ᠮᠠᠨ ᠤ ᠬᠤᠰᠢᠭᠤ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠦᠪᠳᠡᠯᠴᠡᠬᠦ ᠬᠤᠷᠠᠯ ᠵᠢᠴᠢ ᠪᠦᠬᠦ ᠬᠤᠰᠢᠭᠤᠨ ᠤ ᠣᠯᠣᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠡᠯᠲᠠ ᠶᠢᠨ ᠠᠵᠢᠯ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2020/12/30

 

12 ᠰᠠᠷ᠎ᠠ ᠶᠢᠨ 23 ᠤ ᠡᠳᠦᠷ᠂ ᠮᠠᠨ ᠤ ᠬᠤᠰᠢᠭᠤ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ

 ᠢ ᠵᠦᠪᠳᠡᠯᠴᠡᠬᠦ ᠬᠤᠷᠠᠯ ᠵᠢᠴᠢ ᠪᠦᠬᠦ ᠬᠤᠰᠢᠭᠤᠨ ᠤ ᠣᠯᠣᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠡᠯᠲᠠ ᠶᠢᠨ

ᠠᠵᠢᠯ ᠤᠨ ᠬᠤᠷᠠᠯ ᠬᠤᠷᠠᠯᠳᠣᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ

ᠬᠦᠴᠦᠨ ᠤ ᠬᠡᠯᠳᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ᠂ ᠬᠤᠰᠢᠭᠤᠨ ᠤ ᠣᠯᠣᠰ ᠤᠨ ᠪᠠᠲᠤᠯᠠᠨ

ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠤᠷᠢᠶᠠᠨ ᠤ ᠨᠢᠭᠡᠳᠦᠭᠡᠷ ᠡᠷᠬᠢᠯᠡᠭᠴᠢ ᠵᠣᠣ ᠢᠦᠢ ᠯᠢᠨ ᠬᠤᠷᠠᠯ ᠡᠷᠬᠢᠯᠡᠵᠦ

ᠶᠠᠷᠢᠶ᠎ᠠ ᠲᠠᠯᠪᠢᠵᠠᠢ᠃ ᠬᠤᠰᠢᠭᠤᠨ ᠤ ᠣᠳᠤᠷᠢᠳᠣᠯᠭ᠎ᠠ ᠸᠠᠩ ᠰᠦᠩ ᠶᠠᠨ᠂ ᠭᠦᠸᠧ ᠴᠢᠩ᠂ ᠰᠠᠶᠢᠵᠢᠨ᠂ ᠭᠤᠤ

ᠰᠢᠶᠠᠨ ᠰᠦᠩ᠂ ᠲᠢᠶᠠᠨ ᠰᠢᠶᠤᠤ ᠮᠢᠩ ᠬᠤᠷᠠᠯ ᠳᠤ ᠣᠷᠤᠯᠴᠠᠵᠠᠢ᠃

      ᠬᠤᠰᠢᠭᠤᠨ ᠤ ᠣᠯᠣᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠤᠷᠢᠶᠠᠨ ᠤ ᠡᠯ᠎ᠡ

ᠭᠡᠰᠢᠭᠦᠨ᠂ ᠡᠯ᠎ᠡ ᠰᠣᠮᠣ ᠰᠢᠶᠠᠩ ᠪᠠᠯᠭᠠᠰᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ

 ᠤ ᠬᠡᠯᠳᠡᠰ ᠤᠨ ᠳᠠᠷᠤᠭ᠎ᠠ ᠵᠢᠴᠢ ᠬᠤᠰᠢᠭᠤᠨ ᠳᠤ ᠰᠠᠭᠤᠭ᠎ᠠ ᠴᠡᠷᠢᠭ ᠴᠠᠭᠳᠠᠭ᠎ᠠ ᠶᠢᠨ ᠠᠩᠬᠢ ᠭᠤᠤᠯ

ᠬᠠᠷᠢᠭᠤᠴᠠᠯᠭᠠᠳᠠᠨ ᠨᠦᠬᠦᠳ ᠬᠤᠷᠠᠯ ᠳᠤ ᠣᠷᠤᠯᠴᠠᠵᠠᠢ᠃

     

ᠬᠤᠷᠠᠯ ᠳᠡᠭᠡᠷ᠎ᠡ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠳᠡᠰ ᠤᠨ ᠺᠣᠮᠢᠰᠰᠡᠷ᠂ ᠬᠤᠰᠢᠭᠤᠨ ᠤ

ᠣᠯᠣᠰ ᠤᠨ ᠪᠠᠲᠣᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠤᠷᠢᠶᠠᠨ ᠤ ᠳᠡᠳ᠋ ᠡᠷᠬᠢᠯᠡᠭᠴᠢ ᠯᠢ ᠶᠢᠨ ᠵᠢᠶᠦ᠋ᠨ

ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠣᠯᠣᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ

 ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ᠣᠯᠣᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ

ᠪᠦᠲᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠣᠯᠠᠮᠵᠢᠯᠠᠪᠠ᠃ ᠡᠯ᠎ᠡ ᠰᠣᠮᠣ

ᠰᠢᠶᠠᠩ ᠪᠠᠯᠭᠠᠰᠣᠨ ᠤ ᠨᠠᠮ ᠤᠨ ᠬᠤᠷᠢᠶᠠᠨ ᠤ ᠱᠦᠵᠢ ᠨᠠᠮ ᠠᠴᠠ ᠵᠡᠪᠰᠡᠭᠲᠦ ᠬᠦᠴᠦᠨ ᠤ ᠠᠵᠢᠯ ᠢ ᠬᠠᠮᠢᠶᠠᠷᠬᠤ

ᠲᠤᠬᠠᠢ ᠬᠠᠷᠢᠭᠤ ᠮᠡᠳᠡᠭᠦᠯᠦᠯᠲᠡ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ

ᠬᠦᠴᠦᠨ ᠤ ᠬᠡᠯᠳᠡᠰ ᠤᠨ ᠳᠠᠷᠤᠭ᠎ᠠ᠂ ᠬᠤᠰᠢᠭᠤᠨ ᠤ ᠣᠯᠣᠰ ᠤᠨ ᠪᠠᠲᠣᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ

ᠬᠤᠷᠢᠶᠠᠨ ᠤ ᠪᠠᠶᠢᠩᠭᠤ ᠶᠢᠨ ᠭᠡᠰᠢᠭᠦᠨ ᠳᠡᠳ᠋ ᠡᠷᠬᠢᠯᠡᠭᠴᠢ ᠭᠤᠤ ᠰᠢᠶᠠᠨ ᠰᠦᠩ 2020 ᠣᠨ ᠤ ᠪᠦᠬᠦ

ᠬᠤᠰᠢᠭᠤᠨ ᠤ ᠵᠡᠪᠰᠡᠭᠲᠦ ᠬᠦᠴᠦᠨ ᠤ ᠠᠵᠢᠯ ᠤᠨ ᠬᠠᠷᠢᠭᠤ ᠮᠡᠳᠡᠭᠦᠯᠦᠯᠲᠡ ᠵᠢᠴᠢ 2021 ᠣᠨ ᠤ ᠠᠵᠢᠯ ᠤᠨ

ᠲᠤᠬᠢᠷᠠᠭᠤᠯᠤᠯᠲᠠ ᠬᠢᠪᠡ᠃

   

ᠵᠤᠤ ᠢᠦᠢ ᠯᠢᠨ᠂ ᠵᠢᠯ ᠤᠨ ᠡᠬᠢᠨ ᠠᠴᠠ ᠨᠠᠭᠠᠰᠢ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ᠂

ᠵᠠᠰᠠᠭ ᠤᠨ ᠣᠷᠳᠤᠨ ᠪᠤᠯᠤᠨ ᠴᠡᠷᠢᠭ ᠤᠨ ᠶᠠᠪᠤᠳᠠᠯ ᠤᠨ ᠪᠠᠶᠢᠭᠤᠯᠭ᠎ᠠ ᠰᠢ ᠶᠢᠨ ᠫᠢᠩ ᠤᠨ ᠴᠡᠷᠢᠭ ᠢ

ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠣᠷᠤᠯᠴᠠᠨ ᠲᠣᠣᠱᠯᠠᠭᠤᠯᠵᠦ᠂ ᠨᠠᠮ ᠤᠨ ᠲᠦᠪ ᠬᠤᠷᠢᠶ᠎ᠠ

ᠪᠤᠯᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠣᠯᠭ᠎ᠠ ᠪᠠᠶᠢᠷᠢᠯᠠᠭᠤᠯᠤᠯᠲᠠ ᠶᠢ

ᠨᠠᠶᠢᠳᠠᠪᠤᠷᠢᠵᠢᠭᠤᠯᠵᠦ᠂ ᠬᠠᠷᠢᠶ᠎ᠠ ᠣᠷᠤᠨ ᠤ ᠪᠠᠨ ᠠᠮᠤᠷ ᠲᠤᠭᠲᠠᠭᠤᠨ ᠢ ᠬᠠᠮᠠᠭᠠᠯᠠᠬᠤ ᠪᠠ ᠠᠵᠤ ᠠᠬᠤᠢ ᠨᠡᠶᠢᠭᠡᠮ

