ᠰᠢᠨᠡᠬᠡᠨ ᠵᠡᠬᠦᠨ ᠰᠤᠮᠤ ᠶᠢᠨ ᠶᠠᠳᠠᠭᠤ ᠶᠢ ᠲᠡᠳᠬᠦᠬᠦ ᠦᠢᠯᠡᠳᠪᠦᠷᠢᠯᠡᠯ ᠤᠨ ᠲᠠᠰᠤᠭ ᠶᠠᠳᠠᠭᠤ ᠬᠦᠴᠢᠷᠳᠡᠯᠲᠡᠶ ᠣᠯᠠᠨ ᠲᠦᠮᠡᠨ ᠢ ᠲᠣᠬᠤᠨᠢᠭᠤᠯᠬᠤ ᠵᠢᠴᠢ ᠵᠢᠯ ᠤᠨ ᠡᠴᠦᠰ ᠤᠨ ᠱᠠᠩᠨᠠᠯ ᠤᠨ ᠮᠥᠩᠭᠦ ᠣᠯᠭᠤᠬᠤ ᠶᠣᠰᠣᠯᠠᠯ ᠶᠠᠪᠤᠭᠤᠯᠵᠠᠢ
ᠨᠡᠶᠢᠲᠡᠯᠡᠭᠰᠡᠨ ᠴᠠᠭ᠄
2020/1/8
    2019 ᠣᠨ ᠤ 12 ᠰᠠᠷ᠎ᠠ ᠶᠢᠨ 31 ᠤ ᠡᠳᠦᠷ᠂ ᠰᠢᠨᠡᠭᠡᠨ ᠵᠡᠭᠦᠨ ᠰᠤᠮᠤ ᠶᠢᠨ ᠦᠢᠳᠭᠡᠨ ᠭᠠᠴᠠᠭᠠᠨ ᠤ ᠤᠯᠵᠠᠳᠠᠢ ᠴᠠᠭᠠᠨ ᠢᠳᠡᠭᠡᠨ ᠤ ᠲᠤᠰᠬᠠᠶ ᠬᠤᠷᠰᠢᠶ᠎ᠠ ᠶᠠᠳᠠᠭᠤ ᠬᠦᠴᠢᠷᠳᠡᠯᠲᠡᠶ ᠣᠯᠠᠨ ᠲᠦᠮᠡᠨ ᠢ ᠲᠣᠬᠤᠨᠢᠭᠤᠯᠬᠤ ᠵᠢᠴᠢ ᠦᠢᠯᠡᠳᠪᠦᠷᠢ ᠶᠢᠨ ᠲᠠᠰᠤᠭ ᠤᠨ ᠵᠢᠯ ᠤᠨ ᠡᠴᠦᠰ ᠤᠨ ᠱᠠᠩᠨᠠᠯ ᠤᠨ ᠮᠥᠩᠭᠦ ᠣᠯᠭᠤᠬᠤ ᠶᠣᠰᠣᠯᠠᠯ ᠶᠠᠪᠤᠭᠤᠯᠪᠠ
 
    ᠦᠢᠳᠭᠡᠨ ᠭᠠᠴᠠᠭ᠎ᠠ ᠶᠢᠨ ᠤᠯᠵᠠᠳᠠᠢ ᠴᠠᠭᠠᠨ ᠢᠳᠡᠭᠡᠨ ᠤ ᠲᠤᠰᠬᠠᠢ ᠬᠤᠷᠰᠢᠶ᠎ᠠ᠂ ᠭᠠᠴᠠᠭᠠᠨ ᠤ ᠡᠮᠡᠭᠲᠡᠶᠢᠴᠦᠳ ᠤᠨ ᠬᠤᠯᠪᠤᠭ᠎ᠠ ᠶᠢᠨ ᠲᠡᠷᠢᠭᠦᠯᠡᠭᠴᠢ ᠶᠢᠨ ᠲᠠᠶᠢᠴᠢᠯᠠᠭᠰᠠᠨ ᠲᠤᠰ ᠭᠠᠴᠠᠭ᠎ᠠ ᠶᠢᠨ 34 ᠡᠮᠡᠭᠲᠡᠶᠢᠴᠦᠳ ᠢᠶᠠᠷ ᠪᠦᠷᠢᠯᠳᠦᠭᠰᠡᠨ ᠴᠠᠭᠠᠨ ᠢᠳᠡᠭᠡ ᠪᠣᠯᠪᠠᠰᠤᠷᠠᠭᠤᠯᠬᠤ ᠲᠤᠰᠬᠠᠢ ᠶᠠᠳᠠᠭᠤ ᠶᠢ ᠲᠡᠳᠬᠦᠬᠦ ᠦᠢᠯᠡᠳᠪᠦᠷᠢ ᠶᠢᠨ ᠳᠠᠰᠤᠭ ᠪᠣᠯᠤᠨ᠎ᠠ᠂ ᠲᠤᠰ ᠦᠢᠯᠡᠳᠪᠦᠷᠢ ᠶᠢᠨ ᠳᠠᠰᠤᠭ 2019 ᠣᠨ ᠤ 10 ᠰᠠᠷ᠎ᠠ ᠶᠢᠨ 30 ᠤ ᠡᠳᠦᠷ ᠪᠠᠶᠢᠭᠤᠯᠤᠭᠳᠠᠵᠤ᠂ ᠭᠠᠴᠠᠭ᠎ᠠ ᠶᠢᠨ ︽ᠬᠤᠶᠠᠷ ᠵᠥᠪᠯᠡᠯ︾ ᠠᠴᠠ 85000 ᠲᠥᠭᠦᠷᠢᠭ ᠲᠡᠳᠬᠦᠵᠦ ᠂ ᠬᠤᠷᠰᠢᠶᠠᠨ ᠤ ᠭᠡᠰᠢᠭᠦᠨ ᠥᠪᠡᠷ ᠢᠶᠠᠨ 