ᠪᠠᠶᠠᠨᠲᠠᠯ᠎ᠠ ᠰᠢᠶᠠᠩ ᠤᠨ 2020 ᠣᠨ ᠤ ︽ᠪᠢᠳᠡ ᠪᠦᠷ ᠴᠢᠷᠮᠠᠶᠢᠨ ᠲᠡᠮᠡᠴᠡᠵᠦ ᠪᠠᠶᠢᠨ᠎ᠠ᠂ ᠪᠢᠳᠡ ᠪᠣᠯ ᠬᠦᠰᠡᠯ ᠵᠡᠭᠦᠳᠦ ᠪᠠᠨ ᠬᠥᠭᠡᠭᠡᠴᠡᠯᠳᠦᠭᠴᠢ ᠮᠥᠨ︾ ᠭᠡᠬᠦ ᠨᠥᠬᠦᠷᠯᠡᠯ ᠤᠨ ᠬᠤᠷᠠᠯ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2020/1/14
   ᠰᠠᠷ᠎ᠠ ᠰᠢᠨ᠎ᠡ ᠶᠢᠨ ᠪᠠᠶᠠᠷ ᠳᠦᠬᠦᠬᠦ ᠳᠠᠰᠢᠷᠠᠮ ᠳᠤ᠂ ᠪᠠᠶᠠᠨᠳᠠᠯ᠎ᠠ ᠰᠢᠶᠠᠩ ᠤᠨ ᠮᠠᠯᠴᠢᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠢᠨ᠎ᠡ ᠴᠠᠭ ᠦᠶ᠎ᠡ ᠶᠢᠨ ᠮᠠᠯᠴᠢᠳ ᠤᠨ ᠰᠠᠶᠢᠨ ᠰᠠᠶᠢᠬᠠᠨ ᠠᠮᠢᠳᠤᠷᠠᠯ ᠪᠠ ᠢᠳᠡᠪᠬᠢᠲᠡᠢ ᠥᠭᠡᠳᠡᠷᠬᠡᠭ ᠵᠣᠷᠢᠭ ᠰᠠᠨᠠᠭ᠎ᠠ ᠶᠢ ᠢᠯᠡᠷᠡᠭᠦᠯᠬᠦ ᠶᠢᠨ ᠲᠥᠯᠥᠭᠡ᠂ 1 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠷᠬᠢᠯᠡᠭᠰᠡᠨ ᠪᠠᠶᠠᠨᠲᠠᠯ᠎ᠠ ᠰᠢᠶᠠᠩ ᠤᠨ 2020 ᠣᠨ ᠤ ︽ᠪᠢᠳᠡ ᠪᠦᠷ ᠴᠢᠷᠮᠠᠶᠢᠨ ᠲᠡᠮᠡᠴᠡᠵᠦ ᠪᠠᠶᠢᠨ᠎ᠠ ᠪᠢᠳᠡ ᠪᠣᠯ ᠬᠦᠰᠡᠯ ᠵᠡᠭᠦᠳᠦ ᠪᠠᠨ ᠬᠥᠭᠡᠭᠡᠴᠡᠯᠳᠦᠭᠴᠢ ᠮᠥᠨ︾ ᠭᠡᠬᠦ ᠨᠥᠬᠦᠷᠯᠡᠯ ᠤᠨ ᠬᠤᠷᠠᠯ ᠪᠦᠯᠠᠷ ᠭᠠᠴᠠᠭ᠎ᠠ ᠶᠢᠨ ᠠᠶ ᠯᠧ ᠢᠳᠡᠭᠡᠨ ᠤᠮᠳᠠᠭᠠᠨ ᠤ ᠲᠥᠪ ᠲᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠡᠸ᠋ᠨᠩᠬᠢ ᠬᠤᠰᠢᠭᠤᠨ ᠳᠤ ᠰᠠᠭᠤᠭ᠎ᠠ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠣᠯᠲᠠ ᠶᠢ ᠵᠢᠯᠣᠭᠤᠳᠬᠤ ᠶᠡᠷᠥᠩᠬᠡᠢ ᠠᠩᠬᠢ᠂ ᠬᠤᠰᠢᠭᠤᠨ ᠤ ᠨᠠᠮ ᠤᠨ ᠬᠤᠷᠢᠶ᠎ᠠ ᠳᠡᠳ᠋ ᠱᠦᠵᠢ ᠸᠠᠩ ᠬᠤᠸᠠ᠂ ᠬᠥᠯᠥᠨ ᠪᠤᠶᠢᠷ ᠬᠤᠲᠠ ᠶᠢᠨ ᠳᠠᠭᠤᠷ ᠦᠨᠳᠦᠰᠦᠲᠡᠨ ᠤ ᠰᠣᠶᠣᠯ  ᠤᠨ ᠰᠣᠳᠣᠯᠭᠠᠨ ᠤ ᠨᠡᠶᠢᠭᠡᠮᠯᠢᠭ ᠤᠨ ᠳᠠᠷᠤᠭ᠎ᠠ ᠰᠦ᠋ ᠹᠦ᠋ ᠷᠦᠩ᠂ ᠬᠦᠯᠦᠨ ᠪᠣᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠶᠠᠩ ᠰᠢᠶᠠᠩ ᠭᠦᠸᠧ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ ᠮᠦᠸᠧ ᠰᠢᠨ ᠵᠦ᠂ ᠡᠸ᠋ᠨᠩᠬᠢ ᠬᠤᠰᠢᠭᠤᠨ ᠤ ᠳᠠᠭᠤᠷ ᠦᠨᠳᠦᠰᠦᠲᠡᠨ ᠤ ᠨᠡᠶᠢᠭᠡᠮᠯᠢᠭ ᠤᠨ ᠳᠠᠷᠤᠭ᠎ᠠ ᠱᠠᠨ ᠶᠢᠦ ᠯᠢᠶᠠᠩ᠂ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ ᠹᠠᠨ ᠰᠢᠩ ᠫᠢᠩ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠤ᠂ 100 ᠭᠠᠷᠤᠶ ᠮᠠᠯᠴᠢᠳ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠪᠠ᠃
   
   ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠶᠢᠨ ᡁᠢ ᠭᠠᠩ ᠪᠣᠯᠤᠨ ᠪᠦᠯᠠᠷ ᠭᠠᠴᠠᠭ᠎ᠠ ᠶᠢᠨ ᠨᠠᠮ ᠤᠨ ᠡᠭᠦᠷ ᠤᠨ ᠱᠦᠵᠢ ᠰᠠᠮᠢᠯᠠ ᠲᠣᠰ ᠲᠣᠰ ᠲᠠᠶᠢᠰᠠᠨ ᠳᠤ ᠭᠠᠷᠴᠤ ᠡᠬᠢᠯᠡᠯᠲᠡ ᠶᠢᠨ ᠦᠭᠡ ᠬᠡᠯᠡᠭᠰᠡᠨ ᠪᠥᠭᠡᠳ ᠰᠢᠨ᠎ᠡ ᠵᠢᠯ ᠤᠨ ᠵᠥᠩᠨᠡᠯ ᠳᠡᠪᠰᠢᠭᠦᠯᠪᠡ᠃ ᠳᠠᠷᠠᠭ᠎ᠠ ᠨᠢ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠠᠶᠠᠨᠳᠠᠯ᠎ᠠ ᠰᠢᠶᠠᠩ ᠤᠨ ᠠᠵᠤ ᠠᠬᠤᠢ ᠶᠢᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠦᠨᠳᠦᠰᠦᠨ ᠱᠠᠲᠤᠨ ᠤ ᠠᠵᠢᠯᠲᠠᠨ ᠪᠣᠯᠤᠨ ᠠᠬᠠᠮᠠᠳ ᠦᠶ᠎ᠡ ᠶᠢᠨ ᠬᠢᠨ ᠳᠤ ᠠᠷᠢᠭᠤᠨ ᠳᠠᠷᠬᠠᠨ ᠬᠠᠳᠠᠭ ᠡᠷᠭᠦᠪᠡ᠃
 
   ᠤᠷᠠᠨ ᠰᠠᠶᠢᠬᠠᠨ ᠤ ᠲᠣᠭᠯᠠᠯᠲᠠ ᠨᠢ ᠢᠷᠲ᠋ᠢ ᠨᠠᠰᠤᠲᠠᠶᠢᠴᠤᠳ ᠤᠨ ᠤᠷᠠᠯᠢᠭ ᠤᠨ ᠪᠦᠯᠬᠦᠮ ᠤᠨ ᠣᠶᠠᠬᠠᠨ ᠪᠥᠵᠢᠭ ᠤᠨ ᠬᠦᠳᠡᠯᠬᠡᠬᠡᠨ ᠤ ᠳᠣᠮᠳᠠ ᠲᠣᠭᠯᠠᠯᠲᠠ ᠪᠠᠨ ᠡᠬᠢᠯᠡᠭᠦᠯᠪᠡ᠃ ᠪᠦᠯᠠᠷ ᠭᠠᠴᠠᠭ᠎ᠠ ᠶᠢᠨ ᠪᠠᠭᠠᠴᠤᠳ ᠤᠨ ᠤᠷᠠᠯᠢᠭ ᠤᠨ ᠠᠩᠭᠢ ᠶᠢᠨ ︽ᠪᠤᠶᠢᠺᠤ ᠪᠥᠮᠪᠦᠭᠡ ᠶᠢᠨ ᠪᠥᠵᠢᠭ︾ ᠨᠢ ᠬᠦᠰᠡᠯ ᠵᠡᠭᠦᠳᠦ ᠪᠠᠨ ᠬᠥᠭᠡᠭᠡᠴᠡᠯᠳᠦᠭᠰᠡᠨ ᠪᠠᠭᠠᠴᠤᠳ ᠤᠨ ᠵᠠᠯᠠᠭᠤ ᠨᠠᠰᠤᠨ ᠤ ᠴᠤᠭ ᠵᠢᠪᠬᠤᠭ᠎ᠠ ᠶᠢ ᠢᠯᠡᠷᠡᠭᠦᠯᠵᠦ᠂ ︽ᠣᠢ ᠰᠢᠭᠤᠶ ᠶᠢᠨ ᠪᠣᠳᠣᠯᠬᠢᠯᠠᠯ︾ ᠨᠢ ᠭᠤᠶᠢᠳᠠ ᠰᠠᠶᠢᠬᠠᠨ ᠪᠥᠵᠢᠭ ᠢᠶᠠᠷ ᠰᠢᠨ᠎ᠡ ᠴᠠᠭ ᠦᠶ᠎ᠡ ᠶᠢᠨ ᠮᠠᠯᠴᠢᠳ ᠤᠨ ᠰᠠᠶᠢᠨ ᠰᠠᠢᠬᠠᠨ ᠠᠮᠢᠳᠤᠷᠠᠯ ᠢ ᠬᠠᠷᠠᠭᠤᠯᠵᠠᠢ᠃ ᠪᠠᠶᠠᠨᠲᠣᠬᠤᠶ ᠪᠠᠯᠭᠠᠰᠤ ᠪᠣᠯᠤᠨ ᠪᠠᠶᠠᠨᠴᠠᠭᠠᠨ ᠰᠤᠮᠤ ᠶᠢᠨ ᠳᠠᠨᠢᠯᠴᠠᠭᠤᠯᠣᠭᠰᠠᠨ ᠡᠷᠡᠭᠲᠡᠶ ᠶᠢᠨ ᠭᠤᠴᠣᠯᠠᠯ ᠳᠠᠭᠤᠤ ᠨᠢ ᠤᠷᠠᠨ ᠰᠠᠶᠢᠬᠠᠨ ᠤ ᠲᠣᠭᠯᠠᠯᠲᠠ ᠳᠤ ᠨᠡᠩ ᠬᠡᠷᠡᠯ ᠬᠢᠯᠪᠠᠭ᠎ᠠ ᠨᠡᠮᠡᠷᠢᠯᠡᠭᠰᠡᠨ ᠶᠤᠮ᠃ ᠳᠠᠭᠤᠷ ᠦ᠋ ᠴᠦᠨ ᠣᠷᠠᠯᠢᠭᠴᠢᠨ ᠬᠦᠸᠧ ᠰᠢᠦ ᠯᠢᠨ ᠦ᠋ ᠴᠦᠨ ᠢᠶᠠᠷ ᠢᠶᠠᠨ ᠠᠮᠢᠳᠣᠷᠠᠯ ᠤᠨ ᠲᠣᠬᠠᠢ ᠬᠦᠨ ᠣᠶᠢᠯᠠᠭᠠᠯᠲᠠ  ᠪᠠᠨ ᠢᠯᠡᠳᠬᠡᠵᠦ᠂ ︽ᠬᠤᠷᠴᠠ ᠣᠯᠠᠭᠠᠨ ᠴᠡᠴᠡᠭ ᠠᠭᠤᠯᠠᠨ ᠪᠡᠯ ᠲᠦᠭᠦᠷᠡᠩ︾ ︽ᠣᠯᠠᠭᠠᠨᠪᠠᠭᠠᠳᠣᠷ ᠤᠨ ᠦᠳᠡᠰᠢ ︾ ︽ᠰᠠᠯᠬᠢᠨ ᠰᠢᠭ᠋ ᠴᠢᠯᠦᠭᠡᠳᠡᠢ︾ ᠵᠡᠷᠭᠡ ᠴᠦᠷᠬᠡᠯᠢᠭ ᠳᠠᠭᠤᠣ ᠬᠦᠭᠵᠢᠮ ᠨᠢ ᠦᠵᠡᠭᠴᠢᠳ ᠢ ᠬᠦᠭᠵᠢᠬᠡᠪᠡ᠃ ᠦᠵᠡᠭᠳᠡᠯᠲᠦ ᠵᠦᠴᠦᠭᠡ ︽ᠲᠠᠤᠯᠠᠶ︾ ᠨᠢ ᠰᠢᠨ᠎ᠡ ᠴᠠᠭ ᠦᠶ᠎ᠡ ᠶᠢᠨ ᠮᠠᠯᠴᠢᠳ ᠤᠨ ᠠᠮᠢᠳᠤᠷᠠᠯ ᠤᠨ ᠠᠷᠭ᠎ᠠ ᠬᠡᠯᠪᠡᠷᠢ ᠶᠢ ᠶᠦᠮᠦᠷᠯᠢᠭ ᠢᠯᠡᠷᠡᠭᠦᠯᠵᠦ᠂ ᠪᠥᠵᠢᠭ ︽ᠡᠨᠡ ᠵᠢᠯ ᠤᠨ ᠬᠠᠪᠤᠷ︾᠂ ︽ᠯᠦᠤᠷᠭ᠍ᠷᠡᠳ᠋︾᠂ ᠨᠠᠶᠢᠷᠠᠯ ᠳᠠᠭᠤᠤ ︽ᠤᠷᠠᠨ ᠬᠥᠮᠦᠨ︾ ᠨᠢ ᠨᠤᠲᠤᠭ ᠤᠰᠤᠨ ᠳᠠᠭᠠᠨ ᠬᠠᠨᠳᠤᠭᠤᠯᠤᠭᠰᠠᠨ ᠬᠠᠶᠢᠷ᠎ᠠ ᠰᠡᠳᠬᠢᠯᠭᠡ ᠪᠣᠯᠤᠨ ᠰᠢᠨ᠎ᠡ ᠵᠢᠯ ᠤᠨ ᠰᠠᠶᠢᠨ ᠰᠠᠢᠬᠠᠨ ᠬᠦᠰᠡᠯ ᠡᠷᠡᠮᠡᠯᠵᠡᠯ ᠢᠶᠠᠨ ᠢᠯᠡᠳᠬᠡᠵᠦ᠂ ᠪᠢᠴᠢᠬᠠᠨ ᠨᠠᠶᠢᠵᠠ ᠨᠢ ᠤᠷᠠᠨ ᠰᠠᠢᠬᠠᠨ ᠦᠭᠡ ᠬᠡᠯᠡ ᠪᠠᠷ ᠣᠯᠠᠨ ᠳᠤ ︽ᠬᠤᠯᠤᠭᠠᠨ᠎ᠠ︾ ᠶᠢᠨ ᠲᠤᠬᠠᠶ ᠶᠠᠷᠢᠭᠰᠠᠨ ᠨᠢ ᠪᠠᠶᠠᠷ ᠪᠠᠭ᠋ᠠᠳᠤᠯ ᠢ ᠣᠯᠪᠠ᠃ ᠲᠣᠭᠯᠠᠯᠲᠠ ᠨᠢ ︽ᠠᠨᠳᠠᠶ ᠪᠥᠵᠢᠭ︾ ᠤᠨ ᠪᠥᠵᠢᠭ ᠲᠤ ᠲᠡᠭᠦᠰ ᠠᠮᠵᠢᠯᠲᠠ ᠲᠠᠢ ᠥᠨᠳᠥᠷᠯᠡᠪᠡ᠃
   
