠭᠤᠷᠠᠭᠤᠯᠵᠣ᠂ ᠮᠠᠯ ᠠᠵᠣ ᠠᠬᠤᠢ ᠶᠢᠨ ᠦᠢᠯᠡᠳᠪᠦᠷᠢᠯᠡᠯ ᠤᠨ ᠠᠮᠣᠷ ᠲᠦᠪᠰᠢᠨ ᠢ ᠯᠠᠪᠳᠠᠢ ᠪᠠᠳᠣᠯᠠᠭᠰᠠᠨ ᠪᠠᠶᠢᠨ᠎ᠠ᠃     ︵ ᠭᠤᠷᠪᠠ︶ ᠣᠯᠠᠨ ᠠᠷᠭ᠎ᠠ ᠪᠠᠷ ᠭᠠᠮᠰᠢᠭᠳᠠᠯ ᠢ ᠪᠠᠭᠠᠰᠬᠠᠬᠤ ᠠᠵᠢᠯ ᠢ ᠲᠦᠯᠬᠢᠨ ᠠᠬᠢᠭᠤᠯᠪᠠ᠃ ᠨᠢᠬᠡ ᠳᠤ ᠮᠠᠯ ᠰᠦᠷᠦᠭ ᠢ ᠠᠯᠣᠰ ᠬᠤᠯᠠ ᠶᠢᠨ ᠮᠠᠯᠵᠢᠯ ᠤᠨ ᠲᠠᠯᠠᠪᠠᠢ ᠠᠴᠠ ᠰᠠᠭᠤᠷᠢ ᠲᠦᠭᠦᠭᠡᠷᠦᠮᠵᠢ ᠪᠠᠷ ᠪᠦᠷᠢᠨ ᠲᠡᠬᠦᠯᠳᠡᠷ ᠡᠪᠦᠯᠵᠢᠶᠡᠨ ᠤ ᠭᠠᠵᠠᠷ ᠪᠣᠶᠣ ᠭᠤᠣᠯ ᠠᠴᠠ ᠣᠶᠢᠷᠬᠠᠨ ᠣᠳᠣᠷᠯᠠᠭᠤᠯᠵᠣ᠂ ᠪᠡᠯᠴᠢᠭᠡᠷ ᠡᠪᠡᠰᠦ ᠶᠢᠨ ᠬᠠᠮᠢᠶᠠᠷᠣᠯᠲᠠ  ᠶᠢ ᠴᠢᠩᠭᠠᠷᠠᠭᠤᠯᠵᠣ᠂ ᠮᠠᠯ ᠤᠨ ᠲᠠᠷᠭᠤ ᠬᠦᠴᠦ ᠶᠢ ᠬᠠᠮᠠᠭᠠᠯᠠᠪᠠ᠃ ᠡᠬᠦᠨ ᠤ ᠬᠠᠮᠳᠣ᠂ ᠮᠠᠯᠴᠢᠳ ᠢ ᠬᠦᠲᠦᠯᠦᠨ ᠵᠢᠯᠣᠭᠤᠳᠴᠣ ᠲᠠᠷᠭᠤ ᠬᠦᠴᠦ ᠮᠠᠭᠤᠳᠠᠢ ᠮᠠᠯ ᠢᠶᠠᠨ ᠰᠢᠷᠪᠢᠭᠳᠡᠬᠦᠯᠬᠦ᠂ ᠪᠣᠷᠣᠯᠠᠭᠤᠯᠬᠤ ᠬᠦᠴᠦᠯᠡᠴᠡ ᠶᠢ ᠨᠢ ᠨᠡᠮᠡᠭᠳᠡᠬᠦᠯᠵᠦ᠂ ᠭᠠᠮᠰᠢᠭ ᠢ ᠡᠰᠡᠷᠭᠦᠴᠡᠬᠦ ᠳᠠᠷᠣᠭᠠᠰᠣ ᠶᠢ ᠬᠦᠩᠭᠡᠷᠡᠭᠦᠯᠪᠡ᠃ ᠬᠤᠶᠠᠷ ᠲᠤ ᠭᠠᠮᠰᠢᠭ ᠢ ᠡᠰᠡᠷᠭᠦᠴᠡᠬᠦ ᠮᠠᠰᠢᠨ ᠲᠦᠭᠦᠭᠡᠷᠦᠮᠵᠢ ᠶᠢ ᠲᠣᠬᠢᠷᠠᠭᠤᠯᠬᠤ ᠪᠠ ᠬᠦᠮᠦᠨ ᠤ ᠬᠦᠴᠦ ᠶᠢ ᠲᠣᠬᠢᠷᠠᠭᠤᠯᠬᠤ ᠶᠢ ᠰᠠᠶᠢᠳᠣᠷ ᠬᠢᠵᠦ᠂ ᠭᠠᠮᠰᠢᠭ ᠤᠨ ᠪᠠᠶᠢᠳᠠᠯ ᠢ ᠨᠢᠬᠳᠠ ᠠᠵᠢᠭᠯᠠᠵᠦ᠂ ᠴᠢᠬᠤᠯᠠᠲᠠᠢ ᠦᠶᠡᠰ ᠭᠠᠮᠰᠢᠭ ᠠᠴᠠ ᠠᠪᠣᠷᠠᠬᠤ ᠠᠵᠢᠯ ᠳᠤ ᠤᠷᠤᠯᠴᠠᠭᠤᠯᠬᠤ ᠪᠤᠯᠤᠨ᠎ᠠ᠃ ᠭᠤᠷᠪᠠ ᠳᠤ ᠴᠠᠭ ᠠᠭᠤᠷ ᠤᠨ ᠰᠠᠯᠠᠭ᠎ᠠ ᠮᠦᠴᠢᠷ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠣ᠂ ᠴᠠᠭ ᠠᠭᠤᠷ ᠤᠨ ᠣᠷᠢᠳᠴᠢᠯᠠᠭᠰᠠᠨ ᠮᠡᠳᠡᠭᠡ ᠶᠢ ᠰᠠᠶᠢᠳᠣᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠶᠢ ᠣᠷᠢᠳᠴᠢᠯᠠᠨ ᠰᠣᠳᠣᠯᠣᠨ ᠮᠠᠭᠠᠳᠯᠠᠪᠠ᠃ ᠳᠦᠷᠪᠡ ᠳᠤ ᠳᠡᠭᠡᠳᠦ ᠱᠠᠲᠣᠨ ᠠᠴᠠ ᠮᠠᠨ ᠤ ᠬᠤᠰᠢᠭᠤᠨ ᠳᠤ ᠪᠠᠭᠤᠯᠭᠠᠭᠰᠠᠨ ᠭᠠᠮᠰᠢᠭ ᠠᠴᠠ ᠠᠪᠣᠷᠠᠨ ᠲᠣᠰᠠᠯᠠᠬᠤ ᠪᠡᠯᠡ ᠮᠦᠩᠬᠦ ᠶᠢ  ᠦᠨᠡᠨᠬᠦ ᠨᠠᠶᠢᠳᠠᠪᠣᠷᠢᠵᠢᠭᠤᠯᠵᠣ᠂ ᠮᠠᠯ ᠠᠵᠣ ᠠᠬᠤᠢ ᠶᠢᠨ ᠦᠢᠯᠡᠳᠪᠦᠷᠢᠯᠡᠯ ᠤᠨ ᠡᠳ᠋ ᠪᠠᠷᠠᠭ᠎ᠠ᠂ ᠭᠠᠮᠰᠢᠭ ᠢ ᠡᠰᠡᠷᠭᠦᠴᠡᠬᠦ ᠲᠣᠰᠣᠨ ᠤ ᠨᠦᠬᠡᠴᠡᠯᠡᠯᠲᠡ ᠪᠠ ᠴᠠᠰᠣ ᠬᠠᠭᠠᠯᠬᠤ ᠮᠠᠰᠢᠨ ᠪᠠᠭᠠᠵᠢ ᠶᠢ ᠰᠡᠯᠪᠢᠨ ᠵᠠᠰᠠᠬᠤ ᠬᠢᠬᠡᠳ ᠪᠡᠯᠡᠳᠭᠡᠯ ᠠᠵᠢᠯ ᠢ ᠰᠠᠶᠢᠳᠣᠷ ᠬᠢᠵᠦ᠂ ᠭᠠᠮᠰᠢᠭ ᠢ ᠡᠰᠡᠷᠭᠦᠴᠡᠬᠦ ᠠᠵᠢᠯ ᠤᠨ ᠮᠡᠳᠡᠭᠡ ᠵᠠᠩᠬᠢ ᠨᠡᠪᠳᠡᠷᠬᠡᠢ ᠪᠠᠶᠢᠬᠤ ᠶᠢ ᠪᠠᠳᠣᠯᠠᠵᠣ᠂ ᠭᠠᠮᠰᠢᠭ ᠢ ᠡᠰᠡᠷᠭᠦᠴᠡᠬᠦ ᠡᠯ᠎ᠡ ᠵᠦᠢᠯ ᠤᠨ ᠪᠡᠯᠡᠳᠬᠡᠯ ᠢ ᠰᠠᠶᠢᠳᠣᠷ ᠬᠢᠪᠡ᠃ ᠰᠢᠶᠠᠩ ᠪᠠᠯᠭᠠᠰᠣ ᠶᠢᠨ ᠭᠠᠮᠰᠢᠭ ᠢ ᠡᠰᠡᠷᠭᠦᠴᠡᠬᠦ ᠠᠵᠢᠯ ᠤᠨ ᠵᠠᠷᠣᠳᠠᠯ ᠢ 85.0 ᠲᠦᠮᠡᠨ ᠲᠦᠭᠦᠷᠢᠭ ᠲᠣᠬᠢᠷᠠᠭᠤᠯᠵᠣ᠂ ᠬᠤᠰᠢᠭᠤ ᠱᠠᠲᠣᠨ ᠤ ᠭᠠᠮᠰᠢᠭ  ᠢ ᠡᠰᠡᠷᠭᠦᠴᠡᠨ ᠪᠠᠴᠢᠮ ᠪᠠᠶᠢᠳᠠᠯ ᠢ ᠠᠷᠭᠠᠴᠠᠬᠤ ᠵᠠᠷᠣᠳᠠᠯ ᠢ 19.20 ᠲᠦᠮᠡᠨ ᠲᠦᠭᠦᠷᠢᠭ ᠲᠣᠬᠢᠷᠠᠭᠤᠯᠣᠨ᠂ ᠲᠣᠮᠣ ᠬᠡᠯᠪᠡᠷᠢ ᠶᠢᠨ ᠲᠠᠷᠠᠺᠲ᠋ᠤᠷ᠂ ᠭᠠᠮᠰᠢᠭ ᠢ ᠡᠰᠡᠷᠭᠦᠴᠡᠬᠦ ᠪᠠᠭᠠᠵᠢ ᠬᠡᠷᠡᠭᠰᠡᠯ ᠢ ᠨᠢᠬᠡᠳᠦᠯᠳᠡᠢ ᠬᠤᠳᠠᠯᠳᠣᠨ ᠠᠪᠣᠬᠤ ᠳᠤ ᠨᠡᠶᠢᠲᠡ 340 ᠲᠦᠮᠡᠨ ᠲᠦᠭᠦᠷᠢᠭ ᠵᠠᠷᠣᠴᠠᠭᠤᠯᠵᠣ᠂ ᠬᠦᠮᠦᠷᠭᠡ ᠳᠤ ᠬᠠᠳᠠᠭᠠᠯᠠᠭᠰᠠᠨ ᠬᠠᠭᠤᠷᠠᠢ ᠡᠪᠡᠰᠦ ᠶᠢ ᠵᠦᠭᠡᠭᠡᠪᠦᠷᠢᠯᠡᠬᠦ ᠵᠠᠷᠣᠳᠠᠯ ᠢ 1.5 ᠲᠦᠮᠡᠨ ᠲᠦᠭᠦᠷᠢᠭ ᠨᠠᠶᠢᠳᠠᠪᠣᠷᠢᠵᠢᠭᠤᠯᠪᠠ᠃     ︵ ᠳᠦᠷᠪᠡ︶ ᠮᠠᠯ ᠣᠨᠤᠭ᠎ᠠ ᠶᠢ ᠪᠠᠷᠢᠮᠵᠢᠶᠠᠵᠢᠭᠤᠯᠣᠨ ᠲᠡᠵᠢᠬᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠪᠠ᠃ ᠡᠸ᠋ᠨᠩᠬᠢ ᠬᠤᠰᠢᠭᠤᠨ ᠤ ᠮᠠᠯ ᠠᠵᠣ ᠠᠬᠤᠢ ᠶᠢᠨ ᠦᠢᠯᠡᠳᠪᠦᠷᠢᠯᠡᠯ   ᠳᠤ ᠪᠠᠷᠢᠮᠵᠢᠶᠠᠵᠢᠭᠤᠯᠣᠨ ᠲᠡᠵᠢᠬᠡᠬᠦ ᠬᠡᠯᠪᠡᠷᠢ  ᠶᠢ ᠶᠡᠬᠡᠪᠡᠷ ᠠᠬᠢᠭᠤᠯᠵᠣ᠂ ᠣᠯᠠᠮᠵᠢᠯᠠᠯᠳᠣ ᠮᠠᠯ ᠠᠵᠣ ᠠᠬᠤᠢ ᠪᠣᠯᠣᠨ ᠣᠳᠣ ᠦᠶ᠎ᠡ ᠶᠢᠨ ᠮᠠᠯ ᠠᠵᠣ ᠠᠬᠤᠢ ᠶᠢᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠬᠦ ᠶᠢ ᠠᠬᠢᠭᠤᠯᠪᠠ᠃ ᠨᠢᠬᠡ ᠳᠤ ᠣᠷᠣᠨ ᠨᠣᠲᠤᠭ ᠤᠨ ᠰᠠᠶᠢᠨ ᠡᠬᠦᠯᠳᠡᠷ ᠣᠨᠴᠠᠭᠠᠶᠢᠯᠠᠨ ᠲᠠᠯ᠎ᠠ ᠨᠣᠲᠤᠭ ᠤᠨ ᠣᠬᠤᠷ ᠰᠡᠬᠦᠯᠳᠦ ᠬᠤᠨᠢ᠂ ᠰᠠᠨ ᠡᠾᠧ ᠦᠬᠡᠷ᠂ ᠰᠠᠨ ᠡᠾᠧ ᠠᠳᠣᠭᠤ ᠶᠢᠨ ᠡᠬᠦᠯᠳᠡᠷ ᠢ ᠪᠣᠶᠢᠵᠢᠭᠤᠯᠬᠤ ᠪᠠ ᠳᠡᠯᠭᠡᠷᠡᠬᠦᠯᠦᠨ ᠬᠡᠷᠡᠭᠯᠡᠬᠦ ᠠᠵᠢᠯ ᠢ ᠶᠡᠬᠡᠪᠡᠷ ᠲᠦᠯᠬᠢᠨ ᠠᠬᠢᠭᠤᠯᠵᠣ᠂ ᠪᠡᠯᠡ ᠮᠦᠩᠬᠦ  ᠶᠢᠨ ᠳᠡᠮᠵᠢᠯᠬᠡ ᠪᠠ ᠲᠦᠷᠦᠯ ᠵᠦᠢᠯ ᠤᠨ ᠣᠷᠣᠭᠤᠯᠣᠯᠲᠠ ᠶᠢ ᠨᠡᠮᠡᠭᠳᠡᠬᠦᠯᠬᠦ ᠪᠠᠷ ᠳᠠᠮᠵᠢᠭᠤᠯᠣᠨ᠂ ᠨᠢᠬᠡ ᠪᠦᠯᠦᠭ ᠵᠢᠱᠢᠶ᠎ᠡ ᠦᠵᠡᠬᠦᠯᠬᠦ ᠮᠠᠯᠵᠢᠯ ᠤᠨ ᠲᠠᠯᠠᠪᠠᠢ ︵ᠬᠤᠷᠰᠢᠶᠠᠵᠢᠯ︶ ᠢ ᠪᠠᠶᠢᠭᠤᠯᠪᠠ᠃ ᠴᠡᠭ ᠢᠶᠠᠷ ᠲᠠᠯ᠎ᠠ ᠶᠢ ᠳᠠᠶᠢᠴᠢᠯᠠᠨ᠂ ᠪᠦᠬᠦᠶᠢᠯᠡ ᠴᠣᠭᠴᠠ ᠪᠠᠷ ᠨᠢ ᠲᠦᠯᠬᠢᠨ ᠠᠬᠢᠭᠤᠯᠵᠣ᠂ ᠮᠠᠯ ᠠᠵᠣ ᠠᠬᠤᠢ ᠶᠢ ᠲᠤᠭ᠎ᠠ ᠬᠡᠮᠵᠢᠶᠡᠨ ᠤ ᠦᠷ᠎ᠡ ᠠᠰᠢᠭᠲᠣ ᠬᠡᠯᠪᠡᠷᠢ ᠠᠴᠠ ᠶᠠᠰᠣ ᠴᠢᠨᠠᠷ ᠤᠨ ᠦᠷ᠎ᠡ ᠠᠰᠢᠭᠲᠣ ᠬᠡᠯᠪᠡᠷᠢ ᠵᠦᠭ ᠬᠤᠪᠢᠷᠠᠭᠤᠯᠪᠠ᠃ ᠬᠤᠶᠠᠷ ᠲᠤ ᠡᠷᠴᠢᠮᠵᠢᠬᠦᠯᠦᠨ ᠬᠠᠮᠢᠶᠠᠷᠬᠤ ᠪᠡ ᠪᠡᠯᠡᠳᠬᠡᠮᠵᠢ ᠲᠦᠭᠦᠭᠡᠷᠦᠮᠵᠢ ᠶᠢ ᠬᠦᠢᠴᠡᠳ ᠲᠣᠬᠢᠷᠠᠭᠤᠯᠬᠤ ᠳᠡᠭᠡᠷ᠎ᠡ ᠬᠦᠴᠦ ᠲᠠᠯᠪᠢᠵᠣ᠂ ᠠᠦ᠋ᠲᠴᠢᠯᠠᠨ ᠲᠡᠵᠢᠬᠡᠬᠦ ᠪᠠ ᠮᠠᠰᠢᠨ ᠮᠧᠬᠠᠨᠢᠭ ᠢᠶᠠᠷ ᠮᠠᠯ ᠤᠨ ᠢᠯᠭᠠᠳᠠᠰᠣ ᠶᠢ ᠰᠢᠢᠳᠪᠦᠷᠢᠯᠡᠬᠦ ᠵᠡᠷᠭᠡ ᠲᠦᠭᠦᠭᠡᠷᠦᠮᠵᠢ ᠶᠢ ᠬᠡᠷᠡᠭᠯᠡᠬᠦ ᠪᠠᠷ ᠳᠠᠮᠵᠢᠭᠤᠯᠣᠨ᠂ ᠲᠡᠵᠢᠬᠡᠯ ᠡᠪᠡᠰᠦ ᠶᠢ ᠪᠦᠷᠢᠯᠭᠡᠬᠦ ᠠᠴᠠ ᠵᠠᠶᠢᠯᠠᠰᠬᠢᠵᠣ᠂ ᠦᠢᠯᠡᠳᠪᠦᠷᠢᠯᠡᠯ ᠤᠨ ᠦᠪᠡᠷ ᠤᠨ ᠦᠷᠳᠡᠭ ᠢ ᠪᠠᠭᠤᠷᠠᠭᠤᠯᠵᠣ᠂ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠬᠦᠯᠪᠡ᠃     ︵ ᠲᠠᠪᠤ︶ ᠮᠠᠯ ᠰᠦᠷᠦᠭ ᠤᠨ ᠪᠦᠲᠦᠴᠡ ᠶᠢ ᠰᠠᠶᠢᠵᠢᠷᠠᠭᠤᠯᠵᠣ᠂ ᠮᠠᠯ ᠠᠵᠣ ᠠᠬᠤᠢ ᠶᠢᠨ ᠦᠷᠬᠦᠯᠵᠢᠯᠡᠨ ᠬᠦᠭᠵᠢᠬᠦ ᠶᠢ ᠪᠡᠶᠡᠯᠡᠬᠦᠯᠦᠨ᠎ᠡ᠃ ︽ ᠪᠦᠬᠦ ᠲᠠᠯ᠎ᠠ ᠪᠠᠷ ᠵᠣᠬᠢᠴᠠᠩᠭᠤᠢ ᠪᠠᠷ ᠦᠷᠬᠦᠯᠵᠢᠯᠡᠨ︾ ᠬᠦᠭᠵᠢᠬᠦᠯᠬᠦ ᠦᠵᠡᠯᠲᠡ ᠶᠢ ᠪᠠᠷᠢᠮᠳᠠᠯᠠᠨ᠂ ᠮᠠᠨ ᠤ ᠬᠤᠰᠢᠭᠤᠨ ᠤ ᠮᠠᠯ ᠠᠵᠣ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠪᠣᠯᠣᠨ ᠣᠨᠴᠠᠯᠢᠭ ᠲᠠᠢ ᠪᠠᠨ ᠤᠶᠠᠯᠳᠤᠭᠤᠯᠤᠨ᠂ ︽ᠦᠭᠡᠷ ᠢ ᠲᠤᠭᠳᠠᠭᠤᠨ ᠢᠶᠠᠷ ᠦᠷᠡᠵᠢᠭᠦᠯᠵᠦ ᠬᠤᠨᠢᠨ ᠤ ᠲᠤᠭ᠎ᠠ ᠲᠣᠯᠣᠭᠠᠢ ᠶᠢ ᠨᠡᠮᠡᠭᠳᠡᠬᠦᠯᠬᠦ︾ ᠬᠦᠭᠵᠢᠯᠲᠡ ᠶᠢᠨ ᠰᠡᠳᠬᠢᠴᠡ ᠶᠢ ᠲᠣᠭᠲᠠᠭᠠᠵᠣ᠂ ᠲᠤᠭ᠎ᠠ ᠲᠣᠯᠣᠭᠠᠢ ᠶᠢ ᠲᠣᠭᠲᠠᠪᠣᠷᠢᠵᠢᠭᠤᠯᠬᠤ᠂ ᠭᠠᠭᠴᠠ ᠵᠦᠢᠯ ᠤᠨ ᠮᠠᠯ ᠤᠨ ᠦᠢᠯᠡᠳᠪᠦᠷᠢᠯᠡᠯ ᠢᠶᠠᠷ ᠭᠤᠣᠯᠯᠠᠵᠣ᠂ ᠴᠢᠨᠠᠷ ᠴᠢᠨᠰᠠᠭ᠎ᠠ ᠶᠢ  ᠨᠢ ᠳᠡᠭᠡᠭᠰᠢᠯᠡᠬᠦᠯᠵᠦ᠂ ᠦᠷ᠎ᠡ ᠠᠰᠢᠭ ᠢ ᠨᠡᠮᠡᠭᠳᠡᠬᠦᠯᠬᠦ ᠪᠠᠷ ᠬᠠᠷᠠᠯᠲᠠ ᠪᠣᠯᠭᠠᠵᠣ᠂ ᠰᠦ ᠮᠢᠬ᠎ᠠ ᠵᠡᠷᠭᠡ ᠬᠤᠶᠠᠷ ᠲᠠᠯ᠎ᠠ  ᠪᠠᠷ ᠦᠷ᠎ᠡ ᠠᠰᠢᠭ ᠣᠯᠬᠤ ᠰᠠᠨ ᠡᠾᠧ ᠦᠬᠡᠷ ᠢᠶᠠᠷ ᠭᠤᠣᠯ ᠡᠬᠦᠯᠳᠡᠷ ᠪᠣᠯᠭᠠᠵᠣ᠂ ᠰᠦ ᠰᠠᠭᠠᠯᠢ ᠳᠤ ᠵᠣᠬᠢᠬᠤ ᠶᠢ  ᠨᠢ ᠰᠦ ᠶᠢᠨ ᠦᠢᠯᠡᠳᠪᠦᠷᠢᠯᠡᠯ ᠳᠤ ᠬᠡᠷᠡᠭᠯᠡᠵᠦ᠂ ᠮᠢᠬᠠᠨ ᠤ ᠵᠦᠢᠯ ᠳᠤ ᠵᠣᠬᠢᠬᠤ ᠶᠢ ᠨᠢ ᠮᠢᠬᠠᠨ ᠤ ᠦᠭᠡᠷ ᠪᠤᠯᠭᠠᠬᠤ ᠠᠵᠦ ᠦᠢᠯᠡᠰ ᠢ ᠬᠦᠭᠵᠢᠭᠦᠯᠦᠨ᠎ᠠ᠃ ᠲᠠᠯ᠎ᠠ ᠨᠣᠲᠤᠭ ᠤᠨ ᠣᠬᠤᠷ ᠰᠡᠬᠦᠯᠳᠦ ᠬᠤᠨᠢ ᠶᠢᠨ ᠡᠬᠦᠯᠳᠡᠷ ᠢ ᠳᠡᠯᠬᠡᠷᠡᠬᠦᠯᠵᠦ᠂ ᠮᠢᠬᠠᠨ ᠤ ᠬᠤᠨᠢ ᠶᠢᠨ ᠠᠵᠣ ᠦᠢᠯᠡᠰ ᠢ ᠪᠣᠵᠠᠭᠠᠶᠢᠷᠠᠭᠤᠯᠣᠨ ᠬᠦᠴᠦᠷᠬᠡᠭᠵᠢᠬᠦᠯᠦᠨ᠎ᠡ᠃ ᠰᠠᠶᠢᠨ ᠡᠬᠦᠯᠳᠡᠷ ᠤᠨ ᠰᠠᠭᠠᠯᠢ ᠶᠢᠨ ᠢᠮᠠᠭ᠎ᠠ ᠶᠢ ᠣᠷᠣᠭᠤᠯᠣᠨ ᠠᠪᠴᠢᠷᠠᠵᠣ᠂ ᠰᠦᠨ ᠦᠢᠯᠡᠰ ᠤᠨ ᠬᠡᠯᠪᠡᠷᠢ ᠶᠢ ᠬᠤᠪᠢᠷᠠᠭᠤᠯᠣᠨ ᠳᠡᠰ ᠳᠡᠪᠰᠢᠬᠦᠯᠬᠦ ᠶᠢ ᠰᠦᠪᠡᠭᠴᠢᠯᠡᠨ᠎ᠡ᠃ ᠬᠠᠭᠠᠰ ᠬᠠᠷᠢᠭᠤᠯᠬᠤ ᠬᠠᠭᠠᠰ ᠬᠠᠰᠢᠶᠠᠯᠠᠨ ᠲᠡᠵᠢᠬᠡᠬᠦ ᠪᠠ ᠪᠦᠬᠦᠨ ᠢ ᠬᠠᠰᠢᠶᠠᠯᠠᠨ ᠲᠡᠵᠢᠭᠡᠬᠦ ᠦᠢᠯᠡᠳᠪᠦᠷᠢᠯᠡᠯ ᠤᠨ ᠬᠡᠯᠪᠡᠷᠢ ᠶᠢ ᠳᠡᠯᠭᠡᠷᠡᠬᠦᠯᠵᠦ᠂ ᠨᠣᠲᠤᠭ ᠪᠡᠯᠴᠢᠭᠡᠷ ᠲᠤ ᠬᠡᠳᠦᠷᠬᠡᠢ ᠲᠦᠰᠢᠬᠦ ᠶᠢ ᠲᠡᠪᠴᠢᠵᠦ᠂ ᠨᠣᠲᠤᠭ ᠪᠡᠯᠴᠢᠭᠡᠷ ᠢ ᠰᠡᠷᠭᠦᠭᠡᠬᠦ ᠪᠠ ᠡᠸ᠋ᠨᠩᠬᠢ ᠬᠤᠰᠢᠭᠤᠨ ᠤ ᠮᠠᠯ ᠠᠵᠣ ᠠᠬᠤᠢ ᠶᠢᠨ ᠦᠷᠬᠦᠯᠵᠢᠯᠡᠨ ᠬᠦᠭᠵᠢᠬᠦ ᠶᠢ ᠪᠡᠶᠡᠯᠡᠬᠦᠯᠦᠨ᠎ᠡ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号