ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠠᠰᠢᠨ ᠪᠠᠭᠠᠵᠢ ᠶᠢᠨ ᠲᠥᠷᠥᠯ ᠵᠦᠢᠯ ᠤᠨ ᠬᠡᠪᠴᠢᠶ᠎ᠡ ᠵᠢᠴᠢ ᠨᠥᠬᠦᠪᠥᠷᠢ ᠦᠭᠬᠦ ᠲᠤᠭ᠎ᠠ ᠶᠢᠨ ᠨᠠᠷᠢᠨ ᠬᠦᠰᠦᠨᠦᠭᠲᠦ ︵2020 ᠤᠨ ᠤ ᠲᠣᠬᠢᠷᠠᠭᠤᠯᠤᠯᠲᠠ︶ ᠶᠢᠨ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2020/4/13
  ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠦᠷᠦ ᠶᠢᠨ ᠪᠣᠳᠣᠯᠭ᠎ᠠ ᠶᠢᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠥᠷᠭᠡᠨ ᠢᠶᠠᠷ ᠰᠠᠨᠠᠯ ᠬᠤᠷᠢᠶᠠᠬᠤ ᠪᠠ ᠵᠠᠷᠯᠠᠨ ᠨᠡᠶᠢᠲᠡᠯᠡᠭᠰᠡᠨ ᠰᠠᠭᠤᠷᠢᠨ ᠳᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2018-2020 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠠᠰᠢᠨ ᠪᠠᠭᠠᠵᠢ ᠶᠢᠨ ᠲᠥᠷᠥᠯ ᠵᠦᠢᠯ ᠤᠨ ᠬᠡᠪᠴᠢᠶ᠎ᠡ ︵2020 ᠣᠨ ᠤ ᠲᠣᠬᠢᠷᠠᠭᠤᠯᠤᠯᠲᠠ︶︾ ᠵᠢᠴᠢ ᠨᠥᠬᠦᠪᠥᠷᠢ ᠥᠭᠬᠦ ᠲᠤᠭ᠎ᠠ ᠶᠢᠨ ᠨᠠᠷᠢᠨ ᠬᠦᠰᠦᠨᠦᠭᠲᠦ ᠶᠢ ᠪᠦᠷᠢᠯᠳᠦᠭᠦᠯᠦᠭᠡᠳ᠂ ᠡᠳᠦᠭᠡ ᠵᠠᠷᠯᠠᠪᠠ᠃ ᠨᠠᠷᠢᠨ ᠬᠦᠰᠦᠨᠦᠭᠲᠦ ᠳᠠᠬᠢ ᠨᠥᠬᠦᠪᠥᠷᠢ ᠥᠭᠬᠦ ᠲᠤᠭ᠎ᠠ ᠨᠢ ᠴᠥᠮ ᠠᠳᠠᠯᠢ ᠲᠡᠰ ᠤᠨ ᠪᠦᠲᠦᠭᠡᠭᠳᠡᠬᠦᠨ ᠤ ᠬᠠᠮᠤᠭ ᠤᠨ ᠦᠨᠳᠦᠷ ᠨᠥᠬᠦᠪᠥᠷᠢ ᠦᠭᠬᠦ ᠲᠤᠭ᠎ᠠ ᠪᠣᠯᠤᠨ᠎ᠠ᠂ ᠪᠣᠳᠠᠲᠠᠶ ᠬᠡᠷᠡᠭᠵᠢᠭᠦᠯᠬᠦ ᠶᠠᠪᠤᠴᠠ ᠳᠤ ᠡᠭᠦᠨ ᠠᠴᠠ ᠳᠠᠪᠠᠵᠤ ᠪᠣᠯᠬᠤ ᠦᠭᠡᠢ︔ ᠡᠭᠦᠨ ᠤ ᠬᠠᠮᠲᠤ ᠵᠠᠬ᠎ᠠ ᠳᠡᠯᠭᠡᠭᠦᠷ ᠤᠨ ᠥᠷᠢᠰᠥᠯᠳᠦᠭᠡᠨ ᠵᠢᠴᠢ ᠬᠢᠵᠢᠭ ᠤᠨ ᠪᠠᠶᠢᠳᠠᠯ ᠤᠨ ᠨᠥᠯᠥᠭᠡ ᠵᠡᠷᠭᠡ ᠬᠦᠴᠦᠨ ᠵᠦᠢᠯ ᠢ ᠪᠣᠳᠣᠯᠬᠢᠯᠠᠨ᠂ 2020 ᠣᠨ ᠳᠤ ︵ᠥᠪᠥᠷ ᠲᠠᠷᠢᠶᠠᠯᠠᠩ ᠮᠠᠯ ᠮᠠᠰᠢᠨ ᠲᠠᠷᠬᠠᠭᠠᠭᠰᠠᠨ︹2010︺ 41 ᠳ᠋ᠦ᠋ᠭᠡᠷ ᠲᠣᠭᠠᠲᠤ︶ ᠲᠥᠪ ᠤᠨ ᠡᠳ᠋ ᠤᠨ ᠵᠠᠰᠠᠭ ᠤᠨ ᠨᠦᠬᠦᠪᠦᠷᠢ ᠶᠢᠨ ᠬᠠᠮᠤᠭ ᠤᠨ ᠥᠨᠳᠥᠷ ᠬᠠᠷᠢᠴᠠᠯ ᠤᠨ ᠳᠡᠭᠡᠳᠦ ᠬᠢᠵᠠᠭᠠᠷ ᠤᠨ ᠲᠤᠬᠠᠶ ᠲᠣᠭᠲᠠᠭᠠᠭᠰᠠᠨ ᠵᠦᠢᠯ ᠵᠤᠷᠪᠤᠰ ᠢ ᠲᠦᠷ ᠬᠤᠶᠢᠰᠢᠯᠠᠭᠤᠯᠤᠨ ᠬᠡᠷᠡᠭᠵᠢᠭᠦᠯᠵᠦ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢᠨ ᠬᠠᠮᠤᠭ ᠤᠨ ᠥᠨᠳᠥᠷ ᠬᠠᠷᠢᠴᠠᠯ ᠢ ᠮᠥᠨ ᠯᠡ 39% ᠠᠴᠠ ᠥᠨᠳᠥᠷ ᠪᠠᠶᠢᠯᠭᠠᠬᠤ ᠦᠭᠡᠢ ᠪᠠᠷ ᠬᠡᠷᠡᠭᠵᠢᠭᠦᠯᠦᠨ᠎ᠡ᠃ ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2018 - 2020 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠦᠭᠬᠦ ᠮᠠᠰᠢᠨ ᠪᠠᠭᠠᠵᠢ ᠶᠢᠨ ᠲᠥᠷᠥᠯ ᠵᠦᠢᠯ ᠤᠨ ᠬᠡᠪᠴᠢᠶ᠎ᠡ ︵2020 ᠣᠨ ᠤ ᠲᠣᠬᠢᠷᠠᠭᠤᠯᠤᠯᠲᠠ︶ 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2018- 2020 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠠᠰᠢᠨ ᠪᠠᠭᠠᠵᠢ ᠶᠢᠨ ᠨᠥᠬᠦᠪᠥᠷᠢ ᠦᠭᠬᠦ ᠲᠤᠭ᠎ᠠ ᠶᠢᠨ ᠨᠠᠷᠢᠨ ᠬᠦᠰᠦᠨᠦᠭᠲᠦ ︵2020 ᠣᠨ ᠤ ᠲᠣᠬᠢᠷᠠᠭᠤᠯᠤᠯᠲᠠ︶ 3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019-2020 ᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠠᠰᠢᠨ ᠪᠠᠭᠠᠵᠢ ᠶᠢᠨ ᠨᠥᠬᠦᠪᠥᠷᠢ ᠦᠭᠬᠦ ᠲᠤᠭ᠎ᠠ ᠶᠢᠨ ᠨᠠᠷᠢᠨ ᠬᠦᠰᠦᠨᠦᠭᠲᠦ ︵ᠤᠷᠭᠤᠮᠠᠯ ᠢ ᠬᠠᠮᠠᠭᠠᠯᠠᠬᠤ ᠵᠢᠯᠤᠭᠤᠴᠢ ᠥᠬᠡᠶ ᠨᠢᠰᠬᠡᠯ᠂ ᠲᠠᠷᠢᠶᠠᠯᠠᠩ ᠤᠨ ᠮᠠᠰᠢᠨ ᠤ ᠰᠢᠨ᠎ᠡ ᠪᠦᠲᠦᠭᠡᠭᠳᠡᠬᠦᠨ︶ ︵2020 ᠣᠨ ᠤ ᠲᠣᠬᠢᠷᠠᠭᠤᠯᠤᠯᠲᠠ︶ 4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠠᠰᠢᠨ ᠪᠠᠭᠠᠵᠢ ᠶᠢᠨ ᠨᠥᠬᠦᠪᠥᠷᠢ ᠦᠭᠬᠦ ᠲᠤᠭ᠎ᠠ ᠶᠢᠨ ᠨᠠᠷᠢᠨ ᠬᠦᠰᠦᠨᠦᠭᠲᠦ ︵ᠥᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠪᠠᠯᠠ ᠮᠥᠩᠭᠦ ᠶᠢᠨ ᠲᠤᠰᠠᠭᠠᠷ ᠨᠥᠬᠦᠪᠥᠷᠢ︶ ︵2020 ᠣᠨ ᠤ ᠲᠣᠬᠢᠷᠠᠭᠤᠯᠤᠯᠲᠠ︶ ᠳᠠᠭᠠᠯᠳᠤᠭᠤᠯᠤᠯ 1᠄ 2018-2020 ᠤᠨ ᠤ ᠦᠪᠦᠷ ᠮᠤᠩᠭᠤᠯ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠦᠬᠦᠪᠦᠷᠢ ᠦᠭᠬᠦ ᠮᠠᠰᠢᠨ ᠪᠠᠭᠠᠵᠢ ᠶᠢᠨ ᠲᠦᠷᠦᠯ ᠵᠦᠢᠯ ᠤᠨ ᠬᠡᠪᠴᠢᠶ᠎ᠡ ︵2020 ᠤᠨ ᠤ ᠲᠤᠬᠢᠷᠠᠭᠤᠯᠤᠯᠲᠠ︶ .docx ᠳᠠᠭᠠᠯᠳᠤᠭᠤᠯᠤᠯ 2-4᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2018-2020 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠠᠰᠢᠨ ᠪᠠᠭᠠᠵᠢ ᠶᠢᠨ ᠨᠥᠬᠦᠪᠥᠷᠢ ᠦᠭᠬᠦ ᠲᠤᠭ᠎ᠠ ᠶᠢᠨ ᠨᠠᠷᠢᠨ ᠬᠦᠰᠦᠨᠦᠭᠲᠦ ︵2020 ᠣᠨ ᠤ ᠲᠣᠬᠢᠷᠠᠭᠤᠯᠤᠯᠲᠠ︶
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号