 ᠤᠨ ᠬᠦᠭᠵᠢᠯᠲᠡ ᠶᠢ ᠠᠬᠢᠭᠤᠯᠬᠤ ᠶᠢ ᠡᠷᠡᠰ ᠪᠠᠷᠢᠮᠲᠠᠯᠠᠵᠦ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ

 ᠤᠨ ᠬᠢᠵᠢᠭ ᠲᠠᠢ ᠲᠡᠮᠡᠴᠡᠬᠦ ᠠᠵᠢᠯ ᠳᠤ᠂ ᠮᠠᠨ ᠤ ᠬᠤᠰᠢᠭᠤᠨ ᠤ ᠴᠡᠷᠢᠭ ᠴᠠᠭᠳᠠᠭ᠎ᠠ ᠳᠠᠷᠤᠭ᠎ᠠ ᠪᠠᠶᠢᠯᠳᠣᠭᠴᠢᠳ

ᠡᠮᠦᠨ᠎ᠡ ᠹᠷᠤᠨᠲ ᠲᠤ ᠭᠠᠪᠰᠢᠭᠠᠶᠢᠯᠠᠨ ᠴᠢᠬᠤᠯᠠ ᠬᠤᠪᠢ ᠨᠡᠮᠡᠷᠢ ᠪᠠᠨ ᠦᠵᠡᠭᠦᠯᠪᠠ ᠭᠡᠵᠡᠢ᠃

      ᠵᠤᠤ ᠢᠦᠢ ᠯᠢᠨ ᠴᠢᠬᠤᠯᠠᠴᠢᠯᠠᠭᠰᠠᠨ ᠨᠢ᠂ ᠴᠡᠷᠢᠭ ᠠᠩᠬᠢ ᠪᠠ ᠣᠷᠤᠨ ᠨᠤᠲᠤᠭ ᠤᠨ ᠡᠯ᠎ᠡ ᠱᠠᠲᠤᠨ ᠤ

ᠡᠯ᠎ᠡ ᠰᠠᠯᠠᠭ᠎ᠠ ᠮᠦᠴᠢᠷ ᠰᠢ ᠶᠢᠨ ᠫᠢᠩ ᠤᠨ ᠴᠡᠷᠢᠭ ᠢ ᠬᠦᠴᠦᠷᠭᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ

ᠲᠣᠣᠱᠯᠠᠭᠤᠯᠵᠦ᠂ ᠣᠯᠣᠰ ᠲᠦᠷᠦ ᠶᠢᠨ ᠣᠳᠤᠷᠢᠳᠣᠯᠭ᠎ᠠ᠂ ᠦᠵᠡᠯ ᠰᠠᠨᠠᠭᠠᠨ ᠤ ᠣᠳᠤᠷᠢᠳᠣᠯᠭ᠎ᠠ ᠪᠠ ᠵᠤᠬᠢᠶᠠᠨ

ᠪᠠᠶᠢᠭᠤᠯᠤᠯᠲᠠ ᠶᠢᠨ ᠣᠳᠤᠷᠢᠳᠣᠯᠭ᠎ᠠ ᠪᠠᠨ ᠲᠠᠰᠣᠷᠠᠯᠲᠠ ᠦᠭᠡᠢ ᠴᠢᠩᠭᠠᠳᠬᠠᠵᠦ᠂ ᠴᠡᠷᠢᠭ ᠤᠨ ᠰᠦᠷ ᠰᠦᠯᠲᠡ ᠶᠢᠨ

ᠣᠬᠠᠮᠰᠠᠷ᠂ ᠵᠤᠷᠢᠯᠲᠠ ᠶᠢᠨ ᠣᠬᠠᠮᠰᠠᠷ ᠪᠠ ᠡᠭᠦᠷᠭᠡᠲᠦ ᠣᠬᠠᠮᠰᠠᠷ ᠢᠶᠠᠨ ᠴᠢᠩᠭᠠᠳᠬᠠᠬᠤ ᠬᠡᠷᠡᠭᠳᠡᠢ᠃ ᠢᠳᠡᠪᠬᠢᠲᠡᠢ

ᠪᠦᠬᠡᠳ ᠰᠠᠨᠠᠭᠠᠴᠢᠯᠭ᠎ᠠ ᠠᠴᠠ ᠪᠠᠨ ᠠᠵᠢᠯᠯᠠᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠵᠡᠪᠰᠡᠭ

ᠲᠣᠨᠤᠭᠯᠠᠯ ᠡᠳ᠋ ᠪᠣᠳᠠᠰ ᠢ ᠲᠠᠲᠠᠪᠤᠷᠢᠯᠠᠨ ᠨᠦᠬᠡᠴᠡᠯᠡᠬᠦ᠂ ᠴᠡᠷᠢᠭ ᠤᠨ ᠠᠯᠪᠠᠨ ᠳᠤ ᠡᠯᠰᠡᠬᠦ᠂ ᠣᠯᠣᠰ ᠤᠨ ᠪᠠᠲᠤᠯᠠᠨ

ᠬᠠᠮᠠᠭᠠᠯᠠᠯᠲᠠ ᠶᠢᠨ ᠬᠦᠮᠦᠵᠢᠯ᠂ ᠡᠷᠦᠬᠡ ᠶᠢᠨ ᠴᠡᠷᠢᠭ ᠢ ᠴᠡᠭᠴᠡᠯᠡᠨ ᠪᠤᠯᠪᠠᠰᠣᠷᠠᠭᠤᠯᠬᠤ᠂ ᠭᠤᠷᠪᠠᠨ ᠠᠯᠪᠠᠨ ᠲᠠᠰᠤᠭ

ᠨᠢᠭᠡ ᠬᠦᠮᠦᠷᠭᠡ ᠵᠡᠷᠭᠡ ᠶᠢᠨ ᠠᠵᠢᠯ ᠢ ᠰᠠᠶᠢᠲᠤᠷ ᠬᠢᠵᠦ᠂ ᠨᠠᠮ ᠠᠴᠠ ᠵᠡᠪᠰᠡᠭᠲᠦ ᠬᠦᠴᠦᠨ ᠤ ᠠᠵᠢᠯ ᠢ ᠬᠠᠮᠢᠶᠠᠷᠬᠤ

ᠡᠭᠦᠷᠭᠡ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠳᠡᠢ᠃ ᠴᠡᠷᠢᠭ ᠠᠩᠬᠢ ᠪᠤᠯᠤᠨ ᠣᠷᠤᠨ ᠨᠤᠲᠤᠭ

 ᠤᠨ ᠡᠯ᠎ᠡ ᠱᠠᠲᠤᠨ ᠤ ᠬᠢᠨ ᠳᠡᠭᠡᠳᠦ ᠬᠡᠮᠵᠢᠶᠡᠨ ᠤ ᠣᠯᠣᠰ ᠲᠦᠷᠦ ᠶᠢᠨ ᠬᠠᠷᠢᠭᠤᠴᠠᠯᠭᠠᠲᠦ ᠰᠡᠳᠬᠢᠯᠭᠡ ᠪᠤᠯᠤᠨ

ᠡᠭᠦᠷᠭᠡᠲᠦ ᠪᠤᠳᠣᠯ ᠢᠶᠠᠷ ᠠᠵᠤ ᠠᠬᠤᠢ ᠨᠡᠶᠢᠭᠡᠮ ᠤᠨ ᠬᠦᠭᠵᠢᠯᠲᠡ ᠪᠤᠯᠤᠨ ᠣᠯᠣᠰ ᠤᠨ ᠪᠠᠲᠤᠯᠠᠨ ᠬᠠᠮᠠᠭᠠᠯᠠᠯᠲᠠ

 ᠶᠢᠨ ᠴᠡᠷᠢᠭ ᠠᠩᠬᠢ ᠶᠢᠨ ᠪᠠᠶᠢᠭᠤᠯᠤᠯᠲᠠ ᠶᠢ ᠨᠢᠭᠡᠳᠦᠯᠳᠡᠢ ᠲᠦᠯᠦᠪᠵᠢᠭᠦᠯᠵᠦ᠂ ᠡᠬᠡ ᠣᠯᠣᠰ ᠤᠨ ᠣᠮᠠᠷᠠᠲᠦ ᠬᠢᠯᠢ

 ᠶᠢᠨ ᠠᠮᠤᠷ ᠲᠤᠭᠲᠠᠭᠤᠨ ᠤ ᠬᠠᠯᠬᠠᠪᠴᠢ ᠶᠢ ᠣᠯᠠᠮ ᠴᠢᠨᠠᠭᠰᠢᠲᠠ ᠪᠠᠬᠢᠵᠢᠭᠦᠯᠬᠦ ᠳᠤ ᠨᠡᠩ ᠶᠡᠭᠡ ᠬᠤᠪᠢ ᠨᠡᠮᠡᠷᠢ

ᠦᠵᠡᠭᠦᠯᠬᠦ ᠬᠡᠷᠡᠭᠳᠡᠢ᠃

 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号