   ᠲᠣᠰ ᠤᠳᠠᠭᠠᠨ ᠤ ᠨᠥᠬᠦᠷᠯᠡᠯ ᠤᠨ ᠬᠤᠷᠠᠯ ᠨᠢ ᠪᠠᠶᠠᠨᠲᠠᠯ᠎ᠠ ᠰᠢᠶᠠᠩ ᠤᠨ ᠮᠠᠯᠴᠢᠳ ᠲᠤ ᠰᠣᠶᠣᠯ ᠤᠨ ᠦᠪᠡᠳᠡᠭᠰᠢ ᠶᠡᠭᠡ ᠳᠠᠶᠢᠯᠠᠯᠭ᠎ᠠ ᠬᠦᠷᠭᠡᠭᠰᠡᠨ ᠢᠶᠠᠷ ᠪᠠᠷᠠᠬᠤ ᠦᠭᠡᠢ᠂ ᠪᠠᠰᠠ ᠰᠢᠨ᠎ᠡ ᠣᠨ ᠬᠦᠷᠴᠦ ᠢᠷᠡᠬᠦ ᠲᠠᠰᠢᠷᠠᠮ ᠳᠤ᠂ ᠣᠯᠠᠨ ᠲᠦᠮᠡᠨ ᠳᠤ ᠰᠢᠨ᠎ᠡ ᠴᠠᠭ ᠦᠶ᠎ᠡ ᠶᠢᠨ ᠪᠠᠶᠠᠨᠳᠠᠯ᠎ᠠ ᠰᠢᠶᠠᠩ ᠤᠨ ᠮᠠᠯᠴᠢᠳ ᠤᠨ ᠴᠢᠷᠮᠠᠶᠢᠨ ᠲᠡᠮᠡᠴᠡᠬᠦ᠂ ᠪᠠᠶᠠᠰᠤᠩᠭᠤᠶ ᠥᠭᠡᠳᠡᠷᠬᠡᠭ ᠵᠣᠷᠢᠭ ᠰᠠᠨᠠᠭ᠎ᠠ ᠶᠢ ᠬᠠᠷᠠᠭᠤᠯᠵᠣ᠂ ᠮᠠᠯᠴᠢᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠵᠡᠶ᠃ ᠰᠢᠨ᠎ᠡ ᠨᠢᠭᠡᠨ ᠵᠢᠯ ᠳᠤ᠂ ᠪᠠᠶᠠᠨᠲᠠᠯ᠎ᠠ ᠰᠢᠶᠠᠩ ᠤᠨ ᠺᠠᠳ᠋ᠷ ᠠᠵᠢᠯᠲᠠᠨ ᠪᠣᠯᠤᠨ ᠮᠠᠯᠴᠢᠨ ᠲᠦᠮᠡᠨ ︽ᠥᠷᠯᠥᠭᠡ ᠦᠳᠡᠰᠢ ᠶᠢ ᠲᠡᠮᠡᠴᠡᠵᠦ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ︾ ᠪᠠᠶᠢᠵᠤ᠂ ᠦᠷᠭᠦᠯᠵᠢᠯᠡᠨ ᠴᠢᠷᠮᠠᠶᠢᠨ ᠲᠡᠮᠡᠴᠡᠵᠦ᠂ ᠪᠠᠶᠠᠨᠲᠠᠯ᠎ᠠ ᠰᠢᠶᠠᠩ ᠤᠨ ᠬᠥᠭᠵᠢᠯ ᠴᠡᠴᠡᠭᠯᠡᠯ ᠤᠨ ᠰᠢᠨ᠎ᠡ ᠬᠠᠭᠤᠳᠠᠰᠤ ᠶᠢ ᠡᠭᠦᠳᠬᠦ ᠪᠣᠯᠤᠨ᠎ᠠ᠃  
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号