︽ᠡᠸᠡᠩᠬᠢ ᠬᠤᠰᠢᠭᠤᠨ ᠤ 2020 ᠣᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/12/2
         ᠨᠢᠭᠡ᠂ ︽ᠡᠸᠡᠩᠬᠢ ᠬᠤᠰᠢᠭᠤᠨ ᠤ 2020 ᠣᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠬᠠᠤ ᠠᠵᠢᠯ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠭᠰᠠᠨ ᠠᠬᠤᠶ ᠪᠠᠶᠢᠳᠠᠯ      ᠡᠨᠡ ᠵᠢᠯ ᠤᠨ ᠬᠠᠪᠤᠷ ᠵᠤᠨ ᠠᠴᠠ ᠨᠠᠰᠢ᠂ ᠮᠠᠨ ᠤ ᠬᠤᠰᠢᠭᠤᠨ ᠤ ᠶᠡᠬᠡᠩᠬᠢ ᠭᠠᠵᠠᠷ ᠲᠤ ᠪᠣᠷᠣᠭᠠᠨ ᠴᠦᠬᠡᠨ  ᠠᠴᠠ ᠡᠯ᠎ᠡ ᠭᠠᠵᠠᠷ ᠲᠤ ᠠᠳᠠᠯᠢ ᠪᠤᠰᠤ ᠬᠡᠮᠵᠢᠶᠡᠨ ᠤ ᠭᠠᠩ ᠬᠠᠭᠰᠠᠷᠠᠭᠠᠨ ᠪᠣᠯᠵᠣ᠂ ᠮᠠᠯ ᠠᠵᠤ ᠠᠬᠤᠢ ᠶᠢᠨ ᠦᠢᠯᠡᠳᠪᠦᠷᠢᠯᠡᠯ ᠲᠤ ᠠᠰᠢᠭ ᠦᠭᠡᠢ ᠨᠥᠯᠥᠭᠡ ᠦᠵᠡᠭᠦᠯᠪᠡ᠃ 7 ᠰᠠᠷ᠎ᠠ ᠶᠢᠨ 13 ᠤ ᠡᠳᠦᠷ ᠪᠣᠯᠲᠠᠯ᠎ᠠ᠂ ᠪᠦᠬᠦ ᠬᠤᠰᠢᠭᠤᠨ ᠤ ᠭᠠᠩ ᠬᠠᠭᠰᠠᠷᠠᠭᠠᠨ ᠪᠣᠯᠣᠭᠰᠠᠨ ᠪᠡᠯᠴᠢᠭᠡᠷ ᠤᠨ ᠲᠠᠯᠠᠪᠠᠢ ᠨᠢ ᠪᠦᠬᠦ ᠬᠤᠰᠢᠭᠤᠨ ᠤ ᠮᠠᠯᠵᠢᠯ ᠤᠨ ᠲᠠᠯᠠᠪᠠᠢ ᠶᠢᠨ 90% ᠬᠦᠷᠴᠦ᠂ ᠭᠤᠣᠯᠳᠠᠭᠤ ᠪᠠᠶᠠᠨᠲᠣᠬᠤᠢ ᠪᠠᠯᠭᠠᠰᠤ᠂ ᠪᠠᠶᠠᠨᠲᠠᠯ᠎ᠠ ᠰᠢᠶᠠᠩ᠂ ᠰᠢᠨᠡᠬᠡᠨ ᠪᠠᠷᠠᠭᠤᠨ ᠰᠤᠮᠤᠨ ᠤ ᠵᠡᠭᠦᠨ ᠬᠡᠰᠡᠭ᠂ ᠬᠤᠢ ᠰᠤᠮᠤᠨ ᠤ ᠵᠡᠭᠦᠨ ᠬᠤᠶᠢᠲᠤ ᠬᠡᠰᠡᠭ᠂ ᠪᠠᠶᠠᠨᠴᠠᠭᠠᠨ ᠰᠣᠮᠣ ᠶᠢᠨ ᠪᠠᠷᠠᠭᠤᠨ ᠬᠤᠶᠢᠲᠤ ᠬᠡᠰᠡᠭ᠂ ᠵᠡᠭᠦᠨ ᠰᠤᠮᠤᠨ ᠤ ᠪᠠᠷᠠᠭᠤᠨ ᠬᠡᠰᠡᠭ᠂ ᠢᠮᠢᠨ ᠰᠤᠮᠤ ᠶᠢᠨ ᠬᠤᠶᠢᠲᠤ ᠬᠡᠰᠡᠭ᠂ ᠢᠮᠢᠨ ᠭᠤᠣᠯ ᠪᠠᠯᠭᠠᠰᠤ ᠵᠡᠷᠭᠡ ᠭᠠᠵᠠᠷ ᠣᠷᠣᠨ ᠢᠶᠠᠷ ᠲᠠᠷᠬᠠᠵᠤ ᠪᠤᠢ᠃ ᠬᠦᠨᠳᠦ ᠭᠠᠩᠳᠠᠭᠰᠠᠨ ᠭᠠᠵᠠᠷ ᠣᠷᠣᠨ ᠤ ᠳᠤᠮᠳᠠᠴᠢ ᠲᠤᠨᠳᠠᠰᠤᠨ ᠤ ᠬᠡᠮᠵᠢᠶ᠎ᠡ ᠨᠢ 28.7 ᠮᠢᠯᠢᠮᠧᠲᠷ ᠪᠣᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠤᠨ ᠲᠥᠰᠦᠭᠡᠯᠡᠭᠰᠡᠨ ᠢᠶᠠᠷ᠂ ᠣᠶᠢᠷ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠲᠤᠨᠳᠠᠰᠤᠨ ᠤ ᠬᠡᠮᠵᠢᠶ᠎ᠡ ᠦᠷᠭᠦᠯᠵᠢᠯᠡᠨ ᠪᠠᠭᠠᠰᠤᠭᠰᠠᠨ  ᠮᠦᠷᠳᠡᠬᠡᠨ ᠲᠠᠷᠬᠠᠯᠲᠠ ᠲᠡᠭᠰᠢ ᠪᠤᠰᠤ ᠪᠣᠯᠵᠤ᠂ ᠵᠥᠪᠬᠡᠨ ᠬᠡᠰᠡᠭ ᠭᠠᠵᠠᠷ ᠣᠷᠣᠨ ᠤ ᠭᠠᠩ ᠬᠠᠭᠰᠠᠷᠠᠭᠠᠨ ᠤ ᠪᠠᠶᠢᠳᠠᠯ ᠨᠠᠮᠳᠠᠬᠤ ᠪᠣᠯᠤᠮᠵᠢ ᠲᠠᠢ ᠪᠠᠶᠢᠵᠣ᠂ ᠪᠦᠬᠦ ᠬᠤᠰᠢᠭᠤᠨ ᠤ ᠭᠠᠩ ᠬᠠᠭᠰᠠᠷᠠᠭᠠᠨ ᠲᠠᠢ ᠲᠡᠮᠡᠴᠡᠬᠦ ᠪᠠᠶᠢᠳᠠᠯ ᠮᠥᠨ ᠬᠦ ᠲᠣᠶᠢᠯ ᠤᠨ ᠬᠦᠨᠳᠦ ᠬᠡᠴᠡᠭᠦᠤ ᠪᠠᠶᠢᠨ᠎ᠠ᠃      ᠬᠤᠶᠠᠷ᠂ ︽ᠡᠸᠡᠩᠬᠢ ᠬᠤᠰᠢᠭᠤᠨ ᠤ 2020 ᠣᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠬᠠᠤ ᠠᠵᠢᠯ ᠤᠨ ᠬᠡᠷᠡᠭᠵᠢᠭᠦᠯᠬᠦ ᠲᠥᠰᠦᠯ︾ ᠤᠨ ᠭᠤᠤᠯ ᠠᠭᠤᠯᠭ᠎ᠠ      ᠨᠢᠬᠡ᠂ ᠵᠢᠯᠣᠭᠤᠳᠬᠤ ᠦᠵᠡᠯ ᠰᠠᠨᠠᠭ᠎ᠠ᠃ ᠲᠥᠰᠦᠯ ᠢ ᠬᠡᠷᠡᠭᠵᠢᠭᠦᠯᠬᠦ ᠨᠢ ᠭᠤᠤᠯᠳᠠᠭᠤ ︽ᠮᠠᠯᠴᠢᠳ ᠤᠨ ᠦᠢᠯᠡᠳᠪᠦᠷᠢᠯᠡᠯ ᠢᠶᠠᠷ ᠥᠪᠡᠷ ᠢ ᠪᠠᠨ ᠲᠡᠩᠭᠡᠷᠡᠭᠦᠯᠬᠦ ᠪᠠᠷ ᠭᠤᠤᠯ ᠪᠣᠯᠭᠠᠵᠤ᠂ ᠵᠠᠰᠠᠭ ᠤᠨ ᠣᠷᠳᠣᠨ ᠠᠴᠠ ᠬᠠᠪᠰᠤᠷᠤᠨ ᠲᠡᠳᠬᠦᠬᠦ ᠪᠠᠷ ᠬᠠᠪᠰᠤᠷᠤᠮᠵᠢ ᠪᠣᠯᠭᠠᠬᠤ︾ ᠵᠠᠷᠴᠢᠮ ᠢ ᠪᠠᠷᠢᠮᠲᠠᠯᠠᠵᠣ᠂ ᠭᠠᠮᠰᠢᠭ ᠤᠨ  ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠮᠠᠯᠴᠢᠳ ᠢ ᠬᠠᠪᠰᠤᠷᠤᠨ ᠬᠦᠴᠢᠷ ᠪᠡᠷᠬᠡ ᠶᠢ ᠲᠤᠭᠤᠯᠵᠤ᠂ ᠮᠠᠯ ᠠᠵᠤ ᠠᠬᠤᠢ ᠶᠢᠨ ᠡᠷᠡᠭᠦᠯ ᠲᠣᠭᠲᠠᠭᠤᠨ ᠬᠥᠭᠵᠢᠯᠲᠡ ᠶᠢ ᠪᠠᠲᠤᠯᠠᠨ᠎ᠠ᠃      ᠬᠤᠶᠠᠷ᠂ ᠠᠵᠢᠯ ᠤᠨ ᠡᠭᠦᠷᠭᠡ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠯᠠᠪᠳᠠᠭᠤᠨ ᠪᠠᠲᠤᠲᠠᠶ ᠰᠠᠶᠢᠲᠤᠷ ᠬᠢᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠬᠤ᠂ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢ ᠴᠢᠩᠭᠠᠷᠠᠭᠤᠯᠬᠤ᠂ ᠭᠠᠩ ᠬᠠᠭᠰᠠᠷᠠᠭᠠᠨ ᠲᠠᠢ ᠲᠡᠮᠡᠴᠡᠬᠦ ᠰᠠᠭᠤᠷᠢ ᠪᠠᠲᠤᠯᠠᠭ᠎ᠠ ᠶᠢ ᠴᠢᠩᠭᠠᠳᠬᠠᠬᠤ ᠲᠠᠪᠤᠨ ᠲᠠᠯ᠎ᠠ ᠠᠴᠠ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠦᠴᠢᠷ ᠲᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠠᠪᠤᠭᠰᠠᠨ ᠠᠷᠭ᠎ᠠ ᠬᠡᠮᠵᠢᠶ᠎ᠡ ᠪᠠᠨ ᠴᠠᠭ ᠲᠤᠬᠠᠶ ᠳᠤᠨᠢ ᠪᠦᠲᠦᠮᠵᠢᠲᠡᠶ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃      ᠭᠤᠷᠪᠠ᠂ ᠠᠵᠢᠯ ᠤᠨ ᠱᠠᠭᠠᠷᠳᠠᠯᠭ᠎ᠠ᠃ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠳᠤ ᠪᠡᠷᠬᠡ ᠬᠠᠳᠠᠭᠤᠵᠢᠯᠲᠠᠢ ᠮᠦᠷᠳᠡᠬᠡᠨ ᠴᠢᠬᠤᠯᠠ ᠠᠴᠢ ᠬᠤᠯᠪᠣᠭᠳᠠᠯ ᠲᠠᠢ ᠪᠠᠶᠢᠬᠤ ᠶᠢ ᠬᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠣ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ ᠂ ᠭᠠᠩ ᠭᠠᠮᠰᠢᠭ ᠤᠨ ᠪᠠᠶᠢᠳᠠᠯ ᠠᠴᠠ ᠪᠣᠯᠣᠭᠰᠠᠨ ᠵᠠᠬᠢᠳᠠᠯ ᠰᠣᠷᠪᠣᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠲᠠᠯ᠎ᠠ ᠪᠠᠷ ᠡᠯ᠎ᠡ ᠭᠠᠵᠠᠷ ᠡᠯ᠎ᠡ ᠰᠠᠯᠠᠭ᠎ᠠ ᠮᠥᠴᠢᠷ ᠲᠤ ᠪᠣᠳᠠᠲᠠᠶ ᠱᠠᠭᠠᠷᠳᠠᠯᠭ᠎ᠠ ᠳᠣᠷᠠᠳᠴᠣ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃      ᠬᠠᠮᠢᠶ᠎ᠠ ᠪᠦᠬᠦᠢ ᠪᠢᠴᠢᠭ ᠮᠠᠲ᠋ᠧᠷᠢᠶᠠᠯ    https://www.ewenke.gov.cn/Government/PublicInfoShow.aspx?ID=9846
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号