ᠡᠸᠡᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠵᠡᠮᠳᠡᠭ ᠬᠡᠤᠬᠡᠳ ᠢ ᠡᠷᠡᠬᠦᠯᠵᠢᠬᠦᠯᠬᠦ ᠲᠣᠰᠠᠯᠠᠯᠲᠠ ᠶᠢᠨ ᠳᠦᠷᠢᠮ ᠢ ᠪᠠᠶᠢᠭᠤᠯᠬᠤ ᠲᠤᠬᠠᠶ ᠭᠡᠷᠡᠭᠵᠢᠭᠦᠯᠬᠦ ᠲᠥᠰᠦᠯ︾ ᠢ ᠳᠠᠷᠣᠮᠠᠯᠯᠠᠨ ᠲᠠᠷᠬᠠᠭᠠᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2020/12/7
          ᠡᠸ᠋ᠨᠩᠬᠢ ᠵᠠᠰᠠᠭ ᠠᠯᠪᠠᠨ ᠲᠠᠷᠬᠠᠭᠠᠭᠰᠠᠨ︹ 2020 ︺ 8 ᠳ᠋ᠤᠭᠠᠷ ᠲᠣᠭᠠᠲᠤ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠣᠳᠣ ︽ᠵᠡᠮᠳᠡᠭ ᠬᠡᠤᠬᠡᠳ ᠢ ᠡᠷᠡᠬᠦᠯᠵᠢᠬᠦᠯᠬᠦ ᠲᠣᠰᠠᠯᠠᠯᠲᠠ ᠶᠢᠨ ᠳᠦᠷᠢᠮ ᠢ ᠪᠠᠶᠢᠭᠤᠯᠬᠤ  ᠬᠡᠷᠡᠭᠵᠢᠬᠦᠯᠦᠯᠲᠡ ᠶᠢᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠬᠦᠯᠲᠦᠭᠡᠢ᠃         ᠡᠬᠦᠨ ᠤ ᠲᠣᠯᠠ ᠮᠡᠳᠡᠭᠳᠡᠪᠡ                                                                                                            2020 ᠣᠨ ᠤ 10 ᠰᠠᠷ᠎ᠠ ᠶᠢᠨ 13 ᠤ ᠡᠳᠦᠷ        ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ ᠵᠡᠮᠳᠡᠭ ᠬᠡᠤᠬᠡᠳ ᠢ ᠡᠷᠡᠬᠦᠯᠵᠢᠬᠦᠯᠬᠦ ᠲᠣᠰᠠᠯᠠᠯᠲᠠ ᠶᠢᠨ ᠳᠦᠷᠢᠮ ᠢ ᠪᠠᠶᠢᠭᠤᠯᠬᠤ ᠬᠡᠷᠡᠭᠵᠢᠬᠦᠯᠦᠯᠲᠡ ᠶᠢᠨ ᠲᠥᠰᠦᠯ       ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠡᠮᠳᠡᠭᠴᠦᠳ ᠤᠨ ᠦᠢᠯᠡᠰ ᠢ ᠬᠦᠭᠵᠢᠬᠦᠯᠵᠦ᠂ ᠵᠡᠮᠳᠡᠭᠴᠦᠳ  ᠢ ᠡᠷᠡᠬᠦᠯᠵᠢᠬᠦᠯᠬᠦ ᠦᠢᠯᠡᠴᠢᠯᠡᠭᠡᠨ ᠢ ᠴᠢᠩᠭᠠᠳᠬᠠᠬᠤ ᠲᠣᠬᠠᠢ ᠴᠢᠬᠤᠯᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠬᠤ ᠶᠢᠨ ᠲᠦᠯᠦᠬᠡ᠂ ︽ᠵᠡᠮᠳᠡᠭ ᠬᠡᠤᠬᠡᠳ ᠢ ᠡᠷᠡᠬᠦᠯᠵᠢᠬᠦᠯᠬᠦ ᠲᠣᠰᠠᠯᠠᠯᠲᠠ ᠲᠦᠷᠢᠮ ᠢ ᠪᠠᠶᠢᠭᠤᠯᠬᠤ ᠲᠤᠬᠠᠶ ᠲᠥᠷᠥ ᠶᠢᠨ ᠶᠠᠪᠣᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ︹2018 ︺ 20 ᠳ᠋ᠤᠭᠠᠷ ᠲᠣᠭᠠᠲᠤ︶᠂ ︽ᠵᠡᠮᠳᠡᠭ ᠬᠡᠣᠬᠡᠳ ᠢ ᠡᠷᠡᠬᠦᠯᠵᠢᠬᠦᠯᠬᠦ ᠲᠣᠰᠠᠯᠠᠯᠲᠠ ᠶᠢᠨ ᠲᠦᠷᠢᠮ ᠢ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2018 ︺ 45 ᠳ᠋ᠤᠭᠠᠷ ᠲᠣᠭᠠᠲᠤ︶ ᠪᠠ ︽ᠵᠡᠮᠳᠡᠭ ᠬᠡᠤᠬᠡᠳ ᠢ ᠡᠷᠡᠬᠦᠯᠵᠢᠬᠦᠯᠬᠦ ᠲᠣᠰᠠᠯᠠᠯᠲᠠ ᠶᠢᠨ ᠲᠦᠷᠢᠮ ᠢ ᠪᠠᠶᠢᠭᠤᠯᠬᠤ ᠲᠤᠬᠠᠶ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠡᠷᠡᠭᠵᠢᠭᠦᠯᠬᠦ ᠰᠠᠨᠠᠯ︾ ︵ᠬᠦᠯᠦᠨ ᠵᠠᠰᠠᠭ ᠠᠯᠪᠠᠨ ᠦᠰᠦᠭᠲᠦ ︹ 2020 ︺ 16 ᠳ᠋ᠤᠭᠠᠷ ᠲᠣᠭᠠᠲᠤ︶ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠣᠶᠠᠯᠳᠣᠭᠤᠯᠣᠨ᠂ ᠳᠣᠤᠷᠠᠬᠢ ᠮᠡᠲᠦ ᠬᠡᠷᠡᠭᠵᠢᠭᠦᠯᠬᠦ ᠲᠥᠰᠦᠯ ᠢ ᠲᠣᠭᠲᠠᠭᠠᠪᠠ᠃     ᠨᠢᠭᠡ᠂ ᠶᠡᠷᠦᠩᠬᠡᠶ ᠱᠠᠭᠠᠷᠳᠠᠯᠭ᠎ᠠ     ︵ᠨᠢᠭᠡ︶ ᠵᠢᠯᠣᠭᠤᠳᠬᠤ ᠦᠵᠡᠯ ᠰᠠᠨᠠᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠶ ᠲᠣᠣᠱᠯᠠᠭᠤᠯᠵᠣ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠣ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠦᠨᠳᠦᠰᠦᠨ ᠢ ᠪᠠᠳᠣᠯᠠᠬᠤ᠂ ᠨᠡᠶᠢᠬᠡᠮ ᠤᠨ ᠠᠪᠣᠷᠠᠨ ᠲᠣᠰᠠᠯᠠᠬᠤ ᠠᠮᠣᠷ ᠲᠦᠪᠰᠢᠨ ᠤ ᠲᠣᠤᠷ ᠢ ᠨᠢᠬᠳᠠ ᠪᠠᠬᠢᠯᠡᠬᠦ᠂ ᠲᠣᠭᠲᠠᠴᠠ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠬᠦᠯᠵᠦ᠂ ᠵᠡᠮᠳᠡᠭ ᠬᠡᠦᠬᠡᠳ ᠤᠨ ︽ᠬᠥᠮᠦᠨ ᠪᠦᠬᠦᠨ  ᠳᠤ ᠡᠷᠡᠭᠦᠯᠵᠢᠭᠦᠯᠬᠦ ᠦᠢᠯᠡᠴᠢᠯᠡᠭᠡ ᠬᠦᠷᠳᠡᠬᠡᠬᠦ︾ ᠶᠢ ᠴᠢᠷᠮᠠᠶᠢᠨ ᠪᠡᠶᠡᠯᠡᠬᠦᠯᠵᠦ᠂ ᠵᠡᠮᠳᠡᠭ ᠬᠡᠤᠬᠡᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠬᠡᠨ ᠪᠠᠶᠢᠭᠤᠯᠵᠣ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠶᠢᠨ ᠲᠦᠯᠦᠭᠡ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠳᠤ ᠬᠤᠪᠢ ᠨᠡᠮᠡᠷᠢ ᠦᠵᠡᠭᠦᠯᠦᠨ᠎ᠡ᠃     ︵ᠬᠤᠶᠠᠷ︶ ᠦᠨᠳᠦᠰᠦᠨ ᠵᠠᠷᠴᠢᠮ     ᠵᠠᠰᠠᠭ ᠤᠨ ᠣᠷᠳᠣᠨ ᠢᠶᠠᠷ ᠭᠤᠤᠯᠯᠠᠭᠤᠯᠤᠨ᠂ ᠬᠤᠷᠢᠭ᠎ᠠ ᠱᠤᠭᠤᠮ ᠢ ᠰᠠᠬᠢᠬᠤ ᠶᠢ ᠪᠠᠷᠢᠮᠲᠠᠯᠠᠨ᠎ᠠ᠃ ᠵᠠᠰᠠᠭ ᠤᠨ ᠣᠷᠳᠣᠨ ᠤ ︽ᠦᠨᠳᠦᠰᠦᠨ ᠵᠦᠢᠯ ᠢ ᠪᠠᠲᠤᠯᠠᠬᠤ︾  ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠵᠡᠮᠳᠡᠭ ᠬᠡᠤᠬᠡᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠯᠬᠤᠮ ᠠᠯᠬᠤᠮ ᠢᠶᠠᠷ ᠠᠬᠢᠭᠤᠯᠤᠨ᠎ᠠ᠃     ᠳᠦᠷᠢᠮ ᠢ ᠵᠣᠯᠭᠠᠭᠤᠯᠬᠤ᠂ ᠠᠪᠣᠷᠠᠬᠤ ᠶᠣᠰᠣᠲᠠᠢ ᠪᠦᠬᠦᠨ ᠢ ᠠᠪᠤᠷᠠᠬᠤ ᠶᠢ ᠪᠠᠷᠢᠮᠲᠠᠯᠠᠨ᠎ᠠ᠃ ᠦᠨᠳᠦᠰᠦᠨ ᠡᠮ ᠡᠮᠨᠡᠯᠬᠡ᠂ ᠲᠦᠷ ᠴᠠᠭ ᠤᠨ ᠠᠪᠤᠷᠠᠨ ᠲᠣᠰᠠᠯᠠᠯᠲᠠ ᠵᠡᠷᠭᠡ ᠨᠡᠶᠢᠭᠡᠮ ᠤᠨ ᠪᠠᠲᠤᠯᠠᠭ᠎ᠠ ᠶᠢᠨ ᠳᠦᠷᠢᠮ ᠯᠦᠭᠡ ᠪᠦᠲᠦᠮᠵᠢᠲᠡᠶ ᠵᠣᠯᠭᠠᠭᠤᠯᠵᠤ᠂ ᠴᠠᠭ ᠲᠤᠬᠠᠶ ᠳᠤᠨᠢ ᠠᠪᠤᠷᠠᠨ ᠲᠤᠰᠠᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃     ᠴᠢᠳᠠᠯ ᠤᠨ ᠬᠢᠷᠢ ᠪᠠᠷ ᠢᠶᠠᠨ ᠬᠢᠬᠦ ᠶᠢ ᠪᠠᠷᠢᠮᠲᠠᠯᠠᠵᠤ᠂ ᠭᠤᠤᠯᠳᠠᠯᠭ᠎ᠠ ᠶᠢ ᠳᠣᠪᠤᠶᠢᠯᠭᠠᠨ᠂ ᠲᠣᠭᠲᠠᠴᠠ ᠶᠢ ᠲᠡᠭᠦᠯᠳᠡᠷᠵᠢᠭᠦᠯᠵᠦ᠂ ᠪᠣᠳᠣᠯ ᠰᠠᠨᠠᠭ᠎ᠠ ᠶᠢ ᠨᠢ ᠬᠥᠲᠥᠯᠥᠨ ᠵᠢᠯᠣᠭᠤᠳᠴᠤ᠂ ᠵᠡᠮᠳᠡᠭ ᠬᠡᠤᠬᠡᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠬᠡᠨ ᠤ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠬᠠᠩᠭᠠᠨ᠎ᠠ᠃     ᠵᠢᠷᠤᠮᠵᠢᠭᠤᠨ ᠡᠮᠬᠢ ᠵᠢᠷᠤᠮ ᠲᠠᠢ᠂ ᠲᠥᠪ ᠭᠤᠣᠯᠴᠢ ᠢᠯᠡ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠠᠷᠠᠳ ᠲᠤ ᠳᠥᠭᠦᠮ ᠦᠵᠡᠭᠦᠯᠬᠦ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠣᠯᠠᠨ ᠲᠦᠮᠡᠨ ᠪᠠ ᠨᠡᠶᠢᠭᠡᠮ ᠤᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃     ︵ᠭᠤᠷᠪᠠ︶ ᠠᠵᠢᠯ ᠤᠨ ᠬᠠᠷᠠᠯᠲᠠ     2020 ᠣᠨ ᠪᠣᠯᠬᠤ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠲᠠᠢ ᠵᠣᠬᠢᠴᠠᠭᠰᠠᠨ ᠵᠡᠮᠳᠡᠭ ᠬᠡᠣᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠳᠦᠷᠢᠮ ᠤᠨ ᠰᠢᠰᠲ᠋ᠧᠮ ᠢ ᠪᠠᠶᠢᠭᠤᠯᠵᠤ᠂ ᠨᠠᠮ ᠤᠨ ᠬᠤᠷᠢᠶ᠎ᠠ ᠣᠳᠣᠷᠢᠳᠣᠭᠰᠠᠨ᠂ ᠵᠠᠰᠠᠭ ᠤᠨ ᠣᠷᠳᠣᠨ ᠭᠤᠤᠯᠯᠠᠨ ᠤᠳᠤᠷᠢᠳᠤᠭᠰᠠᠨ᠂ ᠵᠡᠮᠳᠡᠭᠴᠦᠳ ᠤᠨ ᠬᠤᠯᠪᠤᠭ᠎ᠠ ᠲᠦᠷᠦᠭᠦᠯᠡᠨ ᠬᠢᠬᠦ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠤᠨ ᠬᠢᠨ ᠣᠷᠣᠯᠴᠠᠭᠰᠠᠨ ᠵᠡᠮᠳᠡᠭ ᠬᠡᠤᠬᠡᠳ ᠢ ᠡᠷᠡᠭᠦᠯᠵᠢᠭᠦᠯᠬᠦ ᠠᠪᠤᠷᠠᠨ ᠲᠤᠰᠠᠯᠠᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠲᠤᠰᠠᠯᠠᠬᠤ ᠶᠣᠰᠣᠲᠠᠶ  ᠶᠢ ᠪᠦᠬᠦᠨ ᠢ ᠠᠪᠤᠷᠠᠨ ᠲᠤᠰᠠᠯᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ 2025 ᠣᠨ ᠪᠣᠯᠬᠤ ᠳᠤ᠂ ᠵᠡᠮᠳᠡᠭ ᠬᠡᠤᠬᠡᠳ ᠢ ᠡᠷᠡᠭᠦᠯᠵᠢᠭᠦᠯᠬᠦ ᠠᠪᠤᠷᠠᠨ ᠲᠤᠰᠠᠯᠠᠬᠤ ᠳᠦᠷᠢᠮ ᠤᠨ ᠰᠢᠰᠲ᠋ᠧᠮ ᠢ ᠨᠠᠩ ᠪᠦᠷᠢᠨ ᠪᠣᠯᠭᠠᠨ ᠲᠡᠭᠦᠯᠳᠡᠷᠵᠢᠭᠦᠯᠵᠦ᠂ ᠵᠡᠮᠳᠡᠭ ᠬᠡᠤᠬᠡᠳ ᠤᠨ ᠡᠷᠡᠬᠦᠯᠵᠢᠯ ᠤᠨ ᠦᠢᠯᠡᠴᠢᠯᠡᠬᠡᠨ ᠤ ᠬᠠᠩᠭᠠᠯᠭ᠎ᠠ ᠶᠢᠨ ᠴᠢᠳᠠᠪᠤᠷᠢ ᠢᠯᠡᠳᠲᠡ ᠴᠢᠩᠭᠠᠷᠠᠵᠤ᠂ ᠦᠢᠯᠡᠴᠢᠯᠡᠭᠡᠨ ᠤ ᠶᠠᠰᠤ ᠴᠢᠨᠠᠷ ᠪᠠ ᠪᠠᠲᠤᠯᠠᠭ᠎ᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠵᠡᠮᠳᠡᠭ ᠬᠡᠤᠬᠡᠳ ᠲᠤ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠶᠢ ᠨᠡᠶᠢᠳᠡᠮ ᠡᠳ᠋ᠯᠡᠬᠦᠯᠵᠦ᠂ ᠡᠷᠡᠭᠦᠯ ᠢᠶᠠᠷ ᠥᠰᠦᠨ ᠪᠤᠶᠢᠵᠢᠬᠤ᠂ ᠪᠦᠬᠦ ᠲᠠᠯ᠎ᠠ ᠪᠠᠷ ᠬᠥᠭᠵᠢᠬᠦ ᠡᠷᠬᠡ ᠠᠰᠢᠭ ᠢ ᠪᠦᠲᠦᠮᠵᠢᠲᠡᠶ ᠪᠠᠲᠤᠯᠠᠨ᠎ᠠ᠃     ᠬᠤᠶᠠᠷ᠂ ᠲᠥᠰᠦᠯ ᠤᠨ ᠠᠭᠤᠯᠭ᠎ᠠ     ︵ᠨᠢᠭᠡ︶ ᠠᠪᠤᠷᠠᠨ ᠲᠤᠰᠠᠯᠠᠬᠤ ᠡᠲᠡᠭᠡᠳ ᠤᠨ ᠨᠥᠬᠦᠴᠡᠯ     ᠨᠥᠬᠦᠴᠡᠯ ᠳᠤ ᠨᠡᠶᠢᠴᠡᠬᠦ 0 — 10 ᠨᠠᠰᠤᠨ ᠤ ᠬᠠᠷᠠᠭ᠎ᠠ᠂ ᠰᠣᠨᠣᠷ ᠦᠭᠡ ᠶᠠᠷᠢᠶ᠎ᠠ᠂ ᠮᠥᠴᠢ᠂ ᠣᠶᠤᠨ ᠴᠢᠳᠠᠪᠣᠷᠢ᠂ ᠦᠨᠦᠴᠢᠷᠡᠮᠡᠯ ᠬᠡᠮ ᠲᠠᠢ ᠬᠡᠤᠬᠡᠳ ︵ ᠳᠣᠣᠷ᠎ᠠ ᠶᠡᠷᠦᠩᠬᠡᠶ ᠳᠤᠨᠢ ᠵᠡᠮᠳᠡᠭ ᠬᠡᠤᠬᠡᠳ ᠬᠡᠵᠦ ᠨᠡᠷᠡᠶᠢᠳᠦᠨ᠎ᠡ︶ ᠲᠤ ᠡᠷᠡᠬᠦᠯᠵᠢᠬᠦᠯᠬᠦ ᠲᠣᠰᠠᠯᠠᠯᠲᠠ ᠬᠢᠨ᠎ᠡ᠃ ᠠᠪᠤᠷᠠᠨ ᠲᠤᠰᠠᠯᠠᠬᠤ ᠡᠲᠡᠭᠡᠳ ᠨᠢ ᠡᠸᠡᠩᠬᠢ ᠬᠤᠰᠢᠭᠤᠨ ᠤ ᠡᠷᠦᠬᠡ ᠠᠮᠠ ᠶᠢᠨ ᠳᠠᠩᠰᠠ ᠪᠤᠶᠤ ᠵᠡᠮᠳᠡᠭ ᠬᠡᠤᠬᠡᠳ ᠤᠨ ᠡᠴᠢᠭᠡ ᠡᠬᠡ ᠨᠢ ᠡᠸᠡᠩᠬᠢ ᠬᠤᠰᠢᠭᠤᠨ ᠤ ᠣᠷᠣᠰᠢᠨ ᠰᠠᠭᠤᠬᠤ ᠦᠨᠡᠮᠯᠡᠯ ᠲᠠᠢ ᠪᠠᠶᠢᠬᠤ ᠶᠢᠨ ᠬᠠᠮᠳᠣ ᠲᠤᠰᠬᠠᠶ ᠮᠡᠷᠭᠡᠵᠢᠯ ᠤᠨ ᠣᠨᠣᠰᠢᠯᠠᠯᠲᠠ ᠶᠢᠨ ᠡᠮᠴᠢᠯᠡᠭᠡᠨ ᠤ ᠪᠠᠶᠢᠭᠤᠯᠤᠮᠵᠢ  ᠠᠴᠠ ᠭᠠᠷᠭᠠᠵᠦ ᠦᠭᠬᠦᠭᠰᠡᠨ ᠵᠡᠮᠳᠡᠭ ᠪᠤᠶᠤ ᠵᠡᠮᠳᠡᠭ ᠤᠨ ᠰᠡᠵᠢᠭᠯᠡᠯᠲᠡᠢ ᠪᠠᠷ ᠣᠨᠣᠰᠢᠯᠠᠭᠰᠠᠨ ᠭᠡᠷᠡᠴᠢ ᠪᠠᠶᠢᠬᠤ ᠬᠡᠷᠡᠭᠲᠡᠶ᠃ ᠵᠡᠮᠳᠡᠭ ᠢ ᠡᠷᠡᠬᠦᠯᠵᠢᠬᠦᠯᠬᠦ ᠨᠦᠬᠦᠴᠡᠯ ᠳᠤ ᠲᠣᠬᠢᠷᠠᠬᠤ ᠪᠠᠶᠢᠳᠠᠯ ᠪᠤᠶᠤ ᠲᠣᠭᠲᠠᠭᠰᠠᠨ ᠡᠷᠡᠬᠦᠯᠵᠢᠬᠦᠯᠬᠦ ᠪᠠᠶᠢᠭᠤᠯᠤᠮᠵᠢ ᠪᠠᠷ ᠡᠷᠡᠭᠦᠯᠵᠢᠬᠦ ᠪᠣᠯᠣᠮᠵᠢ ᠲᠠᠢ ᠡᠰᠡᠬᠦ ᠶᠢ ᠦᠨᠡᠯᠡᠭᠦᠯᠦᠨ᠎ᠠ᠂ ᠠᠰᠠᠷᠠᠨ ᠬᠠᠷᠠᠭᠠᠯᠵᠠᠭᠴᠢ ᠨᠢ ᠡᠷᠡᠭᠦᠯᠵᠢᠭᠦᠯᠬᠦ ᠬᠦᠰᠡᠯ ᠲᠠᠢ ᠪᠥᠭᠡᠳ ᠲᠤᠰᠠᠯᠠᠮᠵᠢ ᠬᠦᠷᠲᠡᠬᠦ ᠬᠡᠦᠬᠡᠳ ᠤᠨ ᠢᠶᠠᠨ ᠨᠠᠭᠠᠳᠤ ᠵᠠᠬ᠎ᠠ ᠳᠠᠭᠠᠨ ᠲᠣᠭᠲᠠᠭᠰᠠᠨ ᠴᠠᠭ ᠲᠠᠢ ᠡᠷᠡᠭᠦᠯᠵᠢᠬᠦ ᠪᠣᠯᠪᠠᠰᠤᠷᠠᠯ ᠬᠦᠷᠲᠡᠬᠦ ᠶᠢ ᠪᠠᠲᠤᠯᠠᠨ᠎ᠠ᠃     ︵ᠬᠤᠶᠠᠷ︶ ᠠᠪᠤᠷᠠᠨ ᠲᠤᠰᠠᠯᠠᠬᠤ ᠠᠭᠤᠯᠭ᠎ᠠ     1. ᠵᠡᠮᠳᠡᠭ ᠬᠡᠤᠬᠡᠳ ᠢ ᠡᠷᠡᠭᠦᠯᠵᠢᠭᠦᠯᠬᠦ ᠠᠪᠤᠷᠠᠨ ᠲᠤᠰᠠᠯᠠᠬᠤ ᠦᠨᠳᠦᠰᠦᠨ ᠦᠢᠯᠡᠴᠢᠯᠡᠬᠡᠨ ᠤ ᠠᠭᠤᠯᠭ᠎ᠠ ᠳᠤ ᠴᠢᠳᠠᠮᠵᠢ ᠶᠢᠨ ᠰᠠᠭᠠᠳ ᠢ ᠪᠠᠭᠠᠰᠬᠠᠬᠤ᠂ ᠴᠢᠳᠠᠮᠵᠢ   ᠶᠢ ᠰᠠᠶᠢᠵᠢᠷᠠᠭᠤᠯᠬᠤ᠂ ᠠᠮᠢᠳᠤᠷᠠᠯ ᠢᠶᠠᠨ ᠥᠪᠡᠷᠲᠡᠭᠡᠨ ᠠᠷᠭᠠᠴᠠᠬᠤ ᠪᠠ ᠨᠡᠶᠢᠭᠡᠮ ᠤᠨ ᠣᠷᠣᠯᠴᠠᠬᠤ ᠴᠢᠳᠠᠪᠤᠷᠢ ᠶᠢ ᠨᠡᠮᠡᠭᠳᠡᠭᠦᠯᠬᠦ ᠪᠠᠷ ᠭᠤᠤᠯ ᠵᠣᠷᠢᠯᠭ᠎ᠠ ᠪᠣᠯᠭᠠᠭᠰᠠᠨ ᠮᠡᠰᠡ ᠵᠠᠰᠠᠯ᠂ ᠲᠤᠰᠠᠯᠠᠬᠤ ᠪᠠᠭᠠᠵᠢ ᠬᠡᠷᠡᠭᠰᠡᠯ ᠲᠤᠬᠢᠷᠠᠭᠤᠯᠬᠤ ᠪᠠ ᠡᠷᠡᠭᠦᠯᠵᠢᠭᠦᠯᠬᠦ ᠪᠣᠯᠪᠠᠰᠤᠷᠠᠯ ᠬᠢᠬᠦ ᠵᠡᠷᠭᠡ ᠪᠠᠭᠲᠠᠨ᠎ᠠ ︵ᠳᠠᠭᠠᠯᠳᠤᠭᠤᠯᠤᠯ ᠳᠤ ᠦᠵᠡ︶᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠲᠣᠰ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠵᠡᠮᠳᠡᠭ ᠬᠡᠤᠬᠡᠳ ᠢ ᠡᠷᠡᠭᠦᠯᠵᠢᠭᠦᠯᠬᠦ ᠠᠪᠤᠷᠠᠨ ᠲᠤᠰᠠᠯᠠᠬᠤ ᠦᠨᠳᠦᠰᠦᠨ ᠦᠢᠯᠡᠴᠢᠯᠡᠬᠡᠨ ᠤ ᠠᠭᠤᠯᠭ᠎ᠠ ᠶᠢ ᠨᠡᠮᠡᠵᠦ ᠪᠣᠯᠤᠨ᠎ᠠ᠃ ᠡᠭᠦᠨ ᠳᠤ᠂ ᠡᠷᠡᠬᠦᠯᠵᠢᠬᠦᠯᠬᠦ ᠠᠪᠤᠷᠠᠨ ᠲᠤᠰᠠᠯᠠᠬᠤ ᠴᠠᠭ ᠢ ᠵᠠᠷᠴᠢᠮ ᠳᠡᠭᠡᠷ᠎ᠡ ᠪᠠᠨ ᠵᠢᠯ ᠪᠦᠷᠢ 10 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ᠂ ᠪᠣᠳᠠᠲᠠᠶ ᠪᠠᠶᠢᠳᠠᠯ ᠢ ᠨᠢ ᠦᠨᠳᠦᠰᠦᠯᠡᠨ ᠠᠪᠤᠷᠠᠨ ᠲᠤᠰᠠᠯᠠᠬᠤ ᠴᠠᠭ   ᠢ ᠲᠣᠭᠲᠠᠭᠠᠨ᠎ᠠ᠃     2. ᠪᠣᠳᠠᠲᠠᠶ ᠨᠥᠬᠦᠴᠡᠯ ᠢ ᠦᠨᠳᠦᠰᠦᠯᠡᠨ ᠵᠡᠮᠳᠡᠭ ᠬᠡᠤᠬᠡᠳ ᠢ ᠡᠷᠡᠭᠦᠯᠵᠢᠭᠦᠯᠬᠦ ᠬᠤᠭᠤᠴᠠᠭᠠᠨ ᠳᠤ ᠠᠰᠠᠷᠠᠨ ᠬᠠᠷᠠᠭᠠᠯᠵᠠᠭᠴᠢ ᠨᠢ ᠪᠠᠷ᠎ᠠ ᠪᠣᠯᠵᠤ ᠰᠤᠪᠢᠯᠠᠨ ᠠᠪᠤᠷᠠᠨ ᠲᠤᠰᠠᠯᠠᠬᠤ ᠶᠢ ᠥᠷᠨᠢᠭᠦᠯᠵᠦ᠂ ᠪᠣᠳᠠᠲᠤ ᠪᠠᠶᠢᠳᠠᠯ ᠢ ᠦᠨᠳᠦᠰᠦᠯᠡᠨ ᠠᠪᠤᠷᠠᠨ ᠲᠤᠰᠠᠯᠠᠬᠤ ᠠᠭᠤᠯᠭ᠎ᠠ ᠪᠠ ᠪᠠᠷᠢᠮᠵᠢᠶ᠎ᠠ ᠶᠢ ᠲᠣᠭᠲᠠᠭᠠᠨ᠎ᠠ᠃     3. ᠵᠡᠮᠳᠡᠭ ᠬᠡᠦᠬᠡᠳ ᠤᠨ ᠡᠷᠡᠭᠦᠯᠵᠢᠯ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠭᠰᠡᠨ ᠵᠡᠮᠳᠡᠭ ᠬᠡᠦᠬᠡᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠲᠤ ᠵᠠᠰᠠᠭ ᠤᠨ ᠣᠷᠳᠣᠨ ᠠᠴᠠ ᠨᠥᠬᠦᠪᠥᠷᠢ ᠣᠯᠭᠤᠨ᠎ᠠ᠃     ︵ᠭᠤᠷᠪᠠ︶ ᠠᠪᠤᠷᠠᠨ ᠲᠤᠰᠠᠯᠠᠬᠤ ᠪᠠᠷᠢᠮᠵᠢᠶ᠎ᠠ     1. ᠬᠠᠷᠠᠭ᠎ᠠ᠂ ᠰᠣᠨᠣᠷ ᠦᠭᠡ ᠶᠠᠷᠢᠶ᠎ᠠ᠂ ᠮᠥᠴᠢ᠂ ᠣᠶᠤᠨ ᠤ ᠵᠡᠮᠳᠡᠭ᠂ ᠦᠨᠦᠴᠢᠷᠠᠮᠠᠯ ᠭᠡᠮ ᠲᠠᠢ ᠬᠡᠣᠬᠡᠳ ᠢ ᠠᠪᠤᠷᠠᠨ ᠲᠤᠰᠠᠯᠠᠬᠤ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ ︵ᠳᠠᠭᠠᠯᠳᠤᠭᠤᠯᠤᠯ 1 ᠶᠢ ᠦᠵᠡ︶᠃     2. ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠣᠰ ᠭᠠᠵᠠᠷ ᠤᠨ ᠢᠶᠠᠨ ᠡᠳ᠋ ᠤᠨ ᠬᠦᠴᠦᠨ ᠤ ᠪᠠᠶᠢᠳᠠᠯ᠂ ᠪᠠᠲᠤᠯᠠᠬᠤ ᠡᠲᠡᠭᠡᠳ ᠤᠨ ᠲᠤᠭ᠎ᠠ ᠬᠡᠮᠵᠢᠶ᠎ᠡ᠂ ᠵᠡᠮᠳᠡᠭ ᠤᠨ ᠲᠥᠷᠥᠯ ᠢᠯᠭᠠᠯ ᠵᠡᠷᠭᠡ ᠶᠢ ᠦᠨᠳᠦᠰᠦᠯᠡᠨ᠂ ᠵᠡᠮᠳᠡᠭ ᠬᠡᠤᠬᠡᠳ ᠢ ᠡᠷᠡᠭᠦᠯᠵᠢᠭᠦᠯᠬᠦ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠵᠣᠬᠢᠰᠲᠠᠶ ᠳᠡᠭᠡᠭᠰᠢᠯᠡᠭᠦᠯᠵᠦ᠂ ᠵᠡᠮᠳᠡᠭ ᠬᠡᠤᠬᠡᠳ ᠢ ᠡᠮᠴᠢᠯᠡᠨ ᠵᠠᠰᠠᠬᠤ ᠪᠠᠭᠠᠵᠢ᠂ ᠬᠦᠷᠳᠦᠲᠦ ᠰᠠᠨᠳᠠᠯᠢ ᠂ ᠲᠤᠰᠠᠯᠠᠬᠤ ᠪᠠᠭᠠᠵᠢ ᠵᠡᠷᠭᠡ  ᠬᠡᠷᠡᠭᠰᠡᠯ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠪᠠᠭᠲᠠᠭᠠᠵᠤ᠂ ᠬᠦᠳᠡᠯᠦᠩᠬᠦᠢ ᠲᠣᠬᠢᠷᠠᠭᠤᠯᠬᠤ ᠲᠣᠭᠲᠠᠴᠠ ᠶᠢ ᠪᠠᠶᠢᠭᠤᠯᠣᠨ᠎ᠠ᠃     ︵ᠳᠥᠷᠪᠡ︶ ᠡᠷᠡᠭᠦᠯᠵᠢᠭᠦᠯᠬᠦ ᠠᠪᠤᠷᠠᠨ ᠲᠤᠰᠠᠯᠠᠬᠤ ᠠᠵᠢᠯ ᠤᠨ ᠴᠤᠪᠤᠷᠠᠯ     1. ᠭᠤᠶᠣᠴᠢᠯᠠᠬᠤ᠃ ᠵᠡᠮᠳᠡᠭ ᠬᠡᠤᠬᠡᠳ ᠤᠨ ᠠᠰᠠᠷᠠᠨ ᠬᠠᠷᠠᠭᠠᠯᠵᠠᠭᠴᠢ ᠨᠢ ᠵᠡᠮᠳᠡᠭ ᠬᠡᠤᠬᠡᠳ ᠤᠨ ᠡᠷᠦᠬᠡ ᠠᠮᠠ ᠶᠢᠨ ᠪᠠᠶᠢᠭ᠎ᠠ ᠭᠠᠵᠠᠷ ︵ᠣᠷᠣᠰᠢᠨ ᠰᠠᠭᠤᠬᠤ ᠦᠨᠡᠮᠯᠡᠯ ᠣᠯᠭᠤᠬᠤ ᠭᠠᠵᠠᠷ︶ ᠤᠨ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠣᠯᠲᠠ ᠳᠤ ᠭᠤᠶᠤᠴᠢᠯᠠᠯ ᠭᠠᠷᠭᠠᠨ᠎ᠠ᠃ ᠠᠰᠠᠷᠠᠨ ᠬᠠᠷᠠᠭᠠᠯᠵᠠᠭᠴᠢ ᠨᠢ ᠪᠠᠰᠠ ᠪᠤᠰᠤᠳ ᠬᠥᠮᠦᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠪᠤᠷᠠᠨ ᠲᠤᠰᠠᠯᠠᠯᠳᠠ ᠶᠢ ᠭᠠᠷᠲᠠᠨ ᠬᠦᠢᠴᠡᠳᠬᠡᠬᠦ ᠪᠠᠶᠢᠭᠤᠯᠤᠮᠵᠢ ᠵᠡᠷᠭᠡ ᠳᠤ ᠨᠠᠶᠢᠳᠠᠵᠤ ᠣᠷᠣᠯᠠᠨ ᠭᠤᠶᠣᠴᠢᠯᠠᠵᠣ ᠪᠣᠯᠤᠨ᠎ᠠ᠃    ᠬᠤᠰᠢᠭᠤᠨ ᠤ ᠵᠡᠮᠳᠡᠭᠴᠦᠳ ᠤᠨ ᠬᠤᠯᠪᠣᠭ᠎ᠠ ︽ᠵᠡᠮᠳᠡᠭ ᠬᠡᠦᠬᠡᠳ ᠢ ᠦᠨᠳᠦᠰᠦᠨ ᠳᠤ ᠪᠠᠨ ᠡᠷᠡᠭᠦᠯᠵᠢᠭᠦᠯᠬᠦ ᠦᠢᠯᠡᠴᠢᠯᠡᠬᠡᠨ ᠤ ᠨᠥᠬᠦᠪᠥᠷᠢ ᠶᠢ ᠭᠤᠶᠤᠴᠢᠯᠠᠬᠤ ᠬᠢᠨᠠᠨ ᠵᠥᠪᠰᠢᠶᠡᠷᠡᠭᠦᠯᠬᠦ ᠬᠦᠰᠦᠨᠦᠭᠲᠦ︾ ︵ᠳᠠᠭᠠᠯᠳᠤᠭᠤᠯᠤᠯ 2᠂ ᠳᠣᠣᠷ᠎ᠠ ︽ᠬᠢᠨᠠᠨ ᠵᠥᠪᠰᠢᠶᠡᠷᠡᠬᠦ ᠬᠦᠰᠦᠨᠦᠭᠲᠦ︾ ᠭᠡᠵᠦ ᠲᠣᠪᠴᠢᠯᠠᠨ᠎ᠠ︶ ᠶᠢ ᠡᠯ᠎ᠡ ᠰᠤᠮᠤ ᠰᠢᠶᠠᠩ ᠪᠠᠯᠭᠠᠰᠤ ᠳᠤ ᠶᠠᠪᠤᠭᠤᠯᠵᠤ᠂ ᠵᠡᠮᠳᠡᠭ ᠬᠡᠤᠬᠡᠳ ᠤᠨ ᠠᠰᠠᠷᠠᠨ ᠬᠠᠷᠠᠭᠠᠯᠠᠵᠠᠭᠴᠢ ᠨᠢ ︽ᠬᠢᠨᠠᠨ ᠵᠥᠪᠰᠢᠶᠡᠷᠡᠬᠦ ᠬᠦᠰᠦᠨᠦᠭᠲᠦ︾ ᠶᠢ ᠭᠤᠷᠪᠠᠨ ᠬᠤᠪᠢ ᠲᠠᠭᠯᠠᠨ ᠪᠢᠴᠢᠨ᠎ᠠ᠂  ᠡᠭᠦᠨ ᠤ ᠬᠠᠮᠳᠤ ᠬᠠᠷᠢᠶ᠎ᠠ ᠨᠡᠶᠢᠭᠡᠮ ᠲᠣᠭᠤᠷᠢᠭ ︵ᠭᠠᠴᠠᠭ᠎ᠠ︶ ᠤᠨ ᠵᠥᠪᠯᠡᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠠᠴᠠ ᠱᠠᠲᠤ ᠳᠠᠷᠠᠭᠠᠯᠠᠨ ᠬᠢᠨᠠᠨ ᠬᠠᠷᠭᠤᠭᠤᠯᠤᠨ᠎ᠠ᠃ ᠭᠤᠶᠤᠴᠢᠯᠠᠭᠴᠢ ᠨᠢ ︽ᠬᠢᠨᠠᠨ ᠵᠥᠪᠰᠢᠶᠡᠷᠡᠬᠦ ᠬᠦᠰᠦᠨᠦᠭᠲᠦ︾᠂ ᠵᠡᠮᠳᠡᠭ ᠬᠡᠤᠬᠡᠳ ᠪᠠ  ᠠᠰᠠᠷᠠᠨ ᠬᠠᠷᠠᠭᠠᠯᠠᠵᠠᠭᠴᠢ ᠶᠢᠨ ᠪᠡᠶ᠎ᠡ ᠶᠢᠨ ᠦᠨᠡᠮᠯᠡᠯ ᠪᠤᠶᠤ ᠬᠡᠷ ᠪᠦᠯᠢ ᠶᠢᠨ ᠡᠷᠦᠬᠡ ᠠᠮᠠ ᠶᠢᠨ ᠳᠡᠪᠲᠡᠷ ︵ᠪᠤᠶᠤ ᠵᠡᠮᠳᠡᠭ ᠬᠡᠤᠬᠡᠳ ᠤᠨ ᠡᠴᠢᠭᠡ ᠡᠬᠡ ᠶᠢᠨ ᠨᠢᠭᠡ ᠲᠠᠯ᠎ᠠ ᠶᠢᠨ ᠬᠢᠨ ᠤ ᠣᠷᠣᠰᠢᠨ ᠰᠠᠭᠤᠬᠤ ᠬᠡᠷᠡᠴᠢ︶᠂ ᠵᠡᠮᠳᠡᠭᠴᠦᠳ ᠤᠨ ᠦᠨᠡᠮᠯᠡᠯ ︵ᠪᠤᠶᠤ ᠰᠢᠶᠠᠨ ᠤ ᠱᠠᠲᠤᠨ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠠᠨᠠᠭᠠᠬᠤ ᠤᠬᠠᠭᠠᠨ ᠤ ᠣᠨᠣᠰᠢᠯᠠᠭᠰᠠᠨ ᠭᠡᠷᠡᠴᠢ ᠪᠢᠴᠢᠭ︶ ᠤᠨ ᠣᠭ ᠮᠠᠲ᠋ᠧᠷᠢᠶᠠᠯ ᠪᠠ ᠬᠠᠭᠤᠯᠪᠣᠷᠢ᠂ ᠨᠠᠭᠠᠳᠤ ᠵᠠᠬ᠎ᠠ ᠶᠢᠨ ᠠᠮᠢᠳᠣᠷᠠᠯ ᠤᠨ ᠪᠠᠲᠤᠯᠠᠭ᠎ᠠ ᠶᠢᠨ ᠲᠠᠪᠳᠠᠷ ᠪᠠ ᠳᠠᠩᠰᠠᠯᠠᠵᠣ ᠺᠠᠷᠲᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠵᠡᠮᠳᠡᠭ ᠬᠡᠤᠬᠡᠳ ᠤᠨ ᠬᠠᠮᠢᠶ᠎ᠠ ᠪᠥᠬᠦᠶ ᠦᠨᠡᠮᠯᠡᠯ ᠤᠨ ᠬᠠᠭᠤᠯᠪᠤᠷᠢ᠂ 3 ᠬᠤᠪᠢ ᠵᠡᠮᠳᠡᠭ ᠬᠡᠤᠬᠡᠳ ᠤᠨ ᠣᠶᠢᠷ᠎ᠠ ᠶᠢᠨ ᠬᠤᠭᠤᠴᠠᠭᠠᠨ ᠳᠤ ᠲᠠᠳᠠᠭᠤᠯᠤᠭᠰᠠᠨ 1 ᠢᠮᠠᠬᠤ ᠶᠢᠨ ᠮᠠᠯᠠᠭᠠᠶ ᠥᠬᠡᠶ ᠪᠤᠳᠤᠭᠲᠤ ᠬᠡᠷᠡᠯ ᠵᠢᠷᠤᠭ ᠢᠶᠠᠨ ᠭᠠᠷᠳᠠᠵᠣ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠳᠤ ᠭᠤᠶᠤᠴᠢᠯᠠᠯ ᠳᠡᠪᠰᠢᠭᠦᠯᠦᠨ᠎ᠡ᠃ ᠠᠰᠠᠷᠠᠨ ᠬᠠᠷᠠᠭᠠᠯᠠᠵᠠᠭᠴᠢ ᠨᠢ ᠣᠷᠣᠯᠠᠨ ᠭᠤᠶᠤᠴᠢᠯᠠᠬᠤ ᠪᠠᠷ ᠨᠠᠶᠢᠳᠠᠭᠰᠠᠨ ᠪᠠᠶᠢᠪᠠᠯ᠂ ᠨᠠᠶᠢᠳᠠᠯᠭ᠎ᠠ ᠶᠢᠨ ᠪᠢᠴᠢᠭ ᠪᠠ ᠳᠡᠭᠡᠷ᠎ᠡ ᠳᠤᠷᠠᠳᠤᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ᠃     2. ᠬᠢᠨᠠᠨ ᠬᠠᠷᠭᠤᠭᠤᠯᠬᠤ᠃ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠲᠤᠰᠬᠠᠶ ᠬᠥᠮᠦᠨ ᠲᠣᠬᠢᠷᠠᠭᠤᠯᠵᠣ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ ᠵᠡᠷᠭᠡ ᠠᠵᠢᠯ ᠢ ᠬᠠᠷᠢᠭᠤᠴᠠᠭᠤᠯᠬᠤ ᠶᠢᠨ ᠬᠠᠮᠲᠤ ᠣᠷᠢᠳᠴᠢᠯᠠᠨ ᠲᠤᠬᠠᠶᠢᠯᠠᠭᠰᠠᠨ ᠠᠵᠢᠯ ᠤᠨ ᠪᠣᠯᠪᠠᠰᠣᠷᠠᠭᠤᠯᠣᠯ ᠬᠦᠷᠳᠡᠭᠡᠨ᠎ᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠲᠠᠢ ᠭᠡᠷ ᠪᠦᠯᠢ᠂ ᠳᠠᠩᠰᠠᠯᠠᠵᠣ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠭᠡᠷ ᠪᠦᠯᠢ ᠶᠢᠨ ᠵᠡᠮᠳᠡᠭ ᠬᠡᠤᠬᠡᠳ ᠪᠠ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠰᠠᠷᠠᠨ ᠲᠡᠵᠢᠭᠡᠵᠦ ᠪᠠᠶᠢᠭ᠎ᠠ ᠵᠡᠮᠳᠡᠭ ᠬᠡᠤᠬᠡᠳ ᠢ ᠠᠪᠤᠷᠠᠨ ᠲᠤᠰᠠᠯᠠᠬᠤ ᠭᠤᠶᠣᠴᠢᠯᠠᠯ ᠵᠢᠴᠢ ᠵᠡᠮᠳᠡᠭ ᠥᠨᠥᠴᠢᠨ ᠬᠡᠦᠬᠡᠳ᠂ ᠣᠨᠴᠠ ᠬᠦᠴᠢᠷᠳᠡᠯᠲᠡᠶ ᠬᠥᠮᠦᠰ ᠢᠶᠠᠷ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠣᠭᠰᠠᠨ ᠵᠡᠮᠳᠡᠭ ᠬᠡᠦᠬᠡᠳ ᠤᠨ ᠠᠪᠤᠷᠠᠨ ᠲᠤᠰᠠᠯᠠᠬᠤ ᠭᠤᠶᠤᠴᠢᠯᠠᠯ ᠢ ᠬᠤᠰᠢᠭᠤᠨ ᠤ ᠵᠡᠮᠳᠡᠭᠴᠦᠳ ᠤᠨ  ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠬᠢᠭᠡᠳ ᠠᠷᠠᠳ ᠤᠨ ᠶᠠᠪᠤᠳᠠᠯ᠂ ᠶᠠᠳᠠᠭᠤ ᠶᠢ ᠲᠡᠳᠬᠦᠬᠦ ᠰᠠᠯᠠᠭ᠎ᠠ ᠮᠥᠴᠢᠷ  ᠠᠴᠠ ᠬᠠᠮᠢᠶ᠎ᠠ ᠪᠥᠬᠦᠶ ᠮᠡᠳᠡᠭᠡ ᠵᠠᠩᠭᠢ ᠶᠢ ᠬᠠᠷᠢᠴᠠᠭᠤᠯᠣᠨ ᠬᠠᠷᠭᠤᠭᠤᠯᠤᠭᠰᠠᠨ ᠤ ᠳᠠᠷᠠᠭ᠎ᠠ ᠲᠣᠭᠲᠠᠭᠠᠯ ᠭᠠᠷᠭᠠᠨ᠎ᠠ︔ ᠪᠤᠰᠤᠳ ᠠᠵᠤ ᠠᠬᠤᠶ ᠶᠢᠨ ᠬᠦᠴᠢᠷᠳᠠᠯ ᠲᠠᠢ ᠭᠡᠷ ᠪᠦᠯᠢ ᠶᠢᠨ ᠵᠡᠮᠳᠡᠭ ᠬᠡᠤᠬᠡᠳ ᠤᠨ ᠠᠪᠤᠷᠠᠨ ᠲᠤᠰᠠᠯᠠᠬᠤ ᠭᠤᠶᠤᠴᠢᠯᠠᠯ ᠢ ᠬᠢᠨᠠᠨ ᠬᠠᠷᠭᠤᠭᠤᠯᠬᠤ ᠠᠯᠬᠤᠮ ᠶᠠᠪᠤᠴᠨ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃     ᠲᠤᠰᠠᠯᠠᠮᠵᠢ ᠬᠦᠷᠳᠡᠬᠦ ᠵᠡᠮᠳᠡᠭ ᠬᠡᠦᠬᠡᠳ ᠢ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠠᠴᠠ ᠬᠢᠨᠠᠨ ᠬᠠᠷᠭᠤᠭᠤᠯᠣᠭᠠᠳ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ᠂ ᠲᠤᠰᠠᠯᠠᠮᠵᠢ ᠬᠦᠷᠳᠡᠬᠦ ᠬᠡᠤᠬᠡᠳ ᠨᠢ ᠲᠣᠭᠲᠠᠭᠰᠠᠨ ᠡᠷᠡᠭᠦᠯᠵᠢᠭᠦᠯᠬᠦ ᠪᠠᠶᠢᠭᠤᠯᠤᠮᠵᠢ ᠳᠤ ︽ᠵᠡᠮᠳᠡᠭᠴᠣᠳ ᠢ ᠣᠨᠣᠴᠠᠲᠠᠢ ᠪᠠᠷ ᠡᠷᠡᠭᠦᠯᠵᠢᠭᠦᠯᠬᠦ ᠦᠢᠯᠡᠴᠢᠯᠡᠬᠡᠨ ᠤ ᠨᠥᠬᠦᠪᠥᠷᠢ ᠭᠤᠶᠤᠴᠢᠯᠠᠬᠤ ᠬᠢᠨᠠᠨ ᠵᠦᠪᠰᠢᠶᠡᠷᠡᠬᠦ ᠬᠦᠰᠦᠨᠦᠭᠲᠦ︾᠂ ︽ᠵᠡᠮᠳᠡᠭᠴᠦᠳ ᠢ ᠣᠨᠣᠴᠠᠲᠠᠢ ᠪᠠᠷ ᠡᠷᠡᠭᠦᠯᠵᠢᠭᠦᠯᠬᠦ ᠦᠢᠯᠡᠴᠢᠯᠡᠬᠡᠨ ᠤ ᠭᠠᠷ ᠳᠡᠪᠲᠡᠷ︾᠂ ︽ᠵᠡᠮᠳᠡᠭᠴᠦᠳ ᠢ ᠣᠨᠣᠴᠠᠲᠠᠢ ᠪᠠᠷ ᠡᠷᠡᠭᠦᠯᠵᠢᠭᠦᠯᠬᠦ ᠦᠢᠯᠡᠴᠢᠯᠡᠬᠡᠨ ᠤ ᠺᠠᠷᠲ︾ ᠢᠶᠠᠨ ᠲᠣᠰ ᠲᠤᠰ ᠨᠢᠭᠡ ᠬᠤᠪᠢ ᠬᠠᠩᠭᠠᠨ᠎ᠠ᠃ ︽ᠬᠢᠨᠠᠨ ᠵᠥᠪᠰᠢᠶᠡᠷᠡᠬᠦ ᠬᠦᠰᠦᠨᠦᠭᠲᠦ︾ ᠳᠡᠭᠡᠷ᠎ᠡ ᠵᠡᠮᠳᠡᠭ ᠬᠡᠦᠬᠡᠳ ᠤᠨ ᠭᠡᠷᠡᠯ ᠵᠢᠷᠤᠭ ᠢ ᠨᠠᠭᠠᠵᠤ᠂ ︽ᠬᠢᠨᠠᠨ ᠵᠥᠪᠰᠢᠶᠡᠷᠡᠬᠦ ᠬᠦᠰᠦᠨᠦᠭᠲᠦ︾ ᠶᠢᠨ ᠨᠢᠭᠡ ᠬᠤᠪᠢ ᠶᠢ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠦᠯᠡᠳᠡᠬᠡᠵᠦ᠂ ᠨᠢᠭᠡ ᠬᠤᠪᠢ ᠶᠢ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠠᠴᠠ ᠬᠥᠯᠥᠨ ᠪᠤᠶᠢᠷ ᠬᠤᠲᠠ ᠶᠢᠨ ᠵᠡᠮᠳᠡᠭᠴᠦᠳ ᠤᠨ ᠬᠤᠯᠪᠣᠭ᠎ᠠ ᠳᠤ ᠮᠡᠳᠡᠭᠦᠯᠵᠦ᠂ ᠨᠢᠭᠡ ᠬᠤᠪᠢ ᠶᠢ ᠲᠣᠭᠲᠠᠭᠰᠠᠨ ᠡᠷᠡᠬᠦᠯᠵᠢᠬᠦᠯᠬᠦ ᠪᠠᠶᠢᠭᠤᠯᠤᠮᠵᠢ ᠳᠤ ᠦᠯᠡᠳᠡᠭᠡᠨ ᠬᠠᠳᠠᠭᠠᠯᠠᠨ᠎ᠠ᠃     ᠨᠥᠬᠦᠴᠡᠯ ᠳᠤ ᠨᠡᠶᠢᠴᠡᠬᠦ ᠵᠡᠮᠳᠡᠭ ᠬᠡᠤᠬᠡᠳ ᠢ 30 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠬᠦ ᠶᠢᠨ ᠬᠠᠮᠳᠣ ᠡᠷᠡᠭᠦᠯᠵᠢᠭᠦᠯᠬᠦ ᠠᠪᠤᠷᠠᠨ ᠲᠤᠰᠠᠯᠠᠬᠤ ᠲᠥᠯᠥᠪᠯᠡᠭᠡ ᠳᠡᠭᠡᠨ ᠣᠷᠣᠭᠤᠯᠵᠤ᠂ ᠨᠥᠬᠦᠴᠡᠯ ᠳᠤ ᠨᠡᠶᠢᠴᠡᠬᠦ ᠦᠭᠡᠢ ᠵᠡᠮᠳᠡᠭ ᠬᠡᠤᠬᠡᠳ ᠲᠤ ᠤᠴᠢᠷ ᠰᠢᠯᠲᠠᠭᠠᠨ ᠢ ᠳᠣᠳᠣᠷᠬᠠᠶᠢᠯᠠᠵᠣ ᠥᠭᠬᠦ ᠬᠡᠷᠡᠭᠲᠡᠶ᠃     3 . ᠠᠪᠤᠷᠠᠨ ᠲᠤᠰᠠᠯᠠᠬᠤ᠃ ᠬᠢᠨᠠᠨ ᠬᠠᠷᠭᠤᠭᠤᠯᠤᠭᠠᠳ ᠨᠥᠬᠦᠴᠡᠯ ᠳᠤ ᠨᠡᠶᠢᠴᠡᠪᠡᠯ᠂ ᠵᠡᠮᠳᠡᠭ ᠬᠡᠤᠬᠡᠳ ᠤᠨ ᠠᠰᠠᠷᠠᠨ ᠬᠠᠷᠠᠭᠠᠯᠵᠠᠭᠴᠢ ᠨᠢ ᠦᠪᠡᠰᠦᠪᠡᠨ ᠲᠣᠭᠲᠠᠭᠰᠠᠨ ᠡᠷᠡᠭᠦᠯᠵᠢᠭᠦᠯᠬᠦ ᠪᠠᠶᠢᠭᠤᠯᠤᠮᠵᠢ ᠶᠢ ᠰᠣᠩᠭᠤᠵᠤ ᠪᠠᠶᠢᠭᠠᠳ ᠡᠷᠡᠭᠦᠯᠵᠢᠭᠦᠯᠬᠦ ᠦᠢᠯᠡᠴᠢᠯᠡᠬᠡᠨ ᠢ ᠡᠳ᠋ᠯᠡᠨ᠎ᠠ᠃ ᠴᠢᠬᠤᠯᠠ ᠲᠠᠢ ᠦᠶᠡᠰ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠪᠣᠯᠤᠨ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠬᠠᠤᠯᠢ ᠶᠣᠰᠣᠨ ᠤ ᠬᠢᠷᠢ ᠬᠡᠮ ᠲᠠᠢ ᠡᠮᠴᠢᠯᠡᠭᠡ᠂ ᠡᠷᠡᠬᠦᠯᠵᠢᠬᠦᠯᠬᠦ ᠪᠠᠶᠢᠭᠤᠯᠤᠮᠵᠢ ᠠᠴᠠ ᠤᠯᠠᠮ ᠨᠢᠭᠡ ᠠᠯᠬᠤᠮ ᠣᠨᠣᠰᠢᠯᠠᠬᠤ᠂ ᠡᠷᠡᠬᠦᠯᠵᠢᠬᠦᠯᠬᠦ ᠬᠡᠷᠡᠭᠴᠡᠭᠡ ᠱᠠᠭᠠᠷᠳᠠᠯᠭ᠎ᠠ ᠶᠢᠨ ᠦᠨᠡᠯᠡᠨ ᠵᠢᠱᠢᠯᠲᠡ ᠬᠢᠬᠦ ᠬᠡᠷᠡᠭᠲᠡᠶ᠃ ᠲᠣᠭᠲᠠᠭᠰᠠᠨ ᠡᠷᠡᠬᠦᠯᠵᠢᠬᠦᠯᠬᠦ ᠪᠠᠶᠢᠭᠤᠯᠤᠮᠵᠢ ᠶᠢ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠢ ᠬᠤᠰᠢᠭᠤᠨ ᠤ ᠡᠮᠴᠢᠯᠡᠭᠡᠨ ᠤ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠯᠡ ᠪᠠᠷ ᠰᠢᠯᠢᠳᠡᠭ ᠢ ᠨᠢ ᠰᠣᠩᠭᠤᠬᠤ ᠵᠠᠷᠴᠢᠮ ᠶᠣᠰᠣᠭᠠᠷ ᠰᠣᠩᠭᠤᠨ ᠲᠣᠭᠲᠠᠭᠠᠨ᠎ᠠ᠃     ᠰᠣᠨᠣᠷ ᠦᠬᠡ ᠶᠠᠷᠢᠶ᠎ᠠ ᠵᠡᠮᠳᠡᠭ ᠬᠡᠣᠬᠡᠳ᠂ ᠮᠥᠴᠢ ᠵᠡᠮᠳᠡᠭ ᠬᠡᠣᠬᠡᠳ᠂ ᠣᠶᠤᠨ ᠵᠡᠮᠳᠡᠭ ᠬᠡᠣᠬᠡᠳ᠂ ᠦᠨᠦᠴᠢᠷᠠᠮᠠᠯ ᠬᠡᠮ ᠲᠠᠢ ᠬᠡᠤᠬᠡᠳ ᠠᠪᠤᠷᠠᠨ ᠲᠤᠰᠠᠯᠠᠬᠤ ᠨᠠᠰᠤᠨ ᠤ ᠬᠡᠪᠴᠢᠶᠡᠨ ᠳᠣᠲᠣᠷ᠎ᠠ ᠪᠠᠶᠢᠪᠠᠯ ᠦᠷᠬᠦᠯᠵᠢᠯᠡᠨ ᠡᠷᠡᠭᠦᠯᠵᠢᠭᠦᠯᠬᠦ ᠪᠣᠯᠪᠠᠰᠤᠷᠠᠯ ᠬᠢᠵᠦ ᠠᠪᠤᠷᠠᠨ ᠲᠤᠰᠠᠯᠠᠨ᠎ᠠ᠂ ᠵᠡᠮᠳᠡᠭ ᠬᠡᠤᠬᠡᠳ ᠪᠦᠷᠢ ᠵᠢᠯ ᠳᠤ ᠨᠢᠭᠡ ᠤᠳᠠᠭ᠎ᠠ ᠡᠷᠡᠭᠦᠯᠵᠢᠭᠦᠯᠬᠦ ᠲᠤᠰᠠᠯᠠᠮᠵᠢ ᠭᠤᠶᠤᠴᠢᠯᠠᠵᠤ ᠪᠣᠯᠤᠨ᠎ᠠ᠂ ᠠᠳᠠᠯᠢ ᠨᠢᠭᠡᠨ ᠵᠡᠮᠳᠡᠭ ᠬᠡᠤᠬᠡᠳ ᠬᠤᠶᠠᠷ ᠡᠷᠡᠭᠦᠯᠵᠢᠭᠦᠯᠬᠦ ᠦᠢᠯᠡᠴᠢᠯᠡᠬᠡᠨ ᠤ ᠪᠠᠶᠢᠭᠤᠯᠤᠮᠵᠢ ᠳᠤ ᠡᠷᠡᠬᠦᠯᠵᠢᠬᠦᠯᠬᠦ ᠲᠥᠷᠥᠯ ᠵᠦᠢᠯ ᠢ ᠬᠠᠮᠲᠤ ᠳᠤᠨᠢ ᠭᠤᠶᠤᠴᠢᠯᠠᠵᠤ ᠪᠣᠯᠬᠤ ᠦᠭᠡᠢ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠣᠶᠢᠷ ᠬᠤᠲᠠ ᠶᠢᠨ ᠵᠡᠮᠳᠡᠭᠴᠦᠳ ᠤᠨ ᠦᠨᠳᠦᠰᠦᠨ ᠡᠷᠡᠭᠦᠯᠵᠢᠭᠦᠯᠬᠦ ᠦᠢᠯᠡᠴᠢᠯᠡᠬᠡᠨ ᠤ ᠭᠠᠷᠴᠠᠭ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠭᠲᠠᠭᠰᠠᠨ ᠡᠷᠡᠬᠦᠯᠵᠢᠬᠦᠯᠬᠦ ᠪᠠᠶᠢᠭᠤᠯᠤᠮᠵᠢ ᠶᠢᠨ ᠵᠢᠯ ᠪᠦᠷᠢ ᠶᠢᠨ ᠡᠷᠡᠬᠦᠯᠵᠢᠬᠦᠯᠬᠦ ᠪᠣᠯᠪᠠᠰᠤᠷᠠᠯ ᠬᠢᠬᠦ ᠴᠠᠭ ᠢ 10 ᠰᠠᠷ᠎ᠠ ᠠᠴᠠ ᠳᠣᠲᠠᠭᠤ ᠪᠠᠶᠢᠯᠭᠠᠬᠤ ᠦᠭᠡᠢ ︵ ᠣᠨᠴᠠᠭᠠᠢ ᠰᠣᠷᠭᠠᠨ ᠬᠦᠮᠦᠵᠢᠯ ᠵᠡᠷᠬᠡ ᠡᠷᠡᠬᠦᠯᠵᠢᠬᠦᠯᠬᠦ ᠬᠦᠮᠦᠵᠢᠯ ᠤᠨ ᠰᠣᠷᠭᠠᠭᠤᠯᠢ ᠪᠣᠯ ᠨᠢᠬᠡ ᠰᠣᠷᠣᠯᠭ᠎ᠠ ᠶᠢᠨ ᠵᠢᠯ︶᠂ ᠬᠠᠷᠠᠭ᠎ᠠ ᠮᠠᠭᠤᠲᠠᠢ ᠬᠡᠣᠬᠡᠳ ᠤᠨ ᠲᠣᠭᠲᠠᠭᠰᠠᠨ ᠡᠷᠡᠬᠦᠯᠵᠢᠬᠦᠯᠬᠦ ᠪᠠᠶᠢᠭᠤᠯᠣᠮᠵᠢ ᠳᠤ ᠬᠠᠷᠠᠭ᠎ᠠ ᠰᠡᠷᠬᠦᠬᠡᠬᠦ ᠪᠣᠯᠪᠠᠰᠣᠷᠠᠯ ᠤᠨ ᠬᠤᠭᠤᠴᠠᠭ᠎ᠠ ᠶᠢ ᠦᠪᠡᠷᠲᠡᠭᠡᠨ ᠵᠠᠰᠠᠬᠤ ᠣᠷᠣᠨ᠂ ᠬᠦᠯᠦᠨ ᠪᠣᠶᠢᠷ ᠬᠤᠲᠠ  ᠠᠴᠠ ᠪᠠᠭᠤᠯᠭᠠᠭᠰᠠᠨ ᠬᠤᠯᠪᠣᠭᠳᠠᠯ ᠪᠦᠬᠦᠢ ᠲᠦᠰᠦᠯ᠂ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ ᠲᠣᠭᠲᠠᠭᠠᠨ᠎ᠠ᠃     ᠬᠤᠰᠢᠭᠤᠨ ᠤ ᠵᠡᠮᠳᠡᠭᠴᠦᠳ ᠤᠨ ᠬᠤᠯᠪᠣᠭ᠎ᠠ 8 — 10 ᠨᠠᠰᠤᠨ ᠤ ᠵᠡᠮᠳᠡᠭ ᠬᠡᠤᠬᠡᠳ ᠢ ᠡᠷᠡᠬᠦᠯᠵᠢᠬᠦᠯᠬᠦ ᠲᠣᠰᠠᠯᠠᠯᠲᠠ ᠳᠤ ᠤᠯᠤᠰ᠂ ᠥᠪᠡᠷᠲᠡᠭᠡᠨ ᠵᠠᠰᠠᠬᠤ ᠣᠷᠣᠨ ᠤ 0 — 7 ᠨᠠᠰᠤᠨ ᠤ ᠵᠡᠮᠳᠡᠭ ᠬᠡᠤᠬᠡᠳ ᠢ ᠡᠷᠡᠬᠦᠯᠵᠢᠬᠦᠯᠬᠦ ᠠᠪᠤᠷᠠᠨ ᠲᠤᠰᠠᠯᠠᠬᠤ ᠲᠥᠷᠥᠯ ᠵᠦᠢᠯ ᠤᠨ ᠦᠢᠯᠡᠴᠢᠯᠡᠬᠡᠨ ᠤ ᠠᠭᠤᠯᠭ᠎ᠠ ᠪᠠ ᠠᠪᠤᠷᠠᠨ ᠲᠤᠰᠠᠯᠠᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠬᠥᠮᠦᠨ ᠨᠢᠬᠡᠪᠦᠷᠢ ᠶᠢ ᠵᠢᠯ ᠳᠤ ᠨᠢᠭᠡ ᠤᠳᠠᠭ᠎ᠠ ᠠᠪᠤᠷᠠᠨ ᠲᠤᠰᠠᠯᠠᠨ᠎ᠠ᠂ ᠠᠪᠤᠷᠠᠨ ᠲᠤᠰᠠᠯᠠᠬᠤ ᠨᠦᠬᠦᠪᠦᠷᠢ ᠶᠢ ᠬᠠᠮᠤᠭ ᠥᠨᠳᠥᠷ ᠲᠡᠭᠡᠨ 15000 ᠲᠥᠭᠦᠷᠢᠭ ᠠᠴᠠ ᠳᠠᠪᠠᠭᠤᠯᠬᠤ ᠦᠭᠡᠢ᠃     4. ᠳ᠋ᠦᠩᠨᠡᠨ ᠪᠣᠳᠣᠬᠤ᠃ ᠳᠠᠭᠠᠳᠬᠠᠯ ᠳᠤ ᠣᠷᠣᠯᠴᠠᠭᠰᠠᠨ ᠵᠡᠮᠳᠡᠭ ᠬᠡᠦᠬᠡᠳ ᠨᠢᠬᠡᠪᠦᠷᠢ ᠶᠢᠨ ᠲᠣᠭᠲᠠᠭᠰᠠᠨ ᠡᠷᠡᠭᠦᠯᠵᠢᠭᠦᠯᠬᠦ ᠪᠠᠶᠢᠭᠤᠯᠤᠮᠵᠢ ᠳᠤ ᠡᠮᠴᠢᠯᠡᠭᠡ ︵ ᠦᠢᠯᠡᠴᠢᠯᠡᠭᠡ︶ ᠬᠢᠬᠦ ᠳᠤ ᠪᠣᠢ ᠪᠣᠯᠣᠭᠰᠠᠨ ᠵᠠᠷᠤᠳᠠᠯ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠬᠡ ᠶᠢᠨ ᠳᠠᠭᠠᠳᠬᠠᠯ  ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠭᠰᠡᠨ ᠵᠡᠮᠳᠡᠭ ᠬᠡᠤᠬᠡᠳ ᠢ ᠡᠷᠡᠭᠦᠯᠵᠢᠭᠦᠯᠬᠦ ᠲᠥᠷᠥᠯ ᠵᠦᠢᠯ  ᠢ ᠴᠦᠮ ᠲᠣᠭᠲᠠᠭᠰᠠᠨ ᠡᠷᠡᠭᠦᠯᠵᠢᠭᠦᠯᠬᠦ ᠡᠮᠴᠢᠯᠡᠭᠡᠨ ᠤ ᠪᠠᠶᠢᠭᠤᠯᠤᠮᠵᠢ ᠳᠤ ᠬᠠᠷᠢᠴᠠᠯ ᠶᠣᠰᠣᠭᠠᠷ ᠰᠢᠭᠤᠳ ᠳ᠋ᠦᠩᠨᠡᠨ ᠪᠤᠳᠤᠨ᠎ᠠ᠃     ᠬᠥᠯᠥᠨ ᠪᠣᠶᠢᠷ ᠬᠤᠲᠠ ᠶᠢᠨ ᠳᠣᠯᠣᠭᠠᠨ ᠲᠣᠭᠲᠠᠭᠰᠠᠨ ᠡᠷᠡᠬᠦᠯᠵᠢᠬᠦᠯᠬᠦ ᠡᠮᠴᠢᠯᠡᠬᠡᠨ ᠤ ᠪᠠᠶᠢᠭᠤᠯᠤᠮᠵᠢ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠠᠪᠤᠷᠠᠨ ᠲᠤᠰᠠᠯᠠᠯᠲᠠ ᠬᠦᠷᠲᠡᠵᠦ ᠪᠠᠶᠢᠭ᠎ᠠ 0 — 7 ᠨᠠᠰᠤᠨ ᠤ ᠵᠡᠮᠳᠡᠭ ᠬᠡᠦᠬᠡᠳ ᠤᠨ ᠵᠠᠷᠤᠳᠠᠯ ᠢ ᠬᠤᠲᠠ ᠶᠢᠨ ᠵᠡᠮᠳᠡᠭᠴᠦᠳ ᠤᠨ ᠬᠤᠯᠪᠣᠭ᠎ᠠ ᠠᠴᠠ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠵᠦᠪᠳᠡᠵᠦ ᠲᠣᠭᠲᠠᠭᠰᠠᠨ ᠪᠠᠶᠢᠭᠤᠯᠤᠮᠵᠢ ᠲᠠᠢ ᠰᠢᠭᠤᠳ ᠳ᠋ᠦᠩᠨᠡᠨ ᠪᠣᠳᠣᠵᠣ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ᠂ ᠲᠣᠭᠲᠠᠭᠰᠠᠨ ᠡᠷᠡᠬᠦᠯᠵᠢᠬᠦᠯᠬᠦ ᠪᠠᠶᠢᠭᠤᠯᠤᠮᠵᠢ  ᠠᠴᠠ ᠬᠠᠷᠢᠭᠤᠴᠠᠵᠣ ᠲᠣᠰ ᠭᠠᠵᠠᠷ ᠣᠷᠣᠨ᠂ ᠲᠣᠰ ᠪᠠᠶᠢᠭᠤᠯᠤᠮᠵᠢ ᠶᠢᠨ ᠵᠡᠮᠳᠡᠭ ᠬᠡᠤᠬᠡᠳ ᠢ ᠡᠷᠡᠬᠦᠯᠵᠢᠬᠦᠯᠬᠦ ᠨᠡᠷᠡᠰ ᠤᠨ ᠪᠦᠷᠢᠳᠬᠡᠯ ᠢ ᠬᠠᠩᠭᠠᠨ᠎ᠠ᠃     ᠪᠦᠬᠦ ᠬᠤᠰᠢᠭᠤᠨ ᠤ ᠵᠡᠮᠳᠡᠭᠴᠦᠳ ᠤᠨ ᠬᠤᠯᠪᠣᠭᠠᠨ ᠤ ᠵᠣᠬᠢᠶᠠᠨ ᠪᠠᠶᠢᠭᠤᠯᠤᠯᠲᠠ ᠶᠢᠨ ᠬᠢᠨᠠᠨ ᠬᠠᠷᠭᠤᠭᠤᠯᠤᠯᠲᠠ ᠪᠠᠷ ᠳᠠᠮᠵᠢᠨ᠂ 8 — 10 ᠨᠠᠰᠤᠨ ᠤ ᠵᠡᠮᠳᠡᠭ ᠬᠡᠤᠬᠡᠳ ᠢ ᠡᠷᠡᠬᠦᠯᠵᠢᠬᠦᠯᠬᠦ ᠠᠪᠤᠷᠠᠨ ᠲᠣᠰᠠᠯᠠᠯᠲᠠ ᠪᠠ ᠭᠠᠳᠠᠷ ᠣᠷᠣᠨ ︵ᠬᠥᠯᠥᠨ ᠪᠣᠶᠢᠷ ᠬᠤᠲᠠ ᠠᠴᠠ ᠪᠤᠰᠤᠳ ᠭᠠᠵᠠᠷ︶ ᠤ ᠲᠣᠭᠲᠠᠭᠰᠠᠨ ᠡᠷᠡᠬᠦᠯᠵᠢᠬᠦᠯᠬᠦ ᠪᠠᠶᠢᠭᠤᠯᠤᠮᠵᠢ ᠳᠤ ᠡᠷᠡᠬᠦᠯᠵᠢᠬᠦᠯᠬᠦ ᠦᠢᠯᠡᠴᠢᠯᠡᠭᠡ ᠬᠦᠷᠳᠡᠬᠦ ᠳᠤ ᠪᠣᠢ ᠪᠣᠯᠣᠭᠰᠠᠨ ᠵᠠᠷᠤᠳᠠᠯ ᠢ ᠬᠦᠯᠢᠶᠡᠨ ᠵᠥᠪᠰᠢᠶᠡᠷᠡᠵᠦ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠠᠴᠠ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠳ᠋ᠦᠩᠨᠡᠨ ᠪᠤᠳᠤᠬᠤ ᠠᠷᠭ᠎ᠠ ᠶᠢ ᠲᠣᠳᠣᠷᠬᠠᠶᠢᠯᠠᠨ᠎ᠠ᠃     ᠵᠠᠷᠴᠢᠮ ᠳᠡᠭᠡᠷ᠎ᠡ ᠪᠠᠨ ᠲᠤᠬᠠᠶ ᠶᠢᠨ ᠵᠢᠯ ᠤᠨ ᠡᠷᠡᠬᠦᠯᠵᠢᠬᠦᠯᠬᠦ ᠦᠢᠯᠡᠴᠢᠯᠡᠬᠡᠨ ᠤ ᠠᠪᠤᠷᠠᠨ ᠲᠤᠰᠠᠯᠠᠬᠤ ᠵᠠᠷᠤᠳᠠᠯ ᠢ ᠲᠣᠬᠠᠢ ᠶᠢᠨ ᠵᠢᠯ ᠳᠤ ᠳ᠋ᠦᠩᠨᠡᠨ ᠪᠤᠳᠤᠵᠤ ᠳᠠᠭᠤᠰᠬᠠᠨ᠎ᠠ᠃    ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ    ︵ᠨᠢᠭᠡ︶ ᠵᠡᠮᠳᠡᠭ ᠢ ᠰᠢᠭᠰᠢᠨ ᠪᠠᠶᠢᠴᠠᠭᠠᠬᠤ ᠶᠢ ᠰᠠᠶᠢᠲᠤᠷ ᠬᠢᠬᠦ ᠬᠡᠷᠡᠭᠲᠡᠶ᠃ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠵᠢᠯ ᠪᠦᠷᠢ ᠨᠢᠭᠡ ᠤᠳᠠᠭ᠎ᠠ ᠵᠡᠮᠳᠡᠭ ᠬᠡᠦᠬᠡᠳ ᠢ ᠰᠢᠭᠰᠢᠨ ᠪᠠᠶᠢᠴᠠᠭᠠᠵᠣ᠂ ᠰᠢᠭᠰᠢᠨ ᠪᠠᠶᠢᠴᠠᠭᠠᠭᠰᠠᠨ ᠦᠷ᠎ᠡ ᠳ᠋ᠦᠩ ᠢᠶᠠᠨ ᠬᠤᠲᠠ ᠶᠢᠨ ᠵᠡᠮᠳᠡᠭᠴᠦᠳ ᠤᠨ ᠬᠤᠯᠪᠣᠭ᠎ᠠ ᠳᠤ ᠮᠡᠳᠡᠭᠦᠯᠵᠦ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠠᠴᠠ ᠮᠡᠳᠡᠭᠦᠯᠦᠭᠰᠡᠨ ᠰᠠᠭᠤᠷᠢ ᠲᠤᠭ᠎ᠠ ᠪᠠᠷᠢᠮᠲᠠ ᠶᠢ ᠦᠨᠳᠦᠰᠦᠯᠡᠨ ᠲᠣᠰ ᠵᠢᠯ ᠤᠨ ᠵᠡᠮᠳᠡᠭ ᠬᠡᠤᠬᠡᠳ ᠤᠨ ᠡᠷᠡᠬᠦᠯᠵᠢᠬᠦᠯᠬᠦ ᠪᠣᠯᠪᠠᠰᠤᠷᠠᠯ ᠤᠨ ᠲᠤᠰᠠᠯᠠᠮᠵᠢ ᠶᠢᠨ ᠪᠡᠯᠡ ᠮᠥᠩᠭᠦ ᠶᠢ ᠰᠠᠯᠭᠠᠨ ᠦᠭᠭᠦᠨ᠎ᠡ᠃ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠰᠢᠭᠰᠢᠨ ᠪᠠᠶᠢᠴᠠᠭᠠᠭᠰᠠᠨ ᠳᠠᠩᠰᠠ ᠡᠪᠬᠡᠮᠡᠯ ᠪᠠ ᠡᠷᠡᠬᠦᠯᠵᠢᠬᠦᠯᠦᠨ ᠠᠪᠤᠷᠠᠨ ᠲᠣᠰᠠᠯᠠᠭᠰᠠᠨ ᠳᠠᠩᠰᠠ ᠡᠪᠬᠡᠮᠡᠯ ᠪᠠᠶᠢᠭᠤᠯᠵᠤ᠂ ᠵᠡᠮᠳᠡᠭ ᠬᠡᠤᠬᠡᠳ ᠢ ᠡᠷᠡᠭᠦᠯᠵᠢᠭᠦᠯᠬᠦ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠳᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠬᠢᠵᠦ᠂ ᠰᠢᠭᠰᠢᠨ ᠪᠠᠶᠢᠴᠠᠭᠠᠵᠤ ᠭᠠᠷᠭᠠᠭᠰᠠᠨ ᠵᠡᠮᠳᠡᠭ ᠬᠡᠤᠬᠡᠳ ᠢ ᠵᠢᠯ ᠪᠦᠷᠢ ᠶᠢᠨ ᠬᠦᠳᠡᠯᠦᠩᠬᠦᠢ ᠪᠠᠷ ᠰᠢᠨᠡᠳᠬᠡᠬᠦ ᠲᠤᠭ᠎ᠠ ᠪᠠᠷᠢᠮᠲᠠ ᠶᠢᠨ ᠪᠠᠶᠢᠴᠠᠭᠠᠯᠲᠠ ᠶᠢᠨ ᠬᠡᠪᠴᠢᠶᠡᠨ ᠳᠤ ᠣᠷᠣᠭᠤᠯᠤᠨ᠎ᠠ᠃    ︵ᠬᠤᠶᠠᠷ︶ ᠡᠷᠡᠭᠦᠯᠵᠢᠭᠦᠯᠬᠦ ᠬᠥᠮᠦᠵᠢᠯ ᠤᠨ ᠵᠣᠯᠭᠠᠯᠲᠠ ᠶᠢ ᠰᠠᠶᠢᠲᠤᠷ ᠬᠢᠬᠦ ᠬᠡᠷᠡᠭᠲᠡᠶ᠃ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠪᠣᠯᠤᠨ ᠡᠮ ᠡᠮᠨᠡᠯᠭᠡ᠂  ᠡᠷᠡᠬᠦᠯᠵᠢᠬᠦᠯᠬᠦ ᠪᠠᠶᠢᠭᠤᠯᠤᠮᠵᠢ ᠶᠢᠨ ᠬᠠᠮᠳᠣᠷᠠᠯᠴᠠᠭᠠᠨ ᠤ ᠳᠦᠷᠢᠮ ᠢ ᠨᠠᠶᠢᠳᠠᠪᠣᠷᠢᠵᠢᠭᠤᠯᠵᠣ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠡᠷᠡᠬᠦᠯᠵᠢᠬᠦᠯᠬᠦ ᠪᠠᠶᠢᠭᠤᠯᠤᠮᠵᠢ ᠶᠢᠨ ᠬᠤᠭᠤᠷᠣᠨᠳᠣᠬᠢ ᠡᠬᠢ ᠪᠠᠶᠠᠯᠢᠭ ᠢ ᠬᠠᠮᠲᠤᠪᠠᠷ ᠡᠳ᠋ᠯᠡᠬᠦ ᠠᠷᠭ᠎ᠠ ᠬᠡᠯᠪᠡᠷᠢ ᠪᠠ ᠰᠣᠪᠠᠭ ᠢ ᠰᠦᠪᠡᠭᠴᠢᠯᠡᠵᠦ᠂ ᠵᠡᠮᠳᠡᠭ ᠬᠡᠤᠬᠡᠳ ᠪᠠ ᠰᠣᠷᠣᠭᠴᠢᠳ ᠲᠤ ᠬᠠᠨᠳᠣᠯᠭᠠᠳᠣ ᠴᠢᠨᠠᠷ ᠲᠠᠢ ᠪᠠᠷ ᠣᠨᠴᠠᠭᠠᠶ ᠰᠤᠷᠭᠠᠨ ᠬᠥᠮᠦᠵᠢᠯ ᠪᠣᠯᠤᠨ ᠡᠷᠡᠭᠦᠯᠵᠢᠯ ᠤᠨ ᠪᠣᠯᠪᠠᠰᠤᠷᠠᠯ ᠬᠦᠷᠳᠡᠬᠡᠵᠦ᠂ ᠡᠮᠴᠢᠯᠡᠬᠡᠨ ᠪᠠ ᠰᠤᠷᠭᠠᠨ ᠬᠥᠮᠦᠵᠢᠯ᠂ ᠡᠷᠡᠭᠦᠯᠵᠢᠯ ᠪᠡ ᠰᠤᠷᠭᠠᠨ ᠬᠥᠮᠦᠵᠢᠯ ᠢ ᠤᠶᠠᠯᠳᠤᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃     ︵ᠭᠤᠷᠪᠠ︶ ᠦᠨᠳᠦᠰᠦᠨ ᠡᠮ ᠡᠮᠨᠡᠯᠬᠡ ᠶᠢᠨ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭ᠎ᠠ ᠶᠢᠨ ᠲᠦᠷᠢᠮ ᠯᠦᠭᠡ ᠵᠣᠯᠭᠠᠭᠤᠯᠬᠤ ᠶᠢ ᠴᠢᠩᠭᠠᠳᠬᠠᠨ᠎ᠠ᠃ ᠨᠢᠭᠡᠨᠲᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠭᠰᠠᠨ ᠵᠢᠴᠢ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠲᠥᠷᠥᠯ  ᠵᠦᠢᠯ ᠳᠤ ᠣᠷᠣᠭᠤᠯᠣᠭᠰᠠᠨ ᠡᠷᠡᠭᠦᠯᠵᠢᠭᠦᠯᠬᠦ ᠦᠢᠯᠡᠴᠢᠯᠡᠬᠡᠨ ᠤ ᠲᠥᠷᠥᠯ ᠵᠦᠢᠯ ᠢ ᠡᠮᠨᠡᠯᠭᠡ ᠶᠢᠨ ᠳᠠᠭᠠᠳᠬᠠᠯ ᠪᠤᠶᠤ ᠪᠤᠰᠤᠳ ᠠᠪᠤᠷᠠᠨ ᠲᠤᠰᠠᠯᠠᠬᠤ ᠲᠥᠷᠥᠯ ᠵᠦᠢᠯ ᠤᠨ ᠪᠡᠯᠡ ᠮᠥᠩᠭᠦ ᠠᠴᠠ ᠲᠣᠭᠲᠠᠭᠠᠯ ᠶᠣᠰᠣᠭᠠᠷ ᠤᠷᠢᠳᠠᠪᠠᠷ ᠳ᠋ᠦᠩᠨᠡᠨ ᠪᠣᠳᠣᠵᠤ᠂ ᠬᠤᠰᠢᠭᠤᠨ ᠤ ᠡᠳ᠋ ᠤᠨ ᠵᠠᠰᠠᠭ ᠠᠴᠠ ᠵᠠᠷᠤᠯᠭ᠎ᠠ ᠶᠢᠨ ᠪᠠᠶᠢᠳᠠᠯ ᠪᠣᠯᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠦᠨᠳᠦᠰᠦᠯᠡᠨ ᠲᠣᠭᠲᠠᠭᠰᠠᠨ ᠨᠣᠷᠮ᠎ᠠ ᠪᠤᠶᠤ ᠵᠥᠷᠢᠶᠡᠲᠦ ᠲᠣᠭᠠᠨ ᠤ ᠨᠥᠬᠦᠪᠥᠷᠢ ᠥᠭᠴᠦ᠂ ᠬᠡᠲᠦᠷᠡᠭᠰᠡᠨ ᠬᠡᠰᠡᠭ ᠢ ᠵᠡᠮᠳᠡᠭ ᠬᠡᠦᠬᠡᠳ ᠤᠨ ᠭᠡᠷ ᠪᠦᠯᠢ ᠠᠴᠠ ᠥᠪᠡᠷᠲᠡᠭᠡᠨ ᠡᠭᠦᠷᠭᠡᠯᠡᠨ᠎ᠡ᠃     ︵ᠳᠥᠷᠪᠡ︶ ᠵᠠᠷᠤᠳᠠᠯ ᠤᠨ ᠪᠠᠲᠤᠯᠠᠭ᠎ᠠ᠃ ᠬᠥᠯᠥᠨ ᠪᠤᠶᠢᠷ ᠬᠤᠲᠠ ᠠᠴᠠ ᠲᠥᠪ ᠤᠨ ᠡᠳ᠋ ᠤᠨ ᠵᠠᠰᠠᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠦᠬᠦᠪᠦᠷᠢ ᠮᠥᠩᠭᠦ ᠶᠢ ᠠᠰᠢᠭᠯᠠᠨ᠂ ᠮᠠᠨ ᠤ ᠬᠤᠰᠢᠭᠤᠨ ᠤ ᠣᠳᠣᠬᠠᠨ ᠤ ᠶᠠᠳᠠᠭᠤ ᠬᠦᠴᠢᠷᠳᠡᠯᠲᠡᠶ ᠵᠡᠮᠳᠡᠭ ᠬᠡᠤᠬᠡᠳ ᠢ ᠡᠷᠡᠬᠦᠯᠵᠢᠬᠦᠯᠬᠦ ᠪᠣᠯᠪᠠᠰᠤᠷᠠᠯ ᠳᠤ ᠨᠥᠬᠦᠪᠥᠷᠢ ᠥᠭᠭᠦᠨ᠎ᠡ︔ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠵᠡᠮᠳᠡᠭ ᠬᠡᠤᠬᠡᠳ ᠢ ᠡᠷᠡᠬᠦᠯᠵᠢᠬᠦᠯᠬᠦ ᠲᠣᠰᠠᠯᠠᠮᠵᠢ ᠶᠢᠨ ᠪᠡᠯᠡ ᠮᠥᠩᠭᠦ ᠶᠢ ᠵᠠᠰᠠᠭ ᠤᠨ ᠣᠷᠳᠣᠨ ᠤ ᠲᠥᠰᠦᠪ ᠲᠤ ᠣᠷᠣᠭᠤᠯᠵᠤ᠂ ᠣᠨᠴᠠᠭᠠᠢ ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭ ᠬᠡᠤᠬᠡᠳ ᠲᠤ ᠥᠪᠡᠷᠲᠡᠭᠡᠨ ᠵᠠᠰᠠᠬᠤ ᠣᠷᠣᠨ᠂ ᠬᠥᠯᠥᠨ ᠪᠣᠶᠢᠷ ᠬᠤᠲᠠ ᠠᠴᠠ ᠦᠭᠬᠦ ᠨᠥᠬᠦᠪᠥᠷᠢ ᠶᠢᠨ ᠰᠠᠭᠤᠷᠢᠨ ᠳᠡᠭᠡᠷ᠎ᠡ ᠨᠥᠬᠦᠪᠥᠷᠢ ᠣᠯᠭᠤᠨ᠎ᠠ᠃     ᠳᠥᠷᠪᠡ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠵᠡᠮᠳᠡᠭ ᠬᠡᠤᠬᠡᠳ ᠢ ᠡᠷᠡᠬᠦᠯᠵᠢᠬᠦᠯᠬᠦ ᠲᠣᠰᠠᠯᠠᠯᠲᠠ ᠶᠢᠨ ᠠᠵᠢᠯ ᠳᠤ ᠵᠠᠰᠠᠭ ᠤᠨ ᠣᠷᠳᠣᠨ ᠤ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠠᠴᠠ ᠠᠪᠤᠷᠠᠨ ᠲᠤᠰᠠᠯᠠᠬᠤ ᠠᠵᠢᠯ ᠢ ᠵᠠᠰᠠᠭ ᠤᠨ ᠣᠷᠳᠣᠨ ᠤ ᠬᠠᠷᠠᠯᠲᠠᠲᠤ ᠬᠠᠮᠢᠶᠠᠷᠤᠯᠲᠠ ᠪᠠ ᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠬᠤᠰᠢᠭᠤᠨ  ᠤ ᠵᠠᠰᠠᠭ ᠤᠨ ᠣᠷᠳᠣᠨ ᠤ ᠵᠡᠮᠳᠡᠭᠴᠦᠳ ᠤᠨ ᠠᠵᠢᠯ ᠤᠨ ᠵᠥᠪᠯᠡᠯ ᠠᠴᠠ ᠪᠦᠬᠦ ᠬᠤᠰᠢᠭᠤᠨ ᠤ ᠵᠡᠮᠳᠡᠭ ᠬᠡᠦᠬᠡᠳ ᠢ ᠡᠷᠡᠬᠦᠯᠵᠢᠬᠦᠯᠬᠦ ᠲᠣᠰᠠᠯᠠᠮᠵᠢ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ︔ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠤᠨ ᠠᠵᠢᠯ ᠤᠨ ᠠᠪᠤᠷᠠᠨ ᠲᠤᠰᠠᠯᠠᠬᠤ ᠠᠵᠢᠯ ᠢ ᠬᠠᠷᠢᠭᠤᠴᠠᠵᠤ᠂ ᠡᠯ᠎ᠡ ᠬᠤᠯᠪᠣᠭᠳᠠᠯ ᠪᠦᠬᠦᠢ ᠪᠦᠷᠢᠯᠳᠦᠬᠦᠨ ᠨᠢᠬᠡᠴᠡ ᠲᠠᠢ ᠠᠵᠢᠯ ᠢᠶᠠᠨ ᠬᠤᠪᠢᠶᠠᠯᠴᠠᠨ ᠬᠠᠮᠵᠢᠯᠴᠠᠵᠣ ᠂ ᠨᠢᠬᠡᠳᠦᠯᠳᠡᠢ ᠲᠦᠯᠦᠪᠵᠢᠬᠦᠯᠬᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠵᠣᠬᠢᠴᠠᠭᠤᠯᠵᠣ᠂ ᠡᠷᠡᠭᠦᠯᠵᠢᠭᠦᠯᠬᠦ ᠠᠪᠣᠷᠠᠨ ᠲᠣᠰᠠᠯᠠᠬᠤ ᠠᠵᠢᠯ ᠢ ᠰᠠᠶ᠋ᠢ ᠲᠥᠷᠥᠭᠰᠡᠨ ᠬᠡᠤᠬᠡᠳ ᠵᠡᠮᠳᠡᠭ ᠪᠣᠯᠬᠤ ᠡᠪᠡᠳᠴᠢᠨ ᠬᠡᠮ ᠤᠨ ᠠᠩᠬᠠᠨ ᠤ ᠬᠤᠭᠤᠴᠠᠭᠠᠨ ᠳᠤ ᠡᠵᠡᠮᠳᠡᠬᠦ᠂ ᠵᠡᠮᠳᠡᠭᠴᠦᠳ ᠢ ᠣᠨᠣᠴᠠᠲᠠᠢ ᠪᠠᠷ ᠡᠷᠡᠭᠦᠯᠵᠢᠭᠦᠯᠬᠦ᠂ ᠣᠨᠴᠠᠭᠠᠢ ᠰᠤᠷᠭᠠᠨ ᠬᠥᠮᠦᠵᠢᠯ᠂ ᠨᠠᠶᠢᠳᠠᠨ ᠠᠰᠠᠷᠠᠭᠤᠯᠬᠤ ᠵᠡᠷᠭᠡ ᠲᠥᠷᠥ ᠶᠢᠨ ᠪᠣᠳᠣᠯᠭ᠎ᠠ ᠲᠠᠢ ᠪᠦᠲᠦᠮᠵᠢᠲᠡᠶ ᠵᠣᠯᠭᠠᠭᠤᠯᠵᠣ᠂ ᠵᠡᠮᠳᠡᠭ ᠬᠡᠤᠬᠡᠳ ᠲᠤ ᠪᠦᠬᠦ ᠶᠠᠪᠣᠴᠠ ᠶᠢᠨ ᠡᠷᠡᠭᠦᠯᠵᠢᠭᠦᠯᠬᠦ  ᠦᠢᠯᠡᠴᠢᠯᠡᠭᠡ ᠬᠦᠷᠲᠡᠭᠡᠬᠦ ᠶᠢ ᠪᠡᠶᠡᠯᠡᠭᠦᠯᠦᠨ᠎ᠡ᠃     ︵ᠬᠤᠶᠠᠷ︶ ᠲᠣᠭᠲᠠᠭᠰᠠᠨ ᠡᠷᠡᠭᠦᠯᠵᠢᠭᠦᠯᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠲᠠᠢ ᠵᠥᠪᠳᠡᠯᠴᠡᠨ ᠵᠡᠮᠳᠡᠭ ᠬᠡᠤᠬᠡᠳ ᠢ ᠡᠷᠡᠭᠦᠯᠵᠢᠭᠦᠯᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠷᠡᠬᠦᠯᠵᠢᠬᠦᠯᠬᠦ ᠪᠠᠶᠢᠭᠤᠯᠤᠮᠵᠢ ᠶᠢ ᠬᠢᠨᠠᠨ ᠬᠠᠮᠢᠶᠠᠷᠬᠤ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃ ᠢᠯᠡ ᠪᠠᠷ ᠰᠢᠯᠢᠳᠡᠭ ᠢ ᠨᠢ ᠰᠣᠩᠭᠤᠬᠤ ᠵᠠᠷᠴᠢᠮ ᠶᠣᠰᠣᠭᠠᠷ ᠵᠡᠮᠳᠡᠭ ᠬᠡᠤᠬᠡᠳ ᠢ ᠲᠣᠭᠲᠠᠭᠰᠠᠨ ᠡᠷᠡᠬᠦᠯᠵᠢᠬᠦᠯᠬᠦ ᠦᠢᠯᠡᠴᠢᠯᠡᠭᠡ ᠬᠠᠩᠭᠠᠬᠤ᠂ ᠦᠨᠡᠯᠡᠨ ᠵᠢᠱᠢᠬᠦ᠂ ᠣᠨᠣᠰᠢᠯᠠᠬᠤ ᠪᠠᠶᠢᠭᠤᠯᠤᠮᠵᠢ ᠶᠢ ᠰᠣᠩᠭᠤᠨ ᠲᠣᠭᠲᠠᠭᠠᠨ᠎ᠠ᠃ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ᠂ ᠤᠬᠤᠷᠢᠨ ᠭᠠᠷᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ᠂ ᠶᠡᠷᠦᠩᠬᠡᠶᠢᠯᠡᠨ ᠦᠨᠡᠯᠡᠬᠦ ᠲᠣᠭᠲᠠᠴᠠ ᠶᠢ ᠪᠠᠶᠢᠭᠤᠯᠵᠤ᠂ ᠲᠣᠭᠲᠠᠭᠰᠠᠨ ᠡᠷᠡᠭᠦᠯᠵᠢᠭᠦᠯᠬᠦ ᠪᠠᠶᠢᠭᠤᠯᠤᠮᠵᠢ ᠶᠢ ᠵᠢᠯᠣᠭᠤᠳᠤᠨ ᠳᠣᠲᠣᠭᠠᠳᠤ ᠶᠢᠨ ᠬᠠᠮᠢᠶᠠᠷᠤᠯᠲᠠ ᠶᠢ ᠵᠢᠷᠣᠮᠵᠢᠭᠤᠯᠵᠣ᠂ ᠦᠢᠯᠡᠴᠢᠯᠡᠬᠡᠨ ᠤ ᠶᠠᠰᠤ ᠴᠢᠨᠠᠷ ᠢ ᠰᠠᠶᠢᠵᠢᠷᠠᠭᠤᠯᠤᠨ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠣᠯᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠢ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠵᠦ᠂ ᠵᠡᠮᠳᠡᠭ ᠬᠡᠤᠬᠡᠳ ᠤᠨ ᠪᠡᠶ᠎ᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠡᠷᠡᠭᠦᠯᠵᠢᠭᠦᠯᠬᠦ ᠪᠠᠶᠢᠭᠤᠯᠤᠮᠵᠢ᠂ ᠠᠵᠢᠯ ᠡᠷᠬᠢᠯᠡᠭᠰᠡᠳ ᠪᠠ ᠠᠪᠤᠷᠠᠨ ᠲᠤᠰᠠᠯᠠᠬᠤ ᠡᠲᠡᠭᠡᠳ ᠤᠨ ᠭᠡᠷ ᠪᠦᠯᠢ ᠶᠢ ᠬᠠᠮᠤᠷᠤᠭᠰᠠᠨ ᠦᠨᠡᠨᠴᠢ ᠢᠲᠡᠭᠡᠮᠵᠢ ᠶᠢᠨ ᠦᠨᠡᠯᠡᠯᠲᠡ ᠪᠠ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠬᠠᠷ᠎ᠠ ᠳᠠᠩᠰᠠ ᠶᠢᠨ ᠲᠦᠷᠢᠮ ᠢ ᠪᠠᠶᠢᠭᠤᠯᠵᠤ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠰᠠᠶᠢᠳᠣᠷ ᠳᠡᠮᠳᠡᠭᠯᠡᠨ ᠡᠮᠬᠢᠳᠬᠡᠵᠦ᠂ ᠮᠡᠳᠡᠭᠡ ᠵᠠᠩᠭᠢ ᠢᠶᠠᠨ ᠰᠣᠯᠢᠯᠴᠠᠨ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠬᠠᠮᠢᠶᠠᠷᠤᠯᠲᠠ ᠠᠨᠠᠶ᠂ ᠡᠷᠡᠭᠦᠯᠵᠢᠭᠦᠯᠬᠦ ᠮᠡᠷᠭᠡᠵᠢᠯ ᠤᠨ ᠶᠠᠪᠤᠴᠠ ᠠᠴᠠ ᠵᠥᠷᠢᠴᠡᠭᠰᠡᠨ᠂ ᠡᠷᠡᠭᠦᠯᠵᠢᠬᠦ ᠦᠷ᠎ᠡ ᠪᠦᠲᠦᠮᠵᠢ ᠨᠢ ᠲᠣᠭᠲᠠᠭᠰᠠᠨ ᠪᠠᠷᠢᠮᠵᠢᠶ᠎ᠠ ᠳᠤ ᠬᠦᠷᠬᠦ ᠦᠭᠡᠶ ᠪᠤᠶᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠲᠣᠭᠲᠠᠭᠰᠠᠨ ᠡᠷᠡᠭᠦᠯᠵᠢᠭᠦᠯᠬᠦ ᠪᠠᠶᠢᠭᠤᠯᠤᠮᠵᠢ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ  ᠵᠠᠰᠠᠵᠣ ᠴᠡᠭᠴᠡᠯᠡᠨ ᠥᠭᠡᠷᠡᠴᠢᠯᠡᠭᠰᠡᠨ ᠤ ᠳᠠᠷᠠᠭ᠎ᠠ ᠮᠥᠨ ᠬᠦ ᠲᠣᠭᠲᠠᠭᠠᠭᠰᠠᠨ ᠪᠠᠷᠢᠮᠵᠢᠶ᠎ᠠ ᠳᠤ ᠬᠦᠷᠴᠦ ᠳᠡᠶᠢᠯᠬᠦ ᠥᠬᠡᠶ ᠪᠣᠯ ᠲᠣᠭᠲᠠᠭᠰᠠᠨ ᠡᠷᠡᠬᠦᠯᠵᠢᠬᠦᠯᠬᠦ ᠪᠠᠶᠢᠭᠤᠯᠤᠮᠵᠢ ᠶᠢᠨ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃     ︵ᠭᠤᠷᠪᠠ︶ ᠡᠷᠡᠭᠦᠯᠵᠢᠭᠦᠯᠬᠦ ᠲᠣᠰᠠᠯᠠᠮᠵᠢ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠡᠮᠳᠡᠭ ᠬᠡᠦᠬᠡᠳ ᠢ ᠡᠷᠡᠬᠦᠯᠵᠢᠬᠦᠯᠬᠦ ᠲᠣᠰᠠᠯᠠᠮᠵᠢ ᠶᠢᠨ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠬᠢᠨᠠᠯᠲᠠ ᠪᠠᠶᠢᠴᠠᠭᠠᠯᠲᠠ ᠬᠢᠬᠦ ᠪᠠᠨ ᠴᠢᠩᠭᠠᠳᠬᠠᠵᠤ᠂ ᠵᠡᠮᠳᠡᠭ ᠬᠡᠤᠬᠡᠳ ᠢ ᠡᠷᠡᠬᠦᠯᠵᠢᠬᠦᠯᠬᠦ ᠲᠣᠰᠠᠯᠠᠮᠵᠢ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠰᠠᠶᠢᠳᠣᠷ ᠬᠡᠷᠡᠭᠯᠡᠵᠦ᠂ ᠰᠢᠬᠠᠨ ᠡᠵᠡᠯᠡᠬᠦ ᠂ ᠨᠡᠭᠦᠯᠭᠡᠨ ᠬᠡᠷᠡᠭᠯᠡᠬᠦ᠂ ᠮᠡᠬᠡᠯᠡᠨ ᠠᠪᠬᠤ ᠵᠡᠷᠭᠡ ᠬᠠᠤᠯᠢ ᠲᠣᠭᠲᠠᠭᠠᠯ ᠠᠴᠠ ᠵᠦᠷᠢᠴᠡᠭᠰᠡᠨ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠵᠡᠮᠳᠡᠭ ᠬᠡᠦᠬᠡᠳ ᠢ ᠡᠷᠡᠭᠦᠯᠵᠢᠭᠦᠯᠬᠦ ᠲᠣᠰᠠᠯᠠᠯᠲᠠ ᠬᠢᠭᠰᠡᠨ ᠪᠠ ᠪᠡᠯᠡ ᠮᠥᠩᠭᠦ  ᠴᠣᠭᠯᠠᠭᠤᠯᠣᠨ ᠬᠤᠪᠢᠶᠠᠷᠢᠯᠠᠵᠤ ᠬᠡᠷᠡᠭᠯᠡᠭᠰᠡᠨ ᠪᠠᠶᠢᠳᠠᠯ ᠢ ᠲᠣᠭᠲᠠᠭᠠᠯ ᠶᠣᠰᠣᠭᠠᠷ ᠲᠣᠭᠲᠠᠭᠰᠠᠨ ᠬᠤᠭᠤᠴᠠᠭᠠᠨ ᠳᠤ ᠨᠡᠶᠢᠭᠡᠮ ᠳᠤ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃     ︵ᠳᠦᠷᠪᠡ︶ ᠤᠬᠠᠭᠤᠯᠤᠨ ᠳᠠᠶᠢᠴᠢᠯᠠᠬᠤ ᠶᠢ ᠴᠢᠩᠭᠠᠳᠬᠠᠨ᠎ᠠ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠡᠮᠳᠡᠭ ᠬᠡᠤᠬᠡᠳ ᠢ ᠡᠷᠡᠬᠦᠯᠵᠢᠬᠦᠯᠬᠦ ᠲᠣᠰᠠᠯᠠᠯᠲᠠ ᠶᠢᠨ ᠳᠦᠷᠢᠮ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠣᠯᠤᠨ ᠤᠬᠠᠭᠤᠯᠭ᠎ᠠ ᠶᠢ ᠢᠳᠡᠪᠬᠢᠲᠡᠶ ᠰᠠᠶᠢᠲᠤᠷ ᠬᠢᠵᠦ᠂ ᠵᠡᠮᠳᠡᠭ ᠬᠡᠤᠬᠡᠳ ᠤᠨ ᠠᠰᠠᠷᠠᠨ ᠬᠠᠷᠠᠭᠠᠯᠵᠠᠭᠴᠢ ᠶᠢ ᠬᠠᠪᠰᠤᠷᠤᠨ ᠬᠠᠮᠢᠶ᠎ᠠ ᠪᠦᠬᠦᠢ ᠠᠭᠤᠯᠭ᠎ᠠ ᠶᠢ ᠣᠨᠣᠪᠴᠢᠲᠠᠶ ᠮᠡᠳᠡᠬᠦᠯᠵᠦ᠂ ᠭᠤᠶᠤᠴᠢᠯᠠᠬᠤ ᠦᠨᠳᠦᠰᠦᠨ ᠳᠡᠰ ᠳᠠᠷᠠᠭᠠᠯᠠᠯ ᠪᠠ ᠱᠠᠭᠠᠷᠳᠠᠯᠭ᠎ᠠ ᠶᠢ ᠣᠶᠢᠯᠠᠭᠠᠭᠤᠯᠬᠤ ᠬᠡᠷᠡᠭᠲᠡᠶ᠃ ᠪᠦᠬᠦ ᠨᠡᠶᠢᠭᠡᠮ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠵᠡᠮᠳᠡᠭ ᠪᠣᠯᠬᠤ ᠶᠢ ᠰᠡᠷᠭᠡᠶᠢᠯᠡᠬᠦ ᠪᠠ ᠡᠷᠡᠭᠦᠯᠵᠢᠭᠦᠯᠬᠦ ᠪᠣᠯᠪᠠᠰᠣᠷᠠᠯ ᠬᠢᠬᠦ ᠤᠬᠠᠮᠰᠠᠷ ᠢ ᠨᠢ ᠴᠢᠩᠭᠠᠷᠠᠭᠤᠯᠵᠤ᠂ ᠵᠡᠮᠳᠡᠭ ᠬᠡᠤᠬᠡᠳ ᠢ ᠡᠷᠡᠬᠦᠯᠵᠢᠬᠦᠯᠬᠦ ᠲᠣᠰᠠᠯᠠᠯᠲᠠ ᠶᠢᠨ ᠠᠵᠢᠯ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃    ᠬᠤᠰᠢᠭᠤᠨ ᠤ ᠵᠡᠮᠳᠡᠭ ᠬᠡᠤᠬᠡᠳ ᠢ ᠡᠷᠡᠬᠦᠯᠵᠢᠬᠦᠯᠬᠦ ᠠᠪᠤᠷᠠᠨ ᠲᠤᠰᠠᠯᠠᠬᠤ ᠲᠦᠷᠢᠮ ᠢ 2021 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠴᠢᠬᠤᠯᠠ ᠶᠡᠭᠡ ᠪᠠᠶᠢᠳᠠᠯ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃    ᠳᠠᠭᠠᠯᠳᠤᠭᠤᠯᠤᠯ᠄ 1. ᠡᠸᠡᠩᠬᠢ ᠬᠤᠰᠢᠭᠤᠨ ᠤ ᠵᠡᠮᠳᠡᠭ ᠬᠡᠤᠬᠡᠳ ᠤᠨ ᠦᠨᠳᠦᠰᠦᠨ ᠡᠷᠡᠬᠦᠯᠵᠢᠯ ᠤᠨ ᠦᠢᠯᠡᠴᠢᠯᠡᠬᠡᠨ ᠤ ᠲᠥᠷᠥᠯ ᠵᠦᠢᠯ ᠵᠢᠴᠢ ᠨᠦᠬᠦᠪᠦᠷᠢ ᠶᠢᠨ ᠪᠠᠷᠢᠮᠵᠢᠶ᠎ᠠ                2. ᠡᠸᠡᠩᠬᠢ ᠬᠤᠰᠢᠭᠤᠨ ᠤ ᠵᠡᠮᠳᠡᠭ ᠬᠡᠤᠬᠡᠳ ᠤᠨ ᠦᠨᠳᠦᠰᠦᠨ ᠡᠷᠡᠬᠦᠯᠵᠢᠯ ᠤᠨ ᠦᠢᠯᠡᠴᠢᠯᠡᠬᠡᠨ ᠤ ᠨᠥᠬᠦᠪᠥᠷᠢ ᠭᠤᠶᠣᠴᠢᠯᠠᠬᠤ ᠬᠢᠨᠠᠨ ᠵᠥᠪᠰᠢᠶᠡᠷᠡᠭᠦᠯᠬᠦ ᠬᠦᠰᠦᠨᠦᠭᠲᠦ
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号