25000 ᠲᠥᠭᠦᠷᠢᠭ ᠴᠤᠭᠯᠠᠭᠤᠯᠪᠠ᠃ ᠭᠤᠤᠯᠳᠠᠭᠤ ᠮᠠᠯᠵᠢᠬᠤ ᠣᠷᠣᠨ ᠤ ᠰᠢᠨ᠎ᠡ ᠰᠣᠷᠭᠤᠭ ᠴᠡᠪᠡᠷ ᠦᠨᠢᠶᠡᠨ ᠰᠦ᠋ ᠶᠢ ᠬᠤᠳᠠᠯᠳᠤᠨ ᠠᠪᠴᠤ᠂ ᠨᠡᠮᠡᠯᠲᠡ ᠦᠭᠡᠢ᠂ ᠬᠢᠮᠢ ᠶᠢᠨ ᠪᠣᠷᠳᠣᠭᠤᠷ ᠦᠭᠡᠢ᠂ ᠪᠣᠬᠢᠷᠲᠤᠯ ᠦᠭᠡᠢ ᠴᠠᠭᠠᠨ ᠢᠳᠡᠭᠡᠨ ᠢ ᠡᠳ᠋ᠰᠢᠭᠦᠯᠦᠨ ᠪᠤᠷᠤᠯᠠᠭᠤᠯᠵᠦ ᠪᠠᠶᠢᠨ᠎ᠠ᠃     ᠬᠤᠶᠠᠷ ᠰᠠᠷ᠎ᠠ ᠶᠢᠨ ᠦᠢᠯᠡᠳᠪᠦᠷᠢᠯᠡᠯ ᠡᠵᠡᠩᠨᠡᠯᠲᠡ ᠪᠠᠷ ᠳᠠᠮᠵᠢᠭᠠᠳ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠨᠢᠭᠡᠨᠲᠡ ᠵᠥᠪ ᠵᠠᠮ ᠳᠠᠭᠠᠨ ᠣᠷᠣᠵᠤ᠂ ᠭᠠᠴᠠᠭᠠᠨ ᠤ ᠲᠠᠩᠰᠠ ᠡᠪᠬᠡᠮᠡᠯ  ᠪᠠᠶᠢᠭᠤᠯᠤᠭᠰᠠᠨ ᠵᠢᠷᠭᠤᠭᠠᠨ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠭᠰᠠᠨ ᠪᠠᠶᠢᠨ᠎ᠠ᠃ ᠰᠢᠨ᠎ᠠ ᠵᠢᠯ ᠲᠦᠬᠦᠬᠦ ᠲᠠᠰᠢᠷᠠᠮ ᠢᠶᠠᠷ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠨᠢ ᠬᠤᠷᠰᠢᠶ᠎ᠠ ᠶᠢᠨ ᠶᠠᠳᠠᠭᠤ ᠬᠦᠴᠢᠷᠳᠡᠯᠲᠡᠶ ᠭᠡᠰᠢᠭᠦᠳ ᠢ ᠲᠣᠬᠤᠨᠢᠭᠤᠯᠵᠤ᠂ 5 ᠶᠠᠳᠠᠭᠤ ᠬᠦᠴᠢᠷᠳᠡᠯᠲᠡᠶ ᠨᠠᠰᠤᠲᠠᠨ ᠳᠤ 2200 ᠲᠥᠭᠦᠷᠢᠭ ᠤᠨ ᠮᠥᠩᠭᠦ ᠣᠯᠭᠤᠭᠰᠠᠨ ᠪᠥᠭᠡᠳ 5 ᠰᠢᠯᠢᠳᠡᠭ ᠠᠵᠢᠯᠲᠠᠨ ᠢ ᠱᠠᠩᠨᠠᠵᠤ᠂ 3000 ᠲᠥᠭᠦᠷᠢᠭ ᠤᠨ ᠱᠠᠩᠨᠠᠯ ᠤᠨ ᠮᠥᠩᠭᠦ ᠣᠯᠭᠤᠵᠠᠶ᠃     ᠤᠯᠵᠠᠳᠠᠢ ᠴᠠᠭᠠᠨ ᠢᠳᠡᠭᠡᠨ ᠤ ᠲᠤᠰᠬᠠᠢ ᠬᠤᠷᠰᠢᠶ᠎ᠠ ᠪᠣᠯ ᠮᠠᠯᠴᠢᠳ ᠤᠨ ᠶᠠᠳᠠᠭᠤ ᠠᠴᠠ ᠠᠩᠬᠢᠵᠢᠷᠠᠵᠦ ᠪᠠᠶᠠᠨ ᠴᠢᠨᠡᠭᠡᠯᠢᠭᠵᠢᠬᠦ ᠶᠢᠨ ᠴᠢᠬᠤᠯᠠ ᠠᠷᠭ᠎ᠠ ᠵᠠᠮ ᠪᠣᠯᠬᠤ ᠪᠥᠭᠡᠳ ᠪᠠᠰᠠ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠭᠠᠷᠳᠠᠴᠠ ᠪᠠᠶᠢᠵᠤ᠂ ᠬᠤᠪᠢ ᠤᠷᠤᠭᠤᠯᠬᠤ ᠠᠷᠭ᠎ᠠ ᠬᠡᠯᠪᠡᠷᠢ ᠪᠠᠷ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠵᠤ᠂  ᠬᠦᠴᠢᠷᠳᠠᠯᠳᠠᠢ ᠣᠯᠠᠨ ᠲᠦᠮᠡᠨ ᠢ ᠳᠠᠭᠠᠭᠤᠯᠤᠨ ᠭᠡᠷ ᠤᠨ ᠤᠶᠢᠷ᠎ᠠ ᠬᠠᠪᠢ ᠳᠠᠭᠠᠨ ᠠᠵᠢᠯ ᠤᠯᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠣᠶᠢᠷ᠎ᠠ ᠬᠠᠪᠢ ᠳᠠᠭᠠᠨ ᠠᠵᠢᠯ ᠣᠯᠵᠤ ᠦᠢᠯᠡᠰ ᠪᠣᠰᠬᠠᠬᠤ ᠶᠢ ᠪᠡᠶᠡᠯᠡᠭᠦᠯᠵᠦ᠂ ᠶᠠᠳᠠᠭᠤ ᠠᠴᠠ ᠠᠩᠬᠢᠵᠢᠷᠠᠨ ᠣᠷᠣᠯᠭ᠎ᠠ ᠪᠠᠨ ᠨᠡᠮᠡᠭᠳᠡᠭᠦᠯᠬᠦ ᠠᠯᠬᠤᠴᠠ ᠶᠢ ᠲᠦᠷᠭᠡᠳᠬᠡᠪᠡ᠃ ᠭᠠᠴᠠᠭᠠᠨ ᠤ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠨᠢ ᠠᠯᠬᠤᠮ ᠠᠯᠬᠤᠮ ᠢᠶᠠᠷ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠢ ︽ᠬᠥᠭᠵᠢᠭᠦᠯᠬᠦ ᠦᠢᠯᠡᠳᠪᠦᠷᠢ ᠶᠢᠨ ᠲᠠᠰᠤᠭ︾᠂ ︽ᠪᠠᠶᠠᠵᠢᠭᠤᠯᠬᠤ ᠦᠢᠯᠡᠳᠪᠦᠷᠢ ᠶᠢᠨ ᠲᠠᠰᠤᠭ︾ ᠪᠣᠯᠭᠠᠨ ᠪᠥᠲᠥᠭᠡᠨ ᠪᠠᠶᠢᠭᠤᠯᠵᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ᠂ ᠠᠵᠤ ᠦᠢᠯᠡᠰ ᠢ ᠬᠥᠭᠵᠢᠭᠦᠯᠬᠦ᠂ ᠬᠠᠮᠲᠤ ᠪᠠᠷ ᠠᠰᠢᠭ ᠭᠥᠷᠳᠡᠬᠦ ᠶᠠᠳᠠᠭᠤ ᠠᠴᠠ ᠠᠩᠭᠢᠵᠢᠷᠠᠭᠤᠯᠬᠤ ᠰᠢᠨ᠎ᠡ ᠵᠠᠮ ᠢᠶᠠᠷ ᠵᠠᠮᠨᠠᠬᠤ ᠪᠣᠯᠤᠨ᠎ᠠ᠃  